ᠪᠠᠰᠠ ᠨᠢᠭᠡ ᠵᠢᠯ ᠤᠨ ᠡᠯᠪᠡᠭ ᠬᠤᠷᠢᠶᠠᠯᠲᠠ ᠶᠢᠨ ᠤᠯᠠᠷᠢᠯ ᠬᠦᠷᠴᠤ ᠢᠷᠡᠯ᠎ᠠ᠂ ᠲᠤᠲᠤᠷᠭ᠎ᠠ ᠶᠢᠨ ᠳᠠᠷᠢᠶ᠎ᠠ ᠳᠤᠯᠬᠢᠶᠠᠯᠠᠨ ᠳᠠᠪᠠᠯᠭᠠᠯᠠᠨ᠎ᠠ | ᠣᠳᠣᠬᠠᠨ ᠳᠤ᠂ ᠶᠠᠭ ᠤᠰᠤᠨ ᠲᠤᠲᠤᠷᠭ᠎ᠠ ᠶᠢᠨ ᠬᠠᠳᠤᠬᠤ ᠴᠠᠭ ᠪᠤᠯᠵᠤ᠂ ᠳ᠋ᠠ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ ᠤ ᠬᠠᠲᠤᠨ ᠭᠤᠣᠯ ᠤᠨ | ᠲᠤᠲᠤᠷᠭ᠎ᠠ ᠵᠢᠭᠠᠰᠤᠨ ᠤ ᠠᠮᠢ ᠠᠬᠤᠢ ᠶᠢᠨ ᠦᠵᠡᠮᠵᠢ ᠶᠢᠨ ᠬᠦᠷᠢᠶᠡᠯᠡᠩ ᠤᠨ1350 ᠮᠦ ᠤᠰᠤᠨ ᠲᠤᠲᠤᠷᠭ᠎ᠠ ᠶᠢ ᠬᠠᠳᠤᠵᠤ ᠬᠤᠷᠢᠶᠠᠭᠠᠳ᠂ ︽ᠡᠯᠪᠡᠭ | ᠬᠤᠷᠢᠶᠠᠯᠲᠠ ᠶᠢᠨ ᠳᠠᠭᠤᠯᠠᠯ︾ ᠢ ᠴᠢᠪᠬᠠᠳᠠᠨ᠎ᠠ ᠃ | | | | | | | | ᠠᠯᠲᠠᠨ ᠨᠠᠮᠤᠷ ᠤᠨ ᠠᠷᠪᠠᠨ ᠰᠠᠷ᠎ᠠ ᠳᠤ᠂ ᠲᠤᠲᠤᠷᠭ᠎ᠠ ᠶᠢᠨ ᠲᠠᠷᠢᠶ᠎ᠠ ᠰᠢᠵᠢᠷᠳᠡᠨ ᠬᠠᠷᠠᠬᠳᠠᠵᠤ᠂ ᠥᠩ ᠰᠢᠮᠡᠯᠢᠭ ᠬᠡᠭᠡᠷ᠎ᠡ ᠳᠠᠯ᠎ᠠ ᠶᠠᠭ ᠯᠠ ᠵᠢᠷᠤᠭ ᠮᠡᠲᠦ᠃ | ᠬᠠᠲᠤᠨ ᠭᠤᠣᠯ ᠤᠨ ᠲᠤᠲᠤᠷᠭ᠎ᠠ ᠵᠢᠭᠠᠰᠤᠨ ᠤ ᠠᠮᠢ ᠠᠬᠤᠢ ᠶᠢᠨ ᠦᠵᠡᠮᠵᠢ ᠶᠢᠨ ᠬᠦᠷᠢᠶᠡᠯᠡᠩ ᠳᠤ᠂ ᠠᠯᠲᠠᠨ ᠰᠢᠷᠭᠠᠯ ᠲᠤᠲᠤᠷᠭ᠎ᠠ ᠶᠢᠨ ᠳᠠᠪᠠᠯᠭᠠᠨ ᠣᠶᠢᠯᠤᠨ | ᠳᠠᠪᠠᠯᠭᠠᠯᠠᠵᠤ᠂ ᠲᠤᠩᠭᠠᠯᠠᠭ ᠰᠠᠶᠢᠬᠠᠨ ᠡᠳᠤᠷ ᠢ ᠳᠤᠬᠢᠶᠠᠯᠳᠤᠭᠤᠯᠤᠨ᠂ ᠲᠠᠷᠢᠶᠠᠴᠢᠳ ᠴᠠᠭ ᠢ ᠠᠮᠵᠢᠨ ᠶᠠᠭᠠᠷᠠᠯᠳᠤᠵᠤ᠂ ᠬᠠᠳᠤᠵᠤ ᠬᠤᠷᠢᠶᠠᠬᠤ ᠮᠠᠰᠢᠨ ᠢᠶᠠᠷ | ᠬᠠᠳᠤᠵᠤ ᠬᠤᠷᠢᠶᠠᠬᠤ ᠠᠵᠢᠯ ᠢᠶᠠᠨ ᠬᠢᠵᠦ ᠪᠠᠶᠢᠯ᠎ᠠ᠃ ᠮᠠᠰᠢᠨ ᠤ ᠬᠦᠷᠴᠢᠬᠢᠨᠡᠬᠦ ᠲᠠᠭᠤᠨ ᠢᠶᠠᠷ 3 ᠬᠠᠳᠤᠵᠤ ᠬᠤᠷᠢᠶᠠᠬᠤ ᠮᠠᠰᠢᠨ ᠲᠠᠷᠢᠶᠠᠨ ᠳᠤᠮᠳᠠ ᠬᠥᠨᠳᠡᠯᠡᠨ | ᠭᠤᠯᠳᠤ ᠪᠠᠷ ᠳᠠᠪᠬᠢᠵᠤ ᠪᠠᠶᠢᠯ᠎ᠠ᠃ | | | ᠳᠡᠮᠡᠢ ᠤᠳᠠᠭᠰᠠᠨ ᠦᠭᠡᠢ᠂ ᠬᠠᠳᠤᠵᠤ ᠬᠤᠷᠢᠶᠠᠬᠤ ᠮᠠᠰᠢᠨ ᠬᠤᠶᠢᠨ᠎ᠠ ᠬᠤᠶᠢᠨ᠎ᠠ ᠠᠴᠠ ᠪᠠᠨ ᠪᠤᠴᠠᠨ ᠢᠷᠡᠵᠦ᠂ ᠠᠮᠤ ᠪᠤᠳᠠᠭ᠎ᠠ ᠭᠠᠷᠭᠠᠬᠤ ᠠᠮᠠᠰᠠᠷ ᠢ ᠠᠮᠤ | ᠪᠤᠳᠠᠭ᠎ᠠ ᠵᠥᠭᠡᠭᠡᠪᠦᠷᠢᠯᠡᠬᠦ ᠲᠡᠷᠭᠡᠨ ᠳᠤ ᠲᠠᠭᠠᠷᠠᠭᠤᠯᠤᠨ᠂ ᠠᠯᠳᠠᠨ ᠰᠢᠷᠭᠠᠯ ᠠᠮᠤ ᠶᠢᠨ ᠮᠥᠬᠦᠯᠢᠭᠤᠳ ᠴᠢᠳᠬᠤᠯᠠᠨ ᠪᠠᠭᠤᠵᠤ᠂ ᠮᠥᠬᠦᠯᠢᠭ ᠳᠦᠭᠦᠷᠡᠩ | ᠲᠤᠲᠤᠷᠭ᠎ᠠ ᠶᠢ ᠬᠤᠷᠢᠶᠠᠵᠤ ᠠᠪᠤᠨ᠎ᠠ᠃ ᠡᠨᠡ ᠵᠢᠯ᠂ ᠬᠠᠲᠤᠨ ᠭᠤᠣᠯ ᠤᠨ ᠲᠤᠲᠤᠷᠭ᠎ᠠ ᠵᠢᠭᠠᠰᠤᠨ ᠤ ᠠᠮᠢ ᠠᠬᠤᠢ ᠶᠢᠨ ᠦᠵᠡᠮᠵᠢ ᠶᠢᠨ ᠬᠦᠷᠢᠶᠡᠯᠡᠩ ᠤᠨ ᠤᠰᠤᠨ | ᠲᠤᠲᠤᠷᠭ᠎ᠠ ᠡᠯᠪᠡᠭ ᠬᠤᠷᠢᠶᠠᠯᠲᠠ ᠣᠯᠵᠤ᠂ ᠶᠡᠷᠦᠩᠬᠡᠢ ᠤᠨᠠᠯᠲᠠ ᠨᠢ ᠵᠢᠱᠢᠯᠲᠡ ᠪᠠᠷ 100 ᠲᠦᠮᠡᠨ ᠵᠢᠩ ᠳᠤ ᠬᠦᠷᠬᠦ ᠪᠣᠯᠣᠨ᠎ᠠ᠃ | ᠬᠠᠳᠤᠵᠤ ᠬᠤᠷᠢᠶᠠᠬᠤ᠂ ᠮᠥᠯᠢᠬᠦ᠂ ᠲᠡᠷᠭᠡᠨ ᠳᠤ ᠠᠴᠢᠬᠤ ᠪᠠᠷ ᠳᠡᠮᠵᠢᠨ᠂ ᠮᠥᠬᠦᠯᠢᠭ ᠳᠦᠭᠦᠷᠡᠩ ᠲᠤᠲᠤᠷᠭ᠎ᠠ ᠶᠢ ᠵᠢᠵᠢᠭ ᠠᠭᠤᠯᠠ ᠪᠣᠯᠭᠠᠨ ᠣᠪᠣᠭᠠᠯᠠᠵᠤ᠂ | ᠭᠠᠵᠠᠷ ᠪᠣᠯᠭᠠᠨ ᠳᠤ ᠲᠠᠪᠤᠨ ᠥᠩᠭᠡ ᠰᠣᠯᠣᠩᠭᠠᠷᠠᠭᠰᠠᠨ ᠪᠠᠶᠠᠷᠯᠠᠭᠤᠰᠢᠲᠠᠢ ᠪᠠᠶᠢᠳᠠᠯ ᠢᠯᠡᠷᠡᠵᠦ᠂ ᠡᠯᠪᠡᠭ ᠬᠤᠷᠢᠶᠠᠯᠲᠠ ᠶᠢᠨ ᠪᠠᠶᠠᠷ ᠪᠠᠶᠠᠰᠤᠯ ᠤᠨ ᠲᠠᠭᠤᠨ | ᠴᠤᠤᠷᠢᠶᠠᠲᠤᠨ᠎ᠠ᠃ |  | | | | ︽ᠬᠠᠲᠤᠨ ᠭᠤᠣᠯ ᠤᠨ ᠲᠤᠲᠤᠷᠭ᠎ᠠ ᠵᠢᠭᠠᠰᠤᠨ ᠤ ᠠᠮᠢ ᠠᠬᠤᠢ ᠶᠢᠨ ᠦᠵᠡᠮᠵᠢ ᠶᠢᠨ ᠬᠦᠷᠢᠶᠡᠯᠡᠩ ᠤᠨ ᠲᠠᠯᠠᠪᠠᠶ ᠨᠢ ᠨᠡᠶᠢᠲᠡ 1530 ᠮᠦ᠂ ᠳᠠᠷᠢᠮᠠᠯ | ᠲᠡᠵᠢᠭᠡᠪᠤᠷᠢ ᠵᠢᠨᠲ᠋ᠠᠯᠠᠪᠠᠶ ᠨᠢ 1300 ᠭᠠᠷᠤᠢ ᠮᠦ ᠪᠠᠶᠢᠵᠤ᠂ ᠪᠢᠳᠡ ᠨᠢᠭᠡ ᠤᠰᠤ ᠶᠢ ᠣᠯᠠᠨ ᠬᠡᠷᠡᠭᠯᠡᠵᠦ᠂ ᠨᠢᠭᠡ ᠲᠠᠷᠢᠶ᠎ᠠ ᠶᠢ ᠣᠯᠠᠨ ᠬᠤᠷᠢᠶᠠᠬᠤ | ᠶᠡᠷᠦᠩᠬᠡᠶᠢᠯᠡᠭᠰᠡᠨ ᠳᠠᠷᠢᠵᠤ ᠲᠡᠵᠢᠭᠡᠨ ᠦᠷᠡᠵᠢᠭᠦᠯᠬᠦ ᠰᠢᠰᠲ᠋ᠧᠮ ᠢ ᠪᠠᠶᠢᠭᠤᠯᠵᠠᠢ᠃ ᠡᠨᠡ ᠵᠢᠯ ᠤᠨ ᠲᠤᠲᠤᠷᠭ᠎ᠠ ᠶᠢᠨ ᠲᠥᠷᠥᠯ ᠵᠦᠢᠯ 4 ᠵᠦᠢᠯ ᠪᠤᠶ᠂ ᠳ᠋ᠤᠤ | ᠬᠤᠸᠠ ᠰᠢᠶᠠᠩ᠂ ᠯᠦᠩ ᠳ᠋ᠤᠤ 16᠂ ᠰᠦᠩ ᠵᠢᠩ 22᠂ ᠪᠠᠰᠠ ᠭᠢᠷᠢᠨ 816 ᠪᠤᠢ᠂ ᠮᠠᠨ ᠤ ᠡᠨᠡ ᠵᠢᠯ ᠤᠨ ᠮᠦ ᠪᠦᠷᠢ ᠶᠢᠨ ᠬᠠᠮᠤᠭ ᠤᠨ ᠰᠠᠶᠢᠨ ᠤᠨᠠᠯᠲᠠ | 1200 ᠵᠢᠩ ᠳᠤ ᠬᠦᠷᠬᠦ ᠪᠣᠯᠣᠨ᠎ᠠ︾ ᠭᠡᠵᠦ ᠬᠠᠳᠤᠨ ᠭᠤᠣᠯ ᠤᠨ ᠲᠤᠲᠤᠷᠭ᠎ᠠ ᠵᠢᠭᠠᠰᠤᠨ ᠤ ᠠᠮᠢ ᠠᠬᠤᠢ ᠶᠢᠨ ᠦᠵᠡᠮᠵᠢ ᠶᠢᠨ ᠬᠦᠷᠢᠶᠡᠯᠡᠩ ᠤᠨ ᠳᠡᠳ᠋ ᠶᠡᠷᠦᠩᠬᠡᠢ | ᠳᠠᠭᠠᠭᠠᠮᠠᠯ ᠯᠢᠦ ᠬᠤᠢ ᠲᠠᠨᠢᠯᠴᠠᠭᠤᠯᠤᠨ᠎ᠠ᠃ | ᠣᠳᠣᠬᠠᠨ ᠳᠤ᠂ ᠬᠠᠲᠤᠨ ᠭᠤᠣᠯ ᠤᠨ ᠲᠤᠲᠤᠷᠭ᠎ᠠ ᠵᠢᠭᠠᠰᠤᠨ ᠤ ᠠᠮᠢ ᠠᠬᠤᠢ ᠶᠢᠨ ᠦᠵᠡᠮᠵᠢ ᠶᠢᠨ ᠬᠦᠷᠢᠶᠡᠯᠡᠩ ᠤᠨ ᠮᠢᠩᠭᠠᠨ ᠮᠦ ᠲᠤᠲᠤᠷᠭ᠎ᠠ ᠶᠢᠨ | ᠲᠠᠷᠢᠶᠠᠨ ᠳᠤ ᠲᠠᠷᠢᠶᠠᠯᠠᠩ ᠤᠨ ᠣᠳᠣᠬᠢᠴᠢᠯᠠᠭᠰᠠᠨ ᠰᠢᠨ᠎ᠡ ᠲᠣᠨᠤᠭ ᠲᠥᠬᠦᠭᠡᠷᠦᠮᠵᠢ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠳᠠᠷᠢᠬᠤ ᠠᠴᠠ ᠬᠠᠳᠤᠵᠤ | ᠬᠤᠷᠢᠶᠠᠬᠤ ᠬᠦᠷᠲᠡᠯᠡᠬᠢ ᠪᠥᠬᠦ ᠶᠠᠪᠤᠴᠠ ᠳᠤ ᠮᠠᠰᠢᠨ ᠢᠶᠠᠷ ᠠᠵᠢᠯᠯᠠᠵᠤ᠂ ᠤᠰᠤᠨ ᠲᠤᠲᠤᠷᠭ᠎ᠠ ᠶᠢ ᠬᠡᠪᠴᠢᠶᠡᠵᠢᠭᠦᠯᠦᠨ᠂ ᠨᠠᠷᠠᠲᠤ ᠲᠡᠮᠳᠡᠭᠵᠢᠭᠦᠯᠦᠨ᠂ ᠰᠢᠨᠵᠢᠯᠡᠬᠦ | ᠤᠬᠠᠭᠠᠨ ᠮᠡᠷᠭᠡᠵᠢᠯᠵᠢᠭᠦᠯᠦᠨ ᠳᠠᠷᠢᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠠᠵᠤ ᠠᠬᠤᠢ ᠪᠠ ᠠᠮᠢ ᠠᠬᠤᠢ ᠶᠢᠨ ︽ᠬᠤᠣᠰ ᠡᠯᠪᠡᠭ ᠬᠤᠷᠢᠶᠠᠯᠲᠠ︾ | ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | | | | | ᠣᠶᠢᠯᠠᠭᠠᠭᠰᠠᠨ ᠢᠶᠠᠷ᠂ ᠬᠠᠳᠤᠵᠤ ᠬᠤᠷᠢᠶᠠᠭᠰᠠᠨ ᠤ ᠳᠠᠷᠠᠭᠠᠬᠢ ᠲᠤᠲᠤᠷᠭ᠎ᠠ ᠶᠢ ᠵᠠᠬᠢᠶᠠᠯᠠᠭ᠎ᠠ ᠵᠢᠨᠲ᠋ᠤᠭ᠎ᠠ ᠬᠡᠮᠵᠢᠶ᠎ᠡ ᠪᠠᠷ ᠨᠢ ᠦᠨᠳᠦᠰᠦᠯᠡᠨ᠂ ᠲᠡᠷᠡ ᠳᠠᠷᠤᠢ | ᠳᠤᠨᠢ ᠬᠤᠷᠢᠶᠠᠵᠤ ᠲᠡᠷᠡ ᠳᠠᠷᠤᠢ ᠳᠤᠨᠢ ᠪᠤᠯᠪᠠᠰᠤᠷᠠᠭᠤᠯᠬᠤ ᠶᠢ ᠪᠡᠶᠡᠯᠡᠭᠦᠯᠵᠦ᠂ ︽ᠲᠤᠲᠤᠷᠭ᠎ᠠ︾ ᠪᠣᠯᠭᠠᠨ ᠪᠣᠯᠪᠠᠰᠤᠷᠠᠭᠤᠯᠤᠭᠰᠠᠨ ᠤ ᠳᠠᠷᠠᠭ᠎ᠠ᠂ ᠰᠦᠯᠵᠢᠶ᠎ᠡ ᠪᠠᠷ | ᠪᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠬᠤᠲᠠ ᠶᠢᠨ ᠠᠷᠠᠳ ᠤᠨ ᠬᠤᠭᠤᠯᠠᠨ ᠰᠢᠷᠡᠭᠡᠨ ᠳᠡᠭᠡᠷᠡᠬᠦ᠋ᠷᠭᠡᠬᠦ ᠪᠣᠯᠣᠨ᠎ᠠ᠃ ᠲᠣᠰ ᠲᠤᠲᠤᠷᠭ᠎ᠠ ᠶᠢᠨ ᠲᠠᠷᠢᠶ᠎ᠠ ᠶᠢ 10 | ᠰᠠᠷ᠎ᠠ ᠶᠢᠨ 5 ᠤ ᠡᠳᠦᠷ ᠠᠴᠠ ᠡᠬᠢᠯᠡᠨ ᠨᠢᠭᠡᠳᠦᠭᠡᠷ ᠪᠦᠯᠦᠭ ᠢ ᠨᠢ ᠬᠠᠳᠤᠵᠤ ᠬᠤᠷᠢᠶᠠᠭᠠᠳ᠂ ᠵᠢᠱᠢᠯᠲᠡ ᠪᠠᠷ ᠪᠠᠰᠠ ᠬᠤᠶᠠᠷ ᠭᠠᠷᠠᠭ ᠤᠨ ᠳᠠᠷᠠᠭ᠎ᠠ ᠬᠠᠳᠤᠵᠤ | ᠳᠠᠭᠤᠰᠬᠠᠨ᠎ᠠ᠃ | | | | | |