| ᠭᠠᠵᠠᠷ ᠰᠢᠷᠣᠢ ᠪᠠᠨ ᠲᠠᠲᠠᠪᠤᠷᠢᠯᠠᠬᠳᠠᠵᠤ ᠨᠤᠷᠠᠭᠠᠨ ᠨᠡᠭᠦᠯᠭᠡᠭᠰᠡᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠥᠯᠥᠭᠡ ᠂ | ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ | ᠦᠨᠳᠦᠰᠦᠯᠡᠨ ᠂ ᠡᠮᠦᠨᠡᠬᠢ ᠬᠤᠭᠤᠴᠠᠭᠠᠨ ᠤ ᠭᠠᠵᠠᠷ ᠰᠢᠷᠣᠢ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ | ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠪᠠᠷ ᠳᠡᠮᠵᠢᠨ ᠂ ᠣᠷᠳᠣᠰ ᠬᠤᠲᠠ ᠶᠢᠨ ᠬᠤᠸᠠ ᠷᠦᠩ ᠪᠡᠯᠡ ᠣᠷᠣᠭᠤᠯᠤᠯᠲᠠ ᠶᠢᠨ ᠠᠰᠠᠭᠤᠨ ᠯᠠᠪᠯᠠᠯᠭ᠎ᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠬᠥᠮᠥᠷᠭᠡᠯᠡᠨ ᠬᠠᠳᠠᠭᠠᠯᠠᠵᠤ ᠲᠣᠬᠢᠷᠠᠭᠤᠯᠤᠨ ᠬᠦᠷᠭᠡᠬᠦ ᠲᠥᠷᠥᠯ ᠵᠦᠢᠯ ᠤᠨ ᠭᠠᠵᠠᠷ | ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠣᠯᠭᠤᠵᠤ ᠲᠥᠪᠬᠢᠨᠡᠭᠦᠯᠬᠦ ᠲᠥᠰᠥᠯ ᠢ ᠤᠳᠤ ᠳᠣᠣᠷᠠᠬᠢ ᠮᠡᠲᠦ ᠵᠠᠷᠯᠠᠶ᠎ᠠ ᠄ | ᠨᠢᠭᠡ᠂ ᠭᠠᠵᠠᠷ ᠰᠢᠷᠣᠢ ᠲᠠᠲᠠᠪᠤᠷᠢᠯᠠᠬᠤ ᠬᠡᠪᠴᠢᠶ᠎ᠡ᠂ ᠵᠣᠷᠢᠯᠭ᠎ᠠ ᠵᠢᠴᠢ ᠭᠠᠵᠠᠷ ᠰᠢᠷᠣᠢ ᠶᠢᠨ ᠣᠳᠣᠬᠢ ᠪᠠᠶᠢᠳᠠᠯ | ᠲᠠᠲᠠᠪᠤᠷᠢᠯᠠᠭᠰᠠᠨ ᠭᠠᠵᠠᠷ ᠰᠢᠷᠣᠢ ᠨᠢ ᠯᠦᠩ ᠺᠧᠦ ᠪᠠᠯᠭᠠᠰᠤᠨ ᠤ ᠯᠦᠩ ᠺᠧᠦ ᠨᠡᠶᠢᠭᠡᠮ ᠲᠣᠭᠤᠷᠢᠭ ᠂ ᠮᠤᠷᠢᠨᠬᠠᠰᠢᠶᠠ ᠲᠣᠰᠬᠤᠨ ᠤ ᠵᠠᠭᠠᠭ ᠳᠤ ᠪᠣᠶ ︵ ᠪᠣᠳᠠᠲᠠᠢ | ᠨᠠᠷᠢᠨ ᠪᠠᠶᠢᠳᠠᠯ ᠢ ᠬᠠᠶᠢᠨ ᠬᠡᠮᠵᠢᠵᠦ ᠵᠠᠭᠠᠭ ᠲᠣᠭᠲᠠᠭᠠᠭᠰᠠᠨ ᠮᠡᠳᠡᠭᠦᠯᠦᠯᠲᠡ ᠳᠤ ᠦᠵᠡᠭᠡᠷᠡᠢ ︶ ᠃ | ᠲᠣᠰ ᠤᠳᠠᠭᠠᠨ ᠤ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠨᠢ 5.0607 ᠾᠧᠺᠲ᠋ᠠᠷ ᠪᠠᠶᠢᠵᠤ ᠂ ᠬᠠᠮᠤᠭ ᠡᠴᠦᠰ ᠲᠤ ᠭᠠᠵᠠᠷ | ᠰᠢᠷᠣᠢ ᠲᠠᠲᠠᠪᠤᠷᠢᠯᠠᠬᠰᠠᠨ ᠪᠠᠶᠢᠴᠠᠭᠠᠨ ᠨᠤᠲᠠᠯᠠᠵᠤ ᠳᠠᠩᠰᠠᠯᠠᠭᠤᠯᠤᠭᠰᠠᠨ ᠲᠠᠯᠠᠪᠠᠶ ᠪᠠᠷ ᠪᠠᠷᠢᠮᠵᠢᠶ᠎ᠠ ᠪᠣᠯᠭᠠᠨ᠎ᠠ ᠃ ᠲᠠᠲᠠᠪᠤᠷᠢᠯᠠᠬᠤ ᠵᠣᠷᠢᠯᠭ᠎ᠠ ᠨᠢ ᠣᠷᠳᠣᠰ ᠬᠤᠲᠠ ᠶᠢᠨ | ᠬᠤᠸᠠ ᠷᠦᠩ ᠪᠡᠯᠡ ᠣᠷᠣᠭᠤᠯᠤᠯᠲᠠ ᠶᠢᠨ ᠠᠰᠠᠭᠤᠨ ᠯᠠᠪᠯᠠᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠬᠥᠮᠥᠷᠭᠡᠯᠡᠨ | ᠬᠠᠳᠠᠭᠠᠯᠠᠵᠤ ᠲᠣᠬᠢᠷᠠᠭᠤᠯᠤᠨ ᠬᠦᠷᠭᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠭᠠᠵᠠᠷ ᠰᠢᠷᠣᠢ ᠶᠢᠨ ᠣᠳᠣᠬᠢ ᠪᠠᠶᠢᠳᠠᠯ ᠢ ᠭᠠᠵᠠᠷ | ᠰᠢᠷᠣᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ | ᠬᠤᠶᠠᠷ ᠂ ᠭᠠᠵᠠᠷ ᠰᠢᠷᠣᠢ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ᠂ ᠲᠥᠪᠬᠢᠨᠡᠭᠦᠯᠬᠦ ᠠᠷᠭ᠎ᠠ ᠮᠠᠶ᠋ᠢᠭ ᠂ ᠨᠡᠶᠢᠭᠡᠮ ᠤᠨ ᠪᠠᠲᠤᠯᠠᠭ᠎ᠠ ᠵᠡᠷᠭᠡ ᠤᠴᠢᠷ ᠶᠠᠪᠤᠳᠠᠯ | ︵ᠨᠢᠭᠡ︶ ᠭᠠᠵᠠᠷ ᠰᠢᠷᠣᠢ ᠶᠢᠨ ᠲᠥᠯᠥᠪᠦᠷᠢ ᠶᠢᠨ ᠰᠦᠢᠳᠬᠡᠯ ᠬᠢᠭᠡᠳ ᠲᠥᠪᠬᠢᠨᠡᠭᠦᠯᠬᠦ ᠨᠥᠬᠦᠪᠦᠷᠢ ᠰᠦᠢᠳᠬᠡᠯ ᠤᠨ ᠪᠠᠷᠢᠮᠵᠢᠶ᠎ᠠ᠃ ︽ ᠥᠪᠡᠷᠲᠡᠭᠡᠨ ᠵᠠᠰᠠᠬᠤ | ᠣᠷᠣᠨ ᠤ ᠭᠠᠵᠠᠷ ᠰᠢᠷᠣᠢ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2020 ﹈ 16 ᠲᠣᠭᠠᠲᠤ ︶ ᠪᠠ | ︽ ᠭᠠᠵᠠᠷ ᠰᠢᠷᠣᠢ ᠶᠢ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠥᠬᠦᠪᠦᠷᠢᠯᠡᠨ ᠲᠣᠭᠲᠠᠭᠠᠬᠤ ᠨᠥᠬᠦᠪᠦᠷᠢ ᠶᠢᠨ ᠪᠠᠷᠢᠮᠵᠢᠶ᠎ᠠ ᠶᠢ | ᠨᠡᠶᠢᠳᠡᠯᠡᠬᠦ ᠳᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨᠣᠷᠳᠣᠨ ᠤ ᠳᠠᠮᠵᠢᠭᠤᠯᠤᠨ ᠳᠠᠷᠬᠠᠭᠠᠬᠰᠠᠨ ᠣᠷᠳᠣᠰ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ ︾ ︵ ᠵᠡᠭᠦᠨᠭᠠᠷ ᠵᠠᠰᠠᠭ ᠲᠠᠷᠬᠠᠭᠠᠭᠰᠠᠨ ﹇ 2023 ﹈ 4 ᠲᠣᠭᠠᠲᠤ ︶ ᠵᠡᠷᠭᠡ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ | ᠶᠣᠰᠣᠭᠠᠷ ᠂ ᠲᠠᠲᠠᠪᠤᠷᠢᠯᠠᠭᠳᠠᠬᠤ ᠭᠠᠵᠠᠷ ᠤᠨ ᠯᠦᠩ ᠺᠧᠦ ᠪᠠᠯᠭᠠᠰᠤᠨ ᠤ ᠯᠦᠩ ᠺᠧᠦ ᠨᠡᠶᠢᠭᠡᠮ ᠲᠣᠭᠤᠷᠢᠭ ᠂ ᠮᠤᠷᠢᠨᠬᠠᠰᠢᠶᠠ ᠲᠣᠰᠬᠤᠨ ᠨᠢ ᠴᠥᠮ ᠵᠡᠭᠦᠨᠭᠠᠷ | ᠬᠤᠰᠢᠭᠤᠨ ᠤ ᠲᠠᠲᠠᠪᠤᠷᠢᠯᠠᠭᠰᠠᠨ ᠭᠠᠵᠠᠷ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅱ ᠲᠥᠷᠥᠯ ᠤᠨ ᠣᠷᠣᠨ ᠳᠤ ᠬᠠᠷᠢᠶᠠᠯᠠᠭᠳᠠᠵᠤ ᠂ | ᠭᠠᠵᠠᠷ ᠤᠨ ᠲᠥᠷᠥᠯ ᠤᠨ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠦᠯᠲᠡᠢ ᠤᠰᠤᠯᠠᠯᠲᠠ ᠶᠢᠨ ᠲᠠᠷᠢᠶ᠎ᠠ 59844 ᠲᠥᠭᠦᠷᠢᠭ/ᠮᠦ ᠂ ᠬᠠᠭᠤᠷᠠᠢ ᠲᠠᠷᠢᠶ᠎ᠠ 47875 | ᠲᠥᠭᠦᠷᠢᠭ/ᠮᠦ ᠂ ᠣᠶᠢᠲᠤ ᠭᠠᠵᠠᠷ 13405 ᠲᠥᠭᠦᠷᠢᠭ/ᠮᠦ ᠂ ᠡᠪᠡᠰᠦᠲᠦ ᠭᠠᠵᠠᠷ 9575 ᠲᠥᠭᠦᠷᠢᠭ/ᠮᠦ ᠂ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ | 9575 ᠲᠥᠭᠦᠷᠢᠭ/ᠮᠦ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ 42130 ᠲᠥᠭᠦᠷᠢᠭ/ᠮᠦ ᠂ ᠠᠰᠢᠭᠯᠠᠭᠠᠳᠤᠢ ᠭᠠᠵᠠᠷ 9575 ᠲᠥᠭᠦᠷᠢᠭ/ᠮᠦ ᠪᠠᠷ | ᠨᠥᠬᠦᠪᠦᠷᠢᠯᠡᠨ᠎ᠡ ᠃ | ︵ ᠬᠤᠶᠠᠷ ︶ ᠭᠡᠷ ᠪᠠᠶᠢᠰᠢᠩ ᠢ ᠨᠤᠷᠠᠭᠠᠵᠤ ᠨᠡᠬᠦᠯᠭᠡᠨ ᠲᠥᠪᠬᠢᠨᠡᠭᠦᠯᠬᠦ ᠂ ᠲᠥᠪᠬᠢᠨᠡᠭᠦᠯᠬᠦ ᠠᠷᠭ᠎ᠠ ᠮᠠᠶ᠋ᠢᠭ ᠵᠢᠴᠢ ᠭᠠᠵᠠᠷ ᠳᠡᠭᠡᠷᠡᠬᠢ ᠳᠠᠭᠠᠯᠲᠠ ᠪᠣᠳᠠᠰ ᠤᠨ | ᠲᠥᠯᠥᠪᠦᠷᠢ ᠶᠢᠨ ᠪᠠᠷᠢᠮᠵᠢᠶ᠎ᠠ ᠃ ︽ ᠭᠠᠵᠠᠷ ᠰᠢᠷᠣᠢ ᠶᠢ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠥᠬᠦᠪᠦᠷᠢᠯᠡᠨ ᠲᠣᠭᠲᠠᠭᠠᠬᠤ | ᠨᠥᠬᠦᠪᠦᠷᠢ ᠶᠢᠨ ᠪᠠᠷᠢᠮᠵᠢᠶ᠎ᠠ ᠶᠢ ᠨᠡᠶᠢᠳᠡᠯᠡᠬᠦ ᠳᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨᠣᠷᠳᠣᠨ ᠤ ᠳᠠᠮᠵᠢᠭᠤᠯᠤᠨ ᠳᠠᠷᠬᠠᠭᠠᠬᠰᠠᠨ ᠣᠷᠳᠣᠰ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ ᠵᠡᠭᠦᠨᠭᠠᠷ ᠵᠠᠰᠠᠭ ᠲᠠᠷᠬᠠᠭᠠᠭᠰᠠᠨ ﹇ 2023 ﹈ 4 ᠲᠣᠭᠠᠲᠤ ︶ ᠵᠢᠴᠢ ᠬᠤᠯᠪᠤᠬᠳᠠᠯ ᠪᠦᠬᠦᠢ | ᠪᠢᠴᠢᠭ ᠮᠠᠲ᠋ᠧᠷᠢᠶᠠᠯ ᠶᠣᠰᠣᠭᠠᠷ ᠬᠡᠷᠡᠭᠵᠢᠭᠦᠯᠦᠨ᠎ᠡ ᠃ | ︵ ᠭᠤᠷᠪᠠ ︶ ᠨᠡᠶᠢᠭᠡᠮ ᠤᠨ ᠪᠠᠲᠤᠯᠠᠭ᠎ᠠ ᠃ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠲᠠᠷᠢᠶᠠᠴᠢᠳ ︽ ︿ᠵᠡᠭᠦᠨᠭᠠᠷ ᠬᠤᠰᠢᠭᠤᠨ ᠤ ᠭᠠᠵᠠᠷ ᠰᠢᠷᠣᠢ ᠪᠠᠨ | ᠲᠠᠲᠠᠪᠤᠷᠢᠯᠠᠭᠳᠠᠭᠰᠠᠨ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠬᠦ | ᠲᠥᠰᠥᠯ ﹀ ᠢ ᠳᠠᠷᠤᠮᠠᠯᠯᠠᠨ ᠳᠠᠷᠬᠠᠭᠠᠬᠤ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ︾ ︵ ᠵᠡᠭᠦᠨᠭᠠᠷ ᠵᠠᠰᠠᠭ | ᠠᠯᠪᠠᠨ ᠲᠠᠷᠬᠠᠭᠠᠭᠰᠠᠨ ﹇ 2021 ﹈ 110 ᠲᠣᠭᠠᠲᠤ ︶ ᠶᠣᠰᠣᠭᠠᠷ ᠭᠠᠵᠠᠷ ᠰᠢᠷᠣᠢ ᠪᠠᠨ ᠠᠯᠳᠠᠭᠰᠠᠨ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠣᠷᠣᠯᠴᠠᠵᠤ ᠂ ᠰᠠᠭᠤᠭ᠎ᠠ ᠭᠠᠵᠠᠷ ᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭᠡᠷᠬᠢᠯᠡᠬᠦ ᠭᠠᠵᠠᠷ ᠠᠴᠠ ᠪᠣᠳᠠᠲᠠᠢ ᠪᠠᠷ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ ᠃ | ᠭᠤᠷᠪᠠ᠂ ᠭᠠᠵᠠᠷ ᠰᠢᠷᠣᠢ ᠶᠢ ᠲᠠᠲᠠᠪᠤᠷᠢᠯᠠᠬᠤ ᠠᠵᠢᠯ ᠤᠨ ᠶᠠᠪᠤᠴᠠ | ︽ ᠵᠡᠭᠦᠨᠭᠠᠷ ᠬᠤᠰᠢᠭᠤᠨ ᠤ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢ ᠤᠷᠢᠳᠴᠢᠯᠠᠨ ᠲᠠᠲᠠᠪᠤᠷᠢᠯᠠᠬᠤ ︵ ᠬᠡᠷᠡᠭᠯᠡᠬᠦ ︶ ᠠᠵᠢᠯ ᠤᠨ ᠴᠤᠪᠤᠷᠠᠯ ᠢ | ᠳᠠᠷᠤᠮᠠᠯᠯᠠᠨ ᠳᠠᠷᠬᠠᠭᠠᠬᠤ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ ᠵᠡᠭᠦᠨᠭᠠᠷ ᠵᠠᠰᠠᠭ ᠲᠠᠷᠬᠠᠭᠠᠭᠰᠠᠨ ﹇ 2017 ﹈ | 15 ᠲᠣᠭᠠᠲᠤ ︶ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ | ᠳᠥᠷᠪᠡ᠂ ᠲᠥᠯᠥᠪᠦᠷᠢ ᠶᠢᠨ ᠳᠠᠩᠰᠠᠯᠠᠯᠲᠠ | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠭᠠᠵᠠᠷ ᠰᠢᠷᠣᠢ ᠲᠠᠲᠠᠪᠤᠷᠢᠯᠠᠬᠳᠠᠬᠤ ᠪᠠᠷ ᠪᠠᠶᠢᠭ᠎ᠠ ᠬᠡᠪᠴᠢᠶᠡᠨ | ᠳᠣᠲᠣᠷᠠᠬᠢ ᠥᠮᠴᠢᠯᠡᠯ ᠤᠨ ᠡᠷᠭᠡ ᠲᠠᠢ ᠬᠥᠮᠥᠨ᠂ ᠬᠡᠷᠡᠭᠯᠡᠬᠦ ᠡᠷᠭᠡ ᠲᠠᠢ ᠬᠥᠮᠥᠨ ᠵᠢᠴᠢ ᠭᠠᠵᠠᠷ ᠳᠡᠭᠡᠷᠡᠬᠢ ᠳᠠᠭᠠᠯᠲᠠ ᠪᠣᠳᠠᠰ ᠤᠨ ᠥᠮᠴᠢᠯᠡᠯ ᠤᠨ ᠡᠷᠭᠡ ᠲᠠᠢ | ᠬᠥᠮᠥᠨ ᠨᠢ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠠᠪᠴᠤ ᠂ ᠰᠠᠭᠤᠭ᠎ᠠ ᠭᠠᠵᠠᠷ ᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ | ᠪᠤᠶᠤ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠳᠤᠰᠬᠤᠨ ᠳᠤ ᠣᠴᠢᠵᠤ ᠲᠥᠯᠥᠪᠦᠷᠢ ᠥᠭᠬᠦ ᠳᠠᠩᠰᠠᠯᠠᠯᠲᠠ ᠬᠢᠯᠭᠡᠵᠤ ᠂ ᠬᠤᠭᠤᠴᠠᠭ᠎ᠠ ᠨᠢ ᠭᠡᠳᠤᠷᠡᠭᠡᠳ | ᠲᠥᠯᠥᠪᠦᠷᠢ ᠥᠭᠬᠦ ᠳᠠᠩᠰᠠᠯᠠᠯᠲᠠ ᠬᠢᠯᠭᠡᠭᠰᠡᠨ ᠦᠭᠡᠢ ᠪᠠᠶᠢᠪᠠᠯ ᠂ ᠡᠷᠬᠡ ᠠᠰᠢᠭ ᠢᠶᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ | ᠲᠠᠪᠤ ᠂ ᠣᠨᠳᠣᠣ ᠰᠠᠨᠠᠯ ᠤᠨ ᠬᠠᠷᠢᠭᠤ ᠲᠤᠰᠬᠠᠯ | ᠭᠠᠵᠠᠷ ᠰᠢᠷᠣᠢ ᠪᠠᠨ ᠲᠠᠲᠠᠪᠤᠷᠢᠯᠠᠬᠳᠠᠬᠤ ᠪᠠᠷ ᠪᠠᠶᠢᠭ᠎ᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ | ᠵᠢᠴᠢ ᠠᠰᠢᠭ ᠬᠦᠨᠤᠭᠡᠯ ᠤᠨ ᠬᠠᠷᠢᠴᠠᠭ᠎ᠠ ᠲᠠᠢ ᠪᠤᠰᠤᠳ ᠬᠥᠮᠥᠨ ᠂ ᠬᠡᠷᠪᠡ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠣᠯᠭᠤᠵᠤ ᠲᠥᠪᠬᠢᠨᠡᠭᠦᠯᠬᠦ | ᠲᠥᠰᠥᠯ ᠨᠢ ᠬᠠᠤᠯᠢ ᠴᠠᠭᠠᠵᠠ ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠬᠦ ᠦᠭᠡᠢ ᠭᠡᠵᠦ ᠦᠵᠡᠪᠡᠯ ᠂ ᠲᠣᠰ ᠠᠯᠪᠠᠨ ᠵᠠᠷ ᠨᠡᠶᠢᠳᠡᠯᠡᠭᠳᠡᠭᠰᠡᠨ | ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠪᠢᠴᠢᠭ ᠤᠨ ᠬᠡᠯᠪᠡᠷᠢ ᠪᠠᠷ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠡᠷᠡᠴᠢᠯᠡᠭᠡ | ᠰᠣᠨᠣᠰᠬᠤ ᠭᠤᠶᠤᠴᠢᠯᠠᠯ ᠭᠠᠷᠭᠠᠬᠤ ᠬᠡᠷᠡᠭᠲᠡᠢ ᠃ ᠬᠤᠭᠤᠴᠠᠭ᠎ᠠ ᠨᠢ ᠬᠡᠲᠦᠷᠡᠭᠡᠳ ᠳᠤᠷᠠᠳᠤᠭᠰᠠᠨ ᠦᠭᠡᠢ ᠪᠠᠶᠢᠪᠠᠯ ᠂ ᠭᠡᠷᠡᠴᠢᠯᠡᠭᠡ ᠰᠣᠨᠣᠰᠬᠤ ᠶᠢ ᠬᠠᠶᠠᠭᠰᠠᠨ ᠢᠶᠠᠷ | ᠦᠵᠡᠨ᠎ᠠ᠃ | | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 7 ᠰᠠᠷ᠎ᠠ ᠶᠢᠨ 7 ᠤ ᠡᠳᠤᠷ | |