ᠵᠡᠭᠦᠨᠭᠠᠷ ᠵᠤᠤ ᠪᠠᠯᠭᠠᠰᠤ ᠶᠢᠨ ᠲᠣᠰᠬᠤᠨ ᠤ ᠬᠠᠮᠲᠤ ᠶᠢᠨ ᠬᠤᠯᠪᠣᠭᠠᠲᠤ ᠺᠣᠮᠫᠠᠨᠢ — ᠷᠦᠢ ᠴᠧᠨ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠪᠦᠲᠦᠭᠡᠭᠳᠡᠬᠦᠨ ︽ᠷᠦᠢ ᠴᠧᠨ ᠦᠬᠡᠷ ᠶᠢᠨ ᠮᠢᠬ᠎ᠠ︾ ᠪᠡᠭᠡᠵᠢᠩ ᠳᠤ ᠣᠷᠣᠵᠤ ᠢᠷᠡᠯ᠎ᠠ︕
ᠨᠡᠶᠢᠲᠡᠯᠡᠭᠰᠡᠨ ᠴᠠᠭ᠄
2023/10/19
基层1(1).png    
   ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠪᠡᠭᠡᠵᠢᠩ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠰᠢᠭᠯᠠᠵᠤ ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠷᠭ᠎ᠠ ᠵᠠᠮ ᠢ ᠥᠷᠭᠡᠳᠬᠡᠵᠦ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ ᠂ ᠥᠪᠥᠷ ᠮᠣᠩᠭᠤᠯ ᠤᠨ ᠣᠷᠣᠨ ᠪᠦᠰᠡ ᠶᠢᠨ ᠨᠡᠷᠡᠳᠤ ᠲᠡᠮᠳᠡᠭ ᠤᠨ ᠪᠤᠶᠢᠵᠢᠯᠲᠠ ᠳᠤ ᠬᠦᠴᠦᠨ ᠨᠡᠮᠡᠷᠢᠯᠡᠵᠦ ᠂ 10 ᠰᠠᠷ᠎ᠠ ᠶᠢᠨ 17 ᠤ ᠡᠳᠦᠷ ᠂ ᠪᠡᠭᠡᠵᠢᠩ ᠬᠤᠳᠠ ᠶᠢᠨ ᠲᠤᠰᠠᠯᠠᠨ ᠳᠡᠮᠵᠢᠬᠦ ᠬᠠᠮᠲᠤᠷᠠᠯᠴᠠᠭᠠᠨ ᠤ ᠠᠯᠪᠠᠨ ᠭᠡᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢ᠊ ᠡᠶ᠎ᠡ ᠶᠢᠨ ᠭᠤᠣᠯᠯᠠᠨ ᠡᠷᠬᠢᠯᠡᠭᠰᠡᠨ ᠪᠡᠭᠡᠵᠢᠩ ᠥᠪᠥᠷ ᠮᠣᠩᠭᠤᠯ ᠤᠨ ᠬᠡᠷᠡᠭᠯᠡᠭᠡᠨ ᠤ ᠬᠠᠪᠰᠤᠷᠤᠨ ᠲᠡᠳᠬᠦᠬᠦ ᠲᠥᠪᠯᠡᠷᠡᠭᠦᠯᠦᠨ ᠲᠠᠨᠢᠯᠴᠠᠭᠤᠯᠭ᠎ᠠ ᠶᠢᠨ ᠴᠤᠭᠯᠠᠭᠠᠨ ᠪᠦᠬᠦ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠣᠷᠳᠣᠨ ᠳᠤ ᠦᠪᠡᠳᠡᠭᠰᠢ ᠶᠡᠭᠡ ᠪᠠᠷ ᠡᠬᠢᠯᠡᠪᠡ ᠃
  基层1(2).jpg
基层1(3).jpg 
基层1(4).jpg  
    ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠲᠠᠷᠢᠶᠠᠯᠠᠩ ᠮᠠᠯ ᠠᠵᠤ ᠠᠬᠤᠶ ᠂ ᠰᠣᠶᠣᠯ ᠵᠢᠭᠤᠯᠴᠢᠯᠠᠯ ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠤᠳᠤᠷᠢᠳᠤᠯᠭ᠎ᠠ ᠂ ᠡᠯ᠎ᠡ ᠠᠶᠢᠮᠠᠭ ᠬᠤᠲᠠ ᠂ ᠬᠤᠯᠪᠣᠭ᠎ᠠ ᠪᠠᠶᠢᠭᠤᠯᠤᠭᠰᠠᠨ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠲᠥᠯᠥᠭᠡᠯᠡᠭᠴᠢ ᠲᠣᠰ ᠠᠵᠢᠯᠯᠠᠭ᠎ᠠ ᠳᠤ ᠣᠷᠣᠯᠴᠠᠵᠠᠶ ᠃ ᠵᠡᠭᠦᠨᠭᠠᠷ ᠵᠤᠤ ᠪᠠᠯᠭᠠᠰᠤ ᠲᠣᠰᠬᠤᠨ ᠤ ᠬᠠᠮᠲᠤ ᠶᠢᠨ ᠬᠤᠯᠪᠣᠭᠠᠲᠤ ᠺᠣᠮᠫᠠᠨᠢ — ᠷᠦᠢ ᠴᠧᠨ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠪᠦᠲᠦᠭᠡᠭᠳᠡᠬᠦᠨ ︽ ᠷᠦᠢ ᠴᠧᠨ ᠦᠬᠡᠷ ᠶᠢᠨ ᠮᠢᠬ᠎ᠠ ︾ ᠪᠡᠭᠡᠵᠢᠩ ᠳᠤ ᠣᠷᠣᠵᠤ ᠦᠵᠡᠰᠬᠦᠯᠡᠩ ᠳᠤ ᠣᠷᠣᠯᠴᠠᠪᠠ ᠃
   基层1(5).jpg 
基层1(6).jpg
     ᠴᠤᠭᠯᠠᠭ᠎ᠠ ᠮᠠᠶᠢᠮᠠᠶ ᠶᠢᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠂ ᠮᠢᠬ᠎ᠠ ᠨᠢ ᠰᠢᠨ᠎ᠡ ᠰᠣᠷᠭᠤᠭ ᠂ ᠠᠮᠲᠠ ᠰᠢᠮᠲᠡ ᠨᠢ ᠰᠢᠨ᠎ᠡ ᠰᠣᠷᠭᠤᠭ ︽ ᠷᠦᠢ ᠴᠧᠨ ᠦᠬᠡᠷ ᠶᠢᠨ ᠮᠢᠬ᠎ᠠ ︾ ᠶᠢᠨ ᠪᠦᠲᠦᠭᠡᠭᠳᠡᠬᠦᠨ ᠨᠢ ᠣᠯᠠᠨ ᠤ ᠪᠠᠭ᠋ᠠᠷᠬᠠᠯ ᠢ ᠶᠡᠬᠡᠳᠡ ᠲᠠᠲᠠᠵᠤ ᠂ ᠪᠥᠬᠦ ᠤᠯᠤᠰ ᠤᠨ ᠣᠯᠠᠨ ᠮᠤᠵᠢ ᠂ ᠬᠤᠲᠠ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯᠲᠠᠨ ᠂ ᠵᠤᠭᠠᠴᠠᠭᠰᠠᠳ ᠵᠢᠴᠢ ᠪᠡᠭᠡᠵᠢᠩ ᠬᠤᠲᠠ ᠶᠢᠨ ᠠᠷᠠᠳ ᠤᠨ ᠪᠠᠭ᠋ᠠᠷᠬᠠᠯ ᠢ ᠲᠠᠳᠠᠨ ᠮᠠᠭᠲᠠᠭᠠᠯ ᠰᠠᠶᠢᠰᠢᠶᠠᠯ ᠢ ᠤᠯᠪᠠ ᠃   ᠳᠠᠷᠠᠭᠠᠴᠢ ᠶᠢᠨ ᠠᠯᠬᠤᠮ ᠳᠤ ᠂ ᠵᠡᠭᠦᠨᠭᠠᠷ ᠵᠤᠤ ᠪᠠᠯᠭᠠᠰᠤ ︽ ᠷᠦᠢ ᠴᠧᠨ ᠦᠬᠡᠷ ᠶᠢᠨ ᠮᠢᠬ᠎ᠠ ︾ ᠲᠡᠵᠢᠭᠡᠨ ᠦᠷᠡᠵᠢᠭᠦᠯᠬᠦ ᠦᠢᠯᠡᠰ ᠂ ᠶᠠᠨ ᠱᠤᠨ ᠠᠵᠤ ᠦᠢᠯᠡᠰ ᠤᠨ ᠬᠡᠯᠬᠢ᠊ ᠡᠶ᠎ᠡ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ ᠂ ᠦᠢᠯᠡᠴᠢᠯᠡᠭᠡᠨ ᠤ ᠰᠢᠰᠲᠤᠮ ᠢ ᠲᠡᠭᠦᠯᠳᠡᠷᠵᠢᠭᠦᠯᠵᠦ ᠂ ᠲᠤᠬᠠᠢ ᠶᠢᠨ ᠭᠠᠵᠠᠷ ᠤᠨ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠬᠠᠮᠲᠤ ᠂ ᠥᠷᠭᠡᠨ ᠤᠯᠠᠨ ᠬᠡᠷᠡᠭᠯᠡᠭᠴᠢᠳ ᠲᠤ ᠡᠯᠪᠡᠭ ᠪᠠᠶᠠᠯᠢᠭ ᠰᠢᠭᠦᠰᠦᠯᠢᠭ ᠠᠮᠲᠠᠲᠠᠢ ᠂ ᠠᠩᠬᠢᠯᠤᠮ᠎ᠠ ᠰᠠᠶᠢᠬᠠᠨ ᠦᠨᠦᠷ ᠠᠮᠲᠠ ᠲᠠᠢ ︽ ᠷᠦᠢ ᠴᠧᠨ ᠦᠬᠡᠷ ᠶᠢᠨ ᠮᠢᠬ᠎ᠠ ︾ ᠰᠢᠷᠢᠰ ᠪᠦᠲᠦᠭᠡᠭᠳᠡᠬᠦᠨ ᠢ ᠲᠠᠰᠤᠷᠠᠯᠲᠠ ᠦᠭᠡᠢ ᠬᠠᠩᠭᠠᠬᠤ ᠪᠣᠯᠤᠨ᠎ᠠ ᠃     
ᠢᠷᠡᠯᠲᠡ᠄ ᠵᠡᠭᠦᠨᠭᠠᠷ ᠵᠤᠤ ᠪᠠᠯᠭᠠᠰᠤ ᠶᠢᠨ ᠨᠡᠶᠢᠳᠡᠯᠡᠯ