| ᠤᠶᠢᠷ᠎ᠠ ᠶᠢᠨ ᠡᠳᠦᠷ ᠂ ᠤᠷᠳᠤᠰ ᠤᠨ ᠲᠤᠷᠰᠢᠯᠲᠠ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ | ᠤᠳᠠᠭ᠎ᠠ ᠶᠢᠨ ᠬᠤᠷᠠᠯ ᠬᠤᠷᠠᠯᠳᠤᠵᠤ ᠂ ᠲᠤᠷᠰᠢᠯᠲᠠ ᠶᠢᠨ ᠲᠠᠰᠤᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠂ ᠬᠥᠭᠵᠢᠯᠲᠡ ᠶᠢᠨ ᠲᠥᠯᠥᠪᠵᠢᠭᠦᠯᠭᠡ ᠂ ᠲᠦᠷᠦ ᠶᠢᠨ | ᠪᠤᠳᠤᠯᠭ᠎ᠠ ᠶᠢᠨ ᠪᠠᠲᠤᠯᠠᠭ᠎ᠠ ᠂ ᠲᠦᠷᠢᠮ ᠲᠣᠭᠲᠠᠭᠠᠯ ᠵᠡᠷᠭᠡ ᠤᠴᠢᠷ ᠶᠠᠪᠤᠳᠡᠯ ᠤᠳ ᠢ ᠰᠤᠳᠤᠯᠤᠨ ᠬᠢᠨᠠᠨ ᠵᠥᠪᠯᠡᠪᠡ ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ | ᠱᠦᠵᠢ ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠂ ᠴᠢᠩᠬᠤᠸᠠ ᠶᠡᠭᠡ ᠰᠤᠷᠭᠠᠭᠤᠯᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠠᠯᠪᠤᠷᠢ ᠶᠢᠨ ᠳᠡᠳ᠋ ᠡᠷᠬᠢᠯᠡᠭᠴᠢ ᠂ | ᠫᠷᠤᠹᠧᠰᠰᠤᠷ ᠯᠢᠦᠢ ᠶᠠᠩ ᠴᠧᠩ ᠬᠤᠷᠠᠯ ᠳᠤ ᠣᠷᠣᠯᠴᠠᠬᠰᠠᠨ ᠤ ᠬᠠᠮᠳᠤ ᠶᠠᠷᠢᠶ᠎ᠠ ᠲᠡᠯᠪᠢᠵᠡᠢ ᠃ | ᠳ᠋ᠦ᠋ ᠬᠤᠢ ᠯᠢᠶᠠᠩ ᠲᠤᠷᠰᠢᠯᠲᠠ ᠶᠢᠨ ᠲᠠᠰᠤᠭ ᠢ ᠪᠡᠯᠡᠳᠭᠡᠨ ᠪᠦᠳᠦᠭᠡᠨ ᠪᠠᠶᠢᠭᠤᠯᠤᠭᠰᠠᠨ ᠠᠴᠠ ᠨᠠᠭᠠᠰᠢᠬᠢ ᠡᠯ᠎ᠡ ᠲᠦᠷᠦᠯ ᠤᠨ ᠠᠵᠢᠯ ᠲᠡᠭᠡᠷ᠎ᠡ ᠣᠯᠤᠭᠰᠠᠨ | ᠢᠳᠡᠪᠬᠢᠲᠡᠢ ᠠᠬᠢᠴᠠ ᠶᠢ ᠭᠦᠢᠴᠡᠳ ᠨᠤᠲᠠᠯᠠᠪᠠ ᠃ ᠲᠡᠷᠡ ᠂ ᠤᠷᠳᠤᠰ ᠤᠨ ᠲᠤᠷᠰᠢᠯᠲᠠ ᠶᠢᠨ ᠲᠠᠰᠤᠭ ᠢ ᠪᠦᠳᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ | ᠫᠢᠩ ᠤᠨ ᠡᠨᠧᠷᠭᠢ ᠶᠢᠨ ᠬᠤᠪᠢᠰᠬᠠᠯ ᠪᠣᠯᠤᠨ ︽ ᠬᠤᠤᠰ ᠨᠡᠭᠦᠷᠡᠰᠦᠲᠥ᠋ᠷᠥᠭᠴᠢ ︾ ᠶᠢᠨ ᠪᠠᠶᠢᠯᠳᠤᠬᠤ ᠪᠤᠳᠤᠯᠭ᠎ᠠ ᠶᠢᠨ ᠲᠤᠬᠠᠢ ᠴᠢᠬᠤᠯᠠ ᠥᠭᠦᠯᠡᠯᠲᠡ ᠶᠢ | ᠲᠤᠭᠤᠰᠢᠯᠠᠭᠤᠯᠬᠤ ᠪᠣᠳᠠᠲᠠᠢ ᠠᠵᠢᠯᠯᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ︽ ᠴᠢᠳᠠᠪᠤᠷᠢᠲᠠᠨ ᠪᠣᠯᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠠ ᠪᠣᠯᠤᠨ᠎ᠠ ᠃ ᠰᠢᠨ᠎ᠡ ᠵᠠᠮ ᠢ | ᠨᠡᠭᠡᠭᠡᠵᠤ ᠂ ᠲᠡᠷᠢᠭᠦᠨ ᠤ ᠬᠠᠷᠠᠯᠲᠠ ᠶᠢ ᠪᠠᠶᠠᠯᠠᠭᠦᠯᠭᠦ ᠳᠤ ᠴᠢᠭᠯᠡᠭᠦᠯᠦᠨ ᠂ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠡᠯ᠎ᠡ | ᠲᠦᠷᠦᠯ ᠤᠨ ᠠᠵᠢᠯ ᠢ ᠰᠢᠰᠲ᠋ᠧᠮ ᠲᠠᠢ ᠲᠥᠯᠥᠪᠵᠢᠭᠦᠯᠵᠦ ᠠᠬᠢᠭᠤᠯᠬᠤ ᠬᠡᠷᠡᠭᠲᠡᠢ ᠃ ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ ᠲᠠᠯ᠎ᠠ ᠪᠠᠷ ᠰᠢᠨ᠎ᠡ ᠵᠠᠮ ᠢ | ᠨᠡᠭᠡᠭᠡᠵᠦ ᠂ ᠲᠡᠷᠢᠭᠦᠨ ᠤ ᠬᠢ ᠶᠢ ᠡᠭᠦᠳᠴᠦ ᠂ ᠳᠡᠯᠡᠬᠡᠢ ᠶᠢᠨ ᠲᠡᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ | ᠴᠤᠬᠴᠠᠯᠠᠬᠤ ᠲᠤᠭᠤᠷᠢᠨ ᠳᠤ ᠦᠢᠯᠡᠴᠢᠯᠡᠵᠤ ᠂ ᠳᠡᠯᠡᠬᠡᠢ ᠶᠢᠨ ᠲᠡᠰ ᠤᠨ ᠪᠠᠷᠢᠮᠵᠢᠶ᠎ᠠ ᠶᠢ ᠬᠠᠷᠠᠭᠠᠯᠠᠨ ᠂ ᠲᠤᠷᠰᠢᠯᠲᠠ ᠶᠢᠨ ᠲᠠᠰᠤᠭ ᠢ ᠪᠦᠬᠦ ᠪᠥᠮᠪᠥᠷᠴᠡᠭ ᠤᠨ | ᠨᠥᠯᠥᠭᠡᠯᠡᠬᠦ ᠬᠦᠴᠦᠨ ᠪᠦᠬᠦᠢ ᠳᠡᠯᠡᠬᠡᠶᠢᠵᠢᠯᠲᠡ ᠶᠢᠨ ᠰᠢᠨ᠎ᠡ ᠶᠢ ᠡᠭᠦᠳᠬᠦ ᠭᠤᠯᠤᠮᠳᠠ ᠪᠠ ᠤᠯᠤᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ ᠃ | ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠰᠢᠨ᠎ᠡ ᠵᠠᠮ ᠢ ᠨᠡᠭᠡᠭᠡᠵᠦ ᠂ ᠲᠡᠷᠢᠭᠦᠨ ᠤ ᠬᠢ ᠶᠢ ᠡᠭᠦᠳᠴᠦ ᠂ ᠥᠨᠳᠥᠷ ᠪᠠᠷᠢᠮᠵᠢᠶ᠎ᠠ ᠂ ᠥᠷᠭᠡᠨ ᠬᠠᠷᠠᠭᠠᠰᠤ ᠲᠠᠢ | ᠪᠠᠶᠢᠬᠤ ᠶᠢ ᠪᠠᠷᠢᠮᠲᠠᠯᠠᠨ ᠂ ᠨᠡᠭᠡᠭᠡᠯᠲᠡᠲᠡᠢ ᠬᠠᠮᠵᠢᠯᠴᠠᠬᠤ ᠣᠶᠢᠯᠠᠭᠠᠭᠳᠠᠬᠤᠨ ᠢᠶᠠᠷ ᠴᠢᠳᠠᠪᠤᠷᠢᠲᠠᠨ ᠢ ᠡᠯᠰᠡᠵᠦ ᠂ ᠲᠤᠰᠬᠠᠶᠢᠵᠢᠵᠤ ᠣᠷᠦ᠋ᠢᠯᠠᠬᠤ ᠶᠢ ᠤᠶᠠᠯᠳᠤᠭᠤᠯᠤᠭᠰᠠᠨ | ᠴᠢᠨᠠᠷ ᠰᠠᠶᠢᠲᠠᠢ ᠴᠢᠳᠠᠪᠤᠷᠢᠲᠠᠨ ᠤ ᠡ᠊ᠩᠨᠡᠭᠡ ᠶᠢ ᠪᠠᠶᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠲᠠᠯ᠎ᠠ ᠪᠠᠷ ᠰᠢᠨ᠎ᠡ ᠵᠠᠮ ᠢ | ᠨᠡᠭᠡᠭᠡᠵᠦ ᠂ ᠲᠡᠷᠢᠭᠦᠨ ᠤ ᠬᠢ ᠶᠢ ᠡᠭᠦᠳᠴᠦ ᠂ ᠵᠠᠰᠠᠭ ᠂ ᠠᠵᠤ ᠠᠬᠤᠶᠢᠯᠠᠯ ᠂ ᠰᠤᠳᠤᠯᠭᠠᠨ ᠵᠡᠷᠭᠡ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠂ | ᠨᠢᠭᠡ ᠪᠦᠯᠦᠭ ᠲᠠᠭᠤᠷᠢᠶᠡᠯ ᠦᠵᠡᠭᠦᠯᠬᠦ ᠲᠦᠷᠦᠯ ᠵᠦᠢᠯ ᠢ ᠲᠦᠷᠭᠡᠳᠭᠡᠨ ᠡᠭᠦᠳᠴᠤ ᠂ ᠨᠢᠭᠡ ᠪᠦᠯᠦᠭ ᠪᠡᠯᠭᠡ ᠳᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠤᠢ | ᠪᠣᠯᠭᠠᠨ ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠦᠨ ᠬᠡᠷᠡᠭᠯᠡᠬᠦ ᠵᠠᠮ ᠢ ᠨᠡᠪᠲᠡᠷᠡᠭᠦᠯᠬᠦ ᠬᠡᠷᠡᠭᠲᠡᠢ ᠃ ᠲᠣᠭᠲᠠᠴᠠ ᠶᠢᠨ ᠰᠢᠨ᠎ᠡ ᠶᠢ ᠡᠭᠦᠳᠬᠦ | ᠲᠠᠯ᠎ᠠ ᠪᠠᠷ ᠰᠢᠨ᠎ᠡ ᠵᠠᠮ ᠢ ᠨᠡᠭᠡᠭᠡᠵᠦ ᠂ ᠲᠡᠷᠢᠭᠦᠨ ᠤ ᠬᠢ ᠶᠢ ᠡᠭᠦᠳᠴᠦ ᠂ ᠬᠡᠷᠡᠭ ᠡᠷᠬᠢᠯᠡᠭᠴᠢᠳ ᠤᠨ ᠬᠤᠷᠠᠯ ᠂ ᠡᠷᠳᠡᠮ ᠰᠢᠨᠵᠢᠯᠡᠭᠡᠨ ᠤ ᠵᠥᠪᠯᠡᠯ ᠪᠣᠯᠤᠨ ᠲᠡᠷᠢᠭᠦᠨ | ᠰᠢᠨᠵᠢᠯᠡᠬᠦ ᠤᠬᠠᠭᠠᠨᠲᠠᠨ ᠤ ᠦᠢᠯᠡᠳᠦᠯ ᠢ ᠰᠠᠶᠢᠲᠤᠷ ᠪᠠᠳᠠᠷᠠᠭᠤᠯᠦᠨ ᠂ ᠭᠠᠳᠠᠭᠠᠳᠤ ᠲᠠᠢ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ | ᠲᠤᠷᠰᠢᠯᠲᠠ ᠶᠢᠨ ᠲᠠᠰᠤᠭ ᠤᠨ ᠥᠨᠳᠥᠷ ᠪᠦᠲᠦᠮᠵᠢᠲᠡᠢ ᠡᠷᠭᠢᠯᠳᠡ ᠶᠢ ᠠᠬᠢᠭᠤᠯᠬᠤ ᠬᠡᠷᠡᠭᠲᠡᠢ ᠃ ᠦᠢᠯᠡᠴᠢᠯᠡᠭᠡ ᠪᠠᠲᠤᠯᠠᠭ᠎ᠠ ᠶᠢᠨ ᠲᠠᠯ᠎ᠠ ᠪᠠᠷ ᠰᠢᠨ᠎ᠡ ᠵᠠᠮ ᠢ ᠨᠡᠭᠡᠭᠡᠵᠦ ᠂ | ᠲᠡᠷᠢᠭᠦᠨ ᠤ ᠬᠢ ᠶᠢ ᠡᠭᠦᠳᠴᠦ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠨ ᠂ | ᠲᠤᠷᠰᠢᠯᠲᠠ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠳᠤ ᠬᠦᠴᠦᠲᠡᠢ ᠳᠡᠮᠵᠢᠯᠭᠡ ᠪᠠᠲᠤᠯᠠᠭ᠎ᠠ ᠬᠠᠩᠭᠠᠬᠤ ᠬᠡᠷᠡᠭᠲᠡᠢ ᠬᠡᠵᠡᠢ ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠂ ᠴᠢᠩᠬᠤᠸᠠ ᠶᠡᠭᠡ ᠰᠤᠷᠭᠠᠭᠤᠯᠢ ᠶᠢᠨ | ᠬᠢᠮᠢ ᠶᠢᠨ ᠠᠵᠤ ᠦᠢᠯᠡᠳᠪᠦᠷᠢ ᠶᠢᠨ ᠰᠠᠯᠪᠤᠷᠢ ᠶᠢᠨ ᠫᠷᠤᠹᠧᠰᠰᠤᠷ ᠸᠧᠶ ᠹᠸᠢ ᠂ ᠴᠢᠶᠠᠨ ᠸᠧᠶ ᠵᠥᠩ ᠬᠤᠷᠠᠯ ᠳᠤ ᠣᠷᠣᠯᠴᠠᠵᠤ ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠤᠸᠠ ᠷᠦᠢ ᠹᠸᠡᠭ ᠬᠤᠷᠠᠯ ᠢ ᠡᠷᠭᠢᠯᠡᠪᠡ ᠃ | | | |