ᠰᠠᠪᠬ᠎ᠠ ᠪᠠᠨ ᠤᠬᠢᠶᠠᠭᠠᠳ ᠦᠵᠤᠬᠦᠷ ᠢ ᠨᠢ ᠳᠡᠭᠡᠭᠰᠢ ᠨᠢ ᠬᠠᠷᠠᠭᠤᠯᠵᠤ ᠲᠠᠯᠪᠢᠬᠤ ᠤᠤ ᠳᠣᠷᠣᠭᠰᠢ ᠨᠢ ᠬᠠᠷᠠᠭᠤᠯᠵᠤ ᠲᠠᠯᠪᠢᠬᠤ ᠤᠤ︖
ᠨᠡᠶᠢᠲᠡᠯᠡᠭᠰᠡᠨ ᠴᠠᠭ᠄
2023/10/18
   ᠰᠠᠪᠬ᠎ᠠ ᠪᠠᠨ ᠤᠬᠢᠶᠠᠭᠠᠳ ᠦᠵᠤᠬᠦᠷ ᠢ ᠨᠢ ᠳᠡᠭᠡᠭᠰᠢ ᠨᠢ ᠬᠠᠷᠠᠭᠤᠯᠵᠤ ᠲᠠᠯᠪᠢᠬᠤ ᠶᠤᠮ ᠤᠤ ᠳᠣᠷᠣᠭᠰᠢ ᠨᠢ ᠬᠠᠷᠠᠭᠤᠯᠵᠤ ᠲᠠᠯᠪᠢᠬᠤ ᠶᠤᠮ ᠤᠤ ︖ ᠭᠡᠳᠡᠭ ᠢ ᠤᠯᠠᠩᠬᠢ ᠬᠦᠮᠦᠨ ᠬᠠᠷᠢᠨ ᠲᠠᠭ ᠮᠡᠳᠡᠳᠡᠭ ᠦᠭᠡᠢ ᠃ ᠰᠠᠪᠬ᠎ᠠ ᠶᠢ ᠪᠢᠳᠠ ᠡᠳᠤᠷ ᠲᠤᠳᠤᠮ ᠤᠨ ᠠᠮᠢᠳᠤᠷᠠᠯ ᠲᠤᠮᠳᠠ ᠦᠷᠬᠦᠯᠵᠢ ᠭᠡᠷᠡᠭᠯᠡᠳᠡᠭ ᠃ ᠤᠰᠤ ᠪᠠᠷ ᠰᠠᠪᠬᠠᠨ ᠳᠡᠭᠡᠷᠡᠬᠢ ᠣᠯᠠᠩᠬᠢ ᠪᠠᠺᠲ᠋ᠧᠷᠢ ᠶᠢ ᠨᠢ ᠤᠬᠢᠶᠠᠵᠤ ᠴᠡᠪᠡᠷᠯᠡᠴᠢᠭᠡᠳᠡᠭ ᠪᠤᠯᠪᠠᠴᠤ ᠮᠦᠨ ᠦᠯᠡᠳᠡᠪᠤᠷᠢ ᠪᠠᠺᠲ᠋ᠧᠷᠢ ᠲᠠᠢ ᠪᠠᠶᠢᠳᠠᠭ ᠃    ᠡᠶᠢᠮᠦ ᠤᠴᠢᠷ ᠠᠴᠠ ᠰᠠᠪᠬ᠎ᠠ ᠪᠠᠨ ᠶᠠᠭᠠᠬᠢᠵᠤ ᠲᠠᠯᠪᠢᠬᠤ ᠲᠤᠬᠠᠢ ᠣᠨᠴᠠᠭᠠᠶᠢᠯᠠᠨ ᠠᠩᠬᠠᠷᠬᠤ ᠬᠡᠷᠡᠭᠲᠡᠶ ᠃ ᠵᠠᠷᠢᠮ ᠬᠥᠮᠦᠨ ᠦᠵᠤᠬᠦᠷ ᠢ ᠨᠢ ᠳᠡᠭᠡᠭᠰᠢ ᠨᠢ ᠬᠠᠷᠠᠭᠤᠯᠪᠠᠯ ᠨᠡᠩ ᠴᠡᠪᠡᠷ ᠭᠡᠬᠦ ᠳᠤ ᠂ ᠵᠠᠷᠢᠮ ᠨᠢ ᠦᠵᠤᠬᠦᠷ ᠢ ᠨᠢ ᠲᠤᠷᠤᠬᠰᠢ ᠨᠢ ᠬᠠᠷᠠᠭᠤᠯᠪᠠᠯ ᠨᠡᠩ ᠴᠡᠪᠡᠷ ᠭᠡᠵᠦ ᠦᠵᠡᠳᠡᠭ ᠃ ᠲᠡᠭᠡᠪᠡᠯ ᠴᠤᠬᠤᠮ ᠶᠠᠭᠠᠬᠢᠵᠤ ᠲᠠᠯᠪᠢᠪᠠᠯ ᠴᠡᠪᠡᠷ ᠪᠤᠢ ︖ ᠲᠠᠯᠪᠢᠬᠤ ᠳᠠᠭᠠᠨ ᠶᠠᠭᠤ ᠶᠢ ᠠᠩᠬᠠᠷᠪᠠᠯ ᠵᠤᠬᠢᠬᠤ ᠪᠣᠶ ︖    ᠦᠨᠡᠨ ᠳᠡᠭᠡᠨ ᠰᠠᠪᠬ᠎ᠠ ᠪᠠᠨ ᠤᠬᠢᠶᠠᠭᠠᠳ ᠦᠵᠤᠬᠦᠷ ᠢ ᠨᠢ ᠳᠣᠷᠣᠭᠰᠢ ᠨᠢ ᠬᠠᠷᠠᠭᠤᠯᠵᠤ ᠲᠠᠯᠪᠢᠬᠤ ᠨᠢ ᠶᠡᠭᠡ ᠪᠤᠵᠠᠷ ᠶᠤᠮ ᠃    ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠂ ᠰᠠᠪᠬᠠᠨ ᠤ ᠬᠤᠨᠭ᠍ᠬᠢᠶ᠎ᠠ ᠳᠤ ᠦᠵᠤᠬᠦᠷ ᠢ ᠨᠢ ᠲᠤᠷᠤᠬᠰᠢ ᠨᠢ ᠬᠠᠷᠠᠭᠤᠯᠵᠤ ᠲᠠᠯᠪᠢᠬᠰᠠᠨ ᠲᠣᠬᠢᠶᠠᠯᠳᠣᠯ ᠳᠤ ᠪᠠᠺᠲ᠋ᠧᠷᠢ ᠶᠢᠨ ᠪᠥᠭᠡᠮᠨᠡᠷᠡᠯ ᠤᠨ ᠶᠡᠷᠦᠩᠬᠡᠶ ᠲᠤᠭ᠎ᠠ ᠪᠠ ᠪᠦᠳᠦᠭᠦᠨ ᠭᠡᠳᠡᠰᠦᠨ ᠤ ᠪᠠᠺᠲ᠋ᠧᠷᠢ ᠶᠢᠨ ᠪᠦᠭᠡᠮᠨᠡᠷᠡᠯ ᠤᠨ ᠲᠤᠭ᠎ᠠ ᠬᠡᠮᠵᠢᠭᠳᠡᠯ ᠨᠢ ᠴᠥᠮ ᠮᠠᠰᠢ ᠥᠨᠳᠥᠷ ᠪᠠᠶᠢᠨ᠎ᠠ ᠃ ᠲᠡᠶᠢᠮᠦ ᠠᠴᠠ ᠰᠠᠪᠬ᠎ᠠ ᠪᠠᠨ ᠵᠠᠪᠠᠯ ᠳᠡᠭᠡᠭᠰᠢ ᠨᠢ ᠬᠠᠷᠠᠭᠤᠯᠵᠤ ᠲᠠᠯᠪᠢᠬᠤ ᠭᠡᠷᠡᠭᠳᠠᠢ ᠃ ᠡᠭᠦᠨ ᠠᠴᠠ ᠭᠠᠳᠠᠨ᠎ᠠ ᠤᠳᠠᠭᠠᠨ ᠡᠳᠤᠷ ᠬᠡᠷᠡᠭᠯᠡᠭᠰᠡᠨ ᠦᠭᠡᠢ ᠰᠠᠪᠬ᠎ᠠ ᠪᠠᠨ ᠪᠤᠴᠠᠯᠤᠭᠰᠠᠨ ᠤᠰᠤᠨ ᠳᠤ ᠳᠡᠪᠲᠦᠭᠡᠪᠠᠯ ᠰᠠᠪᠬᠠᠨ ᠳᠡᠭᠡᠷᠡᠬᠢ ᠪᠠᠺᠲ᠋ᠧᠷᠢ ᠶᠢ ᠨᠢ ᠠᠯᠠᠬᠤ ᠳᠤ ᠲᠤᠰᠠᠳᠠᠢ ᠶᠤᠮ ᠃    ᠵᠠᠷᠢᠮ ᠠᠶᠢᠯ ᠠᠷᠢᠭᠤᠨ ᠴᠡᠪᠡᠷ ᠢ ᠶᠡᠭᠡ ᠠᠩᠬᠠᠷᠳᠠᠭ ᠪᠤᠯᠬᠤᠷ ᠭᠡᠷ ᠲᠡᠭᠡᠨ ᠦᠪᠡᠷ ᠦᠪᠡᠷ ᠤᠨ ᠢᠶᠠᠨ ᠰᠠᠪᠬ᠎ᠠ ᠶᠢ ᠬᠡᠷᠡᠭᠯᠡᠳᠡᠭ ᠃ ᠭᠡᠪᠡᠴᠦ ᠰᠠᠪᠬ᠎ᠠ ᠶᠢ ᠤᠳᠠᠭᠠᠨ ᠬᠡᠷᠡᠭᠯᠡᠪᠠᠯ ᠦᠡᠭᠭᠡ ᠨᠢ ᠤᠨᠠᠵᠤ ᠴᠠᠪᠠ ᠭᠠᠷᠬᠤ ᠨᠢ ᠲᠠᠮᠵᠢᠭ ᠦᠭᠡᠢ ᠪᠣᠯᠬᠤᠷ ᠪᠦᠷᠢᠮᠦᠰᠦᠨ ᠴᠡᠪᠡᠷ ᠤᠬᠢᠶᠠᠵᠤ ᠲᠠᠶᠢᠯᠬᠦ ᠦᠭᠡᠢ ᠪᠤᠯᠵᠤ ᠂ ᠬᠤᠲᠣᠭᠤᠷ ᠬᠦᠳᠤᠬᠦᠷ ᠲᠤᠨᠢ ᠪᠠᠺᠲ᠋ᠧᠷᠢ ᠨᠢᠭᠤᠬᠳᠠᠨ ᠂ ᠮᠤᠷᠦ᠋ᠢᠬᠤ ᠭᠠᠵᠢᠬᠤ ᠪᠠᠷ ᠪᠠᠷᠠᠬᠤ ᠦᠭᠡᠢ ᠸᠠᠯᠠᠬᠰᠠᠨ ᠲᠣᠯᠪᠤ ᠰᠠᠭᠤᠵᠤ ᠦᠮᠡᠭᠡᠢ ᠦᠨᠦᠷ ᠭᠠᠷᠳᠠᠭ ᠃ ᠲᠠᠶᠢᠮᠤ ᠠᠴᠠ ᠪᠠᠺᠲ᠋ᠧᠷᠢ ᠶᠢᠨ ᠬᠦᠯᠡᠮᠵᠢ ᠪᠤᠯᠤᠬᠰᠠᠨ ᠡᠳᠡᠭᠡᠷ ᠰᠠᠪᠬ᠎ᠠ ᠶᠢ ᠬᠠᠶᠢᠷᠠᠯᠠᠯ ᠦᠭᠡᠢ ᠰᠢᠭᠤᠳ ᠬᠠᠶᠠᠭᠠᠳ ᠂ ᠵᠤᠬᠢᠬᠤ ᠬᠤᠭᠤᠴᠠᠭᠠᠨ ᠳᠤ ᠰᠢᠨ᠎ᠠ ᠰᠠᠪᠬ᠎ᠠ ᠰᠤᠯᠢᠵᠤ ᠪᠠᠶᠢᠭᠠᠷᠠᠢ ᠃        
ᠢᠷᠡᠯᠲᠡ᠄ ᠤᠷᠳᠤᠰ ᠮᠤᠩᠭᠤᠯ ᠰᠦᠯᠵᠢᠶ᠎ᠡ