ᠬᠦᠬᠡᠬᠤᠳᠠ ᠠᠴᠠ ᠵᠡᠬᠦᠡᠭᠠᠷ ᠬᠦᠷᠬᠦ ᠳᠠᠮᠤᠷ ᠵᠠᠮ ᠤᠨ ᠠᠮᠤᠷ ᠳᠦᠪᠰᠢᠨ ᠤ ᠬᠠᠮᠠᠭᠠᠯᠠᠯᠳᠠ ᠶᠢᠨ ᠤᠷᠤᠨ ᠭᠠᠷᠭᠠᠬᠤ ᠳᠤᠬᠠᠢ ᠵᠡᠬᠦᠡᠭᠠᠷ ᠬᠤᠰᠢᠭᠤᠨ ᠤ ᠠᠷᠡᠳ  ᠤᠨ ᠵᠠᠰᠠᠭ ᠤᠨ ᠤᠷᠳᠤᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2023/10/20
      ︽ᠳᠠᠮᠤᠷ ᠵᠠᠮ ᠤᠨ ᠠᠮᠤᠷ ᠲᠦᠪᠰᠢᠨ ᠤ ᠬᠠᠮᠢᠶᠠᠷᠤᠯᠳᠡ ᠶᠢᠨ ᠳᠦᠷᠢᠮ︾  ︵ᠳᠦᠷᠦ ᠶᠢᠨ ᠶᠠᠪᠤᠳᠠᠯ ᠤᠨ ᠬᠤᠷᠢᠶᠡᠨ ᠤ ᠵᠠᠷᠯᠢᠭ 639 ᠳᠤᠭᠠᠳᠤ︶ ᠤᠨ ᠬᠤᠯᠪᠤᠬᠳᠠᠯ ᠪᠦᠬᠦᠢ ᠳᠤᠬᠳᠠᠭᠠᠯ ᠢ ᠦᠨᠳᠦᠰᠦᠯᠡᠵᠤ᠂ ᠬᠦᠬᠡᠬᠤᠳᠠ ᠠᠴᠠ ᠵᠡᠬᠦᠡᠭᠠᠷ ᠬᠦᠷᠬᠦ ᠳᠠᠮᠤᠷ ᠵᠠᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠤᠷᠤᠨ ᠢ ᠨᠢᠬᠡᠨᠳᠡ ᠵᠠᠭᠠᠬᠯᠠᠨ ᠳᠤᠬᠳᠠᠭᠠᠪᠠ᠃ ᠡᠳᠦᠬᠡ ᠵᠡᠬᠦᠡᠭᠠᠷ ᠬᠤᠰᠢᠭᠤᠨ ᠤ ᠵᠠᠰᠠᠭ ᠵᠠᠬᠢᠷᠭᠠᠨ ᠤ ᠤᠷᠤᠨ ᠳᠤᠳᠤᠷᠡᠬᠢ ᠬᠦᠬᠡᠬᠤᠳᠠ ᠠᠴᠠ ᠵᠡᠬᠦᠡᠭᠠᠷ ᠬᠦᠷᠬᠦ ᠳᠠᠮᠤᠷ ᠵᠠᠮ  ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠤᠷᠤᠨ ᠤ ᠬᠡᠪᠴᠢᠶ᠎ᠡ ᠶᠢ ᠳᠤᠤᠷᠡᠬᠢ ᠮᠡᠳᠦ ᠵᠡᠷᠯᠠᠪᠠ᠄ᠨᠢᠬᠡ᠂ ᠬᠦᠬᠡᠬᠤᠳᠠ ᠠᠴᠠ ᠵᠡᠬᠦᠡᠭᠠᠷ ᠬᠦᠷᠬᠦ ᠳᠠᠮᠤᠷ ᠵᠠᠮ ︵ᠵᠡᠬᠦᠡᠭᠠᠷ ᠠᠴᠠ ᠳ᠋ᠥᠡᠭᠱᠸᠡᠭ ᠬᠦᠷᠬᠦ ᠵᠠᠮ ᠱᠤᠭᠤᠮ᠄ K0+000-K129+132︔  ᠵᠡᠬᠦᠡᠭᠠᠷ  ᠠᠴᠠ ᠳ᠋ᠥᠡᠭᠱᠸᠡᠭ  ᠬᠦᠷᠬᠦ ᠨᠡᠮᠡᠯᠳᠡ ᠬᠤᠶᠠᠳᠤᠭᠠᠷ ᠱᠤᠭᠤᠮ᠄ K0+000-K56+518︔ ᠰᠤᠸᠡᠨ ᠼᠢ ᠭᠸᠤ ᠳᠤᠰᠬᠠᠢ ᠱᠤᠭᠤᠮ᠄ K0+000-K26+157︔  ᠰᠢ ᠶᠢᠩ ᠽᠢ ᠳᠤᠰᠬᠠᠢ ᠱᠤᠭᠤᠮ᠄ K0+000-K6+176︔ ᠬᠦᠬᠡᠬᠤᠳᠠ ᠠᠴᠠ ᠵᠡᠬᠦᠡᠭᠠᠷ ᠬᠦᠷᠬᠦ ᠱᠤᠭᠤᠮ᠄ K88+039-K123+106︔ ᠬᠦᠬᠡᠬᠤᠳᠠ ᠠᠴᠠ ᠵᠡᠬᠦᠡᠭᠠᠷ ᠬᠦᠷᠬᠦ ᠨᠡᠮᠡᠯᠳᠡ ᠬᠤᠶᠠᠳᠤᠭᠠᠷ ᠱᠤᠭᠤᠮ᠄ K73+770-K106+726︶  ᠤᠨ ᠠᠮᠤᠷ ᠳᠦᠪᠰᠢᠨ ᠤ ᠬᠠᠮᠠᠭᠠᠯᠠᠯᠳᠠ ᠶᠢᠨ ᠤᠷᠤᠨ ᠤ ᠬᠦᠷᠢᠶ᠎ᠡ ᠬᠡᠪᠴᠢᠶ᠎ᠡ ᠶᠢ ᠳᠠᠮᠤᠷ ᠵᠠᠮ ᠤᠨ ᠵᠠᠮ ᠱᠤᠭᠤᠮ ᠤᠨ ᠲᠠᠯᠠᠩ ᠤᠨ ᠨᠠᠯᠠᠤ ᠭᠠᠵᠠᠷ᠂ ᠵᠠᠮ ᠤᠨ ᠰᠤᠪᠠᠭ ᠤᠨ ᠨᠠᠯᠠᠤ ᠶᠢᠨ ᠤᠷᠤᠢ ᠪᠤᠶᠤ ᠳᠠᠮᠤᠷ ᠵᠠᠮ ᠤᠨ ᠬᠦᠬᠦᠷᠬᠡ ︵  ᠳᠠᠮᠤᠷ ᠵᠠᠮ᠂ ᠵᠠᠮ ᠤᠨ ᠬᠤᠶᠠᠷ ᠬᠡᠷᠡᠭᠴᠡᠬᠡᠳᠤ ᠬᠦᠬᠦᠷᠬᠡ ᠶᠢ ᠪᠠᠭᠳᠠᠭᠠᠨ᠎ᠠ︶  ᠶᠢᠨ ᠭᠠᠳᠠᠷ ᠳᠠᠯ᠎ᠠ ᠠᠴᠠ ᠡᠬᠢᠯᠡᠨ ᠭᠠᠳᠠᠭᠰᠢᠯᠠᠬᠤ ᠵᠠᠢ ᠶᠢ ᠳᠤᠰᠪᠤᠷᠢ᠄    1. ᠬᠤᠳᠠ ᠶᠢᠨ ᠳᠤᠭᠤᠷᠢᠭ ᠤᠨ ᠡᠩ ᠤᠨ ᠬᠤᠷᠳᠤᠴᠠᠳᠤ ᠳᠠᠮᠤᠷ ᠵᠠᠮ ᠪᠤᠯ 8 ᠮᠧᠲᠷ ︔    2. ᠬᠤᠳᠠ ᠶᠢᠨ ᠳᠡᠬᠦᠷᠬᠡ ᠶᠢᠨ ᠰᠠᠭᠤᠭᠠᠯᠢ ᠠᠷᠡᠳ ᠤᠨ ᠤᠷᠤᠨ ᠰᠠᠭᠤᠴᠠ ᠶᠢᠨ ᠳᠤᠭᠤᠷᠢᠭ ᠤᠨ ᠡᠩ ᠤᠨ ᠬᠤᠷᠳᠤᠴᠠᠳᠤ ᠳᠠᠮᠤᠷ ᠵᠠᠮ ᠪᠤᠯ10 ᠮᠧᠲᠷ ︔    3. ᠳᠤᠰᠬᠤᠨ ᠪᠠᠯᠭᠠᠰᠤ ᠶᠢᠨ ᠰᠠᠭᠤᠭᠠᠯᠢ ᠠᠷᠡᠳ ᠤᠨ ᠤᠷᠤᠨ ᠰᠠᠭᠤᠴᠠ ᠶᠢᠨ ᠳᠤᠭᠤᠷᠢᠭ ᠤᠨ ᠡᠩ ᠤᠨ ᠬᠤᠷᠳᠤᠴᠠᠳᠤ ᠳᠠᠮᠤᠷ ᠵᠠᠮ ᠪᠤᠯ 12 ᠮᠧᠲᠷ︔    4. ᠪᠤᠰᠤᠳ ᠭᠠᠵᠠᠷ ᠤᠷᠤᠨ ᠤ ᠡᠩ ᠤᠨ ᠬᠤᠷᠳᠤᠴᠠᠳᠤ ᠳᠠᠮᠤᠷ ᠵᠠᠮ ᠪᠤᠯ 15 ᠮᠧᠲᠷ᠃ᠡᠬᠦᠨ ᠳᠤ᠂ ᠵᠠᠮ ᠤᠨ ᠲᠠᠯᠠᠩ ᠤᠨ ᠨᠠᠯᠠᠤ ᠭᠠᠵᠠᠷ ᠬᠡᠳᠡᠭ ᠨᠢ ᠵᠠᠮ ᠤᠨ ᠰᠠᠭᠤᠷᠢ ᠶᠢᠨ ᠬᠠᠵᠠᠭᠤ ᠶᠢᠨ ᠪᠠᠯ ᠤᠨ ᠭᠠᠵᠠᠷ ᠤᠨ ᠭᠠᠳᠠᠷᠭᠤ ᠲᠠᠢ ᠵᠠᠯᠭᠠᠯᠳᠤᠬᠰᠠᠨ ᠬᠡᠰᠡᠭ ᠢ ᠵᠢᠭᠠᠵᠦ᠂ ᠵᠠᠮ ᠤᠨ ᠰᠤᠪᠠᠭ ᠤᠨ ᠨᠠᠯᠠᠤ ᠶᠢᠨ ᠤᠷᠤᠢ ᠬᠡᠳᠡᠭ ᠨᠢ ᠵᠠᠮ ᠤᠨ ᠰᠤᠪᠠᠭ ᠤᠨ ᠨᠠᠯᠠᠤ ᠳᠠᠯ᠎ᠠ ᠬᠢᠬᠡᠳ ᠭᠠᠵᠠᠷ ᠤᠨ ᠭᠠᠳᠠᠷᠭᠤ ᠲᠠᠢ ᠵᠠᠯᠭᠠᠯᠳᠤᠬᠰᠠᠨ ᠬᠡᠰᠡᠭ ᠢ ᠵᠢᠭᠠᠵᠦ ᠪᠤᠢ᠃ᠬᠤᠶᠡᠷ᠂ ᠬᠦᠬᠡᠬᠤᠳᠠ ᠠᠴᠠ ᠵᠡᠬᠦᠡᠭᠠᠷ ᠬᠦᠷᠬᠦ ᠲᠠᠮᠦᠷ ᠵᠠᠮ ᠤᠨ ᠳᠠᠭᠠᠤ ᠠᠵᠤ ᠠᠬᠤᠶᠢᠯᠡᠯ ᠠᠵᠢᠯ ᠦᠢᠯᠡᠰ ᠤᠨ ᠨᠢᠬᠡᠴᠢ ᠵᠢᠴᠢ ᠬᠤᠪᠢ ᠬᠦᠮᠦᠨ ︽  ᠳᠠᠮᠤᠷ ᠵᠠᠮ  ᠤᠨ ᠠᠮᠤᠷ ᠲᠦᠪᠰᠢᠨ ᠤ ᠬᠠᠮᠢᠶᠠᠷᠤᠯᠳᠡ ᠶᠢᠨ ᠳᠦᠷᠢᠮ︾ ᠤᠨ ᠬᠤᠯᠪᠤᠬᠳᠠᠯ ᠪᠦᠬᠦᠢ ᠳᠤᠬᠳᠠᠭᠠᠯ ᠢ ᠵᠢᠷᠤᠮᠯᠠᠵᠤ᠂ ᠳᠠᠮᠤᠷ ᠵᠠᠮ ᠤᠨ ᠳᠡᠬᠡᠬᠡᠪᠦᠷᠢ ᠶᠢᠨ ᠠᠮᠤᠷ ᠳᠦᠪᠰᠢᠨ ᠢ ᠬᠠᠮᠳᠤᠪᠡᠷ ᠬᠠᠮᠠᠭᠠᠯᠠᠬᠤ ᠬᠡᠷᠡᠭᠳᠡᠢ᠃ ᠬᠦᠬᠡᠬᠤᠳᠠ ᠠᠴᠠ ᠵᠡᠬᠦᠡᠭᠠᠷ ᠬᠦᠷᠬᠦ ᠳᠠᠮᠤᠷ ᠵᠠᠮ ᠤᠨ ᠨᠢᠬᠡᠴᠢ ᠶᠢᠨ ᠬᠢᠨ ᠳᠤᠰ ᠠᠯᠪᠠᠨ ᠵᠠᠷᠯᠠᠯ ᠤᠨ ᠬᠡᠪᠴᠢᠶ᠎ᠡ ᠶᠤᠰᠤᠭᠠᠷ ᠪᠠᠷᠢᠮᠵᠢᠶᠠᠳᠤ ᠱᠤᠩ ᠪᠤᠰᠬᠠᠵᠤ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠦᠴᠢᠷ ᠵᠢᠴᠢ ᠵᠠᠮ ᠳᠠᠭᠠᠤ ᠠᠵᠤ ᠠᠬᠤᠶᠢᠯᠡᠯ ᠠᠵᠢᠯ ᠦᠢᠯᠡᠰ ᠤᠨ ᠨᠢᠬᠡᠴᠢ᠂  ᠬᠤᠪᠢ ᠬᠦᠮᠦᠨ ᠬᠠᠤᠯᠢ ᠶᠤᠰᠤᠭᠠᠷ ᠳᠡᠮᠵᠢᠯᠬᠡ ᠦᠵᠡᠬᠦᠯᠬᠦ ᠬᠡᠷᠡᠭᠳᠡᠢ᠃ᠭᠤᠷᠪᠡ᠂ ᠬᠦᠬᠡᠬᠤᠳᠠ ᠠᠴᠠ ᠵᠡᠬᠦᠡᠭᠠᠷ ᠬᠦᠷᠬᠦ ᠳᠠᠮᠤᠷ ᠵᠠᠮ ᠤᠨ ᠵᠠᠮ ᠱᠤᠭᠤᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ  ᠤᠷᠤᠨ ᠳᠤ ︽ᠳᠠᠮᠤᠷ ᠵᠠᠮ ᠤᠨ ᠠᠮᠤᠷ ᠲᠦᠪᠰᠢᠨ ᠤ ᠬᠠᠮᠢᠶᠠᠷᠤᠯᠳᠡ ᠶᠢᠨ ᠳᠦᠷᠢᠮ︾ ᠤᠨ ᠬᠤᠯᠪᠤᠬᠳᠠᠯ ᠪᠦᠬᠦᠢ ᠳᠤᠬᠳᠠᠭᠠᠯ ᠢ  ᠲᠤᠤᠷᠠᠬᠢ ᠮᠠᠳᠤ ᠵᠢᠷᠤᠮᠯᠠᠬᠤ ᠬᠡᠷᠡᠭᠳᠡᠢ᠄ ︵ᠨᠢᠬᠡ︶ ᠳᠠᠮᠤᠷ ᠵᠠᠮ ᠤᠨ ᠵᠠᠮ ᠱᠤᠭᠤᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠤᠷᠤᠨ ᠳᠤ ᠠᠳᠠᠷ ᠭᠠᠵᠠᠷ ᠢ ᠰᠢᠳᠠᠭᠠᠬᠤ᠂ ᠮᠠᠯ ᠬᠠᠷᠢᠭᠤᠯᠬᠤ᠂ ᠳᠠᠮᠤᠷ ᠵᠠᠮ ᠤᠨ ᠠᠮᠤᠷ ᠲᠦᠪᠰᠢᠨ ᠢ ᠨᠦᠯᠦᠬᠡᠯᠡᠬᠦ ᠪᠡ ᠳᠡᠷᠬᠡᠨ ᠤ ᠬᠠᠷᠠᠭ᠎ᠠ ᠶᠢ ᠬᠠᠯᠬᠠᠯᠠᠬᠤ ᠮᠤᠳᠤ ᠵᠡᠷᠬᠡ ᠤᠷᠭᠤᠮᠠᠯ ᠳᠠᠷᠢᠬᠤ ᠶᠢ ᠴᠠᠭᠠᠵᠠᠯᠠᠨ᠎ᠠ᠃ ᠲᠠᠮᠤᠷ ᠵᠠᠮ ᠤᠨ ᠠᠮᠤᠷ ᠳᠦᠪᠰᠢᠨ ᠤ ᠬᠠᠮᠠᠭᠠᠯᠠᠯᠳᠠ ᠶᠢᠨ ᠤᠷᠤᠨ ᠳᠤ ᠪᠤᠬᠢᠷᠳᠤᠯ ᠢ ᠭᠠᠳᠠᠭᠰᠢᠯᠠᠭᠤᠯᠬᠤ᠂ ᠬᠤᠭ ᠨᠤᠪᠰᠢ ᠤᠷᠬᠢᠬᠤ ᠵᠢᠴᠢ ᠳᠠᠮᠤᠷ ᠵᠠᠮ ᠤᠨ ᠠᠮᠤᠷ ᠲᠦᠪᠰᠢᠨ ᠳᠤ ᠬᠤᠤᠷ ᠬᠦᠨᠦᠬᠡᠯ ᠤᠴᠠᠷᠠᠭᠤᠯᠬᠤ ᠪᠤᠰᠤᠳ ᠪᠤᠳᠠᠰ ᠤᠷᠬᠢᠬᠤ ᠶᠢ ᠴᠠᠭᠠᠵᠠᠯᠠᠨ᠎ᠠ᠃ ︵ᠬᠤᠶᠡᠷ︶  ᠳᠠᠮᠤᠷ ᠵᠠᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠤᠷᠤᠨ ᠳᠤ ᠪᠠᠷᠢᠯᠭ᠎ᠠ ᠪᠠᠷᠢᠬᠤ᠂ ᠪᠠᠷᠢᠯᠭ᠎ᠠ ᠶᠢᠨ ᠵᠦᠢᠯ ᠵᠡᠷᠭᠡ ᠳᠦᠬᠦᠬᠡᠷᠦᠮᠵᠢ ᠪᠠᠶᠢᠭᠤᠯᠬᠤ᠂ ᠰᠢᠷᠤᠢ ᠤᠬᠤᠬᠤ᠂ ᠡᠯᠡᠰᠦ ᠮᠠᠯᠳᠠᠬᠤ᠂ ᠰᠤᠪᠠᠭ ᠮᠠᠯᠳᠠᠬᠤ᠂ ᠴᠦᠮᠦᠷᠡᠬᠡᠬᠦ  ᠪᠤᠶᠤ  ᠪᠤᠳᠠᠰ ᠤᠪᠤᠭᠠᠯᠠᠬᠤ᠂ ᠶᠠᠭᠤᠮ᠎ᠡ ᠡᠯᠬᠦᠬᠦ ᠳᠡᠭᠡᠨ ᠳᠠᠮᠤᠷ ᠵᠠᠮ  ᠤᠨ ᠳᠡᠬᠡᠬᠡᠪᠦᠷᠢ ᠶᠢᠨ ᠠᠵᠤ ᠠᠬᠤᠶᠢᠯᠡᠯ ᠤᠨ  ᠵᠦᠪᠰᠢᠶᠡᠷᠡᠯ ᠢ ᠤᠯᠬᠤ ᠶᠢᠨ ᠲᠠᠭᠠᠤ ᠠᠮᠤᠷ ᠲᠦᠪᠰᠢᠨ ᠤ ᠬᠡᠯᠡᠯᠴᠡᠬᠡᠷ ᠳᠤᠬᠳᠠᠵᠤ᠂ ᠲᠠᠮᠤᠷ ᠵᠠᠮ ᠤᠨ ᠠᠮᠤᠷ ᠲᠦᠪᠰᠢᠨ ᠢ ᠪᠠᠳᠤᠯᠠᠬᠤ ᠤᠯᠤᠰ ᠤᠨ ᠪᠠᠷᠢᠮᠵᠢᠶ᠎ᠡ᠂ ᠠᠵᠢᠯ ᠤᠨ ᠪᠠᠷᠢᠮᠵᠢᠶ᠎ᠡ᠂ ᠠᠵᠢᠯ ᠳᠦᠷᠦᠯ ᠤᠨ ᠪᠠᠷᠢᠮᠵᠢᠶ᠎ᠡ ᠪᠠ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶ᠎ᠡ  ᠶᠢ ᠵᠢᠷᠤᠮᠯᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠳᠠᠮᠤᠷ ᠵᠠᠮ ᠤᠨ ᠳᠡᠬᠡᠬᠡᠪᠦᠷᠢ ᠶᠢᠨ ᠠᠮᠤᠷ ᠲᠦᠪᠰᠢᠨ ᠢ ᠨᠦᠯᠦᠬᠡᠯᠡᠬᠦ ᠶᠢ ᠰᠡᠷᠬᠡᠶᠢᠯᠡᠬᠦ ᠬᠡᠷᠡᠭᠳᠡᠢ᠃ ᠳᠠᠮᠤᠷ ᠵᠠᠮ ᠤᠨ ᠳᠡᠬᠡᠬᠡᠪᠦᠷᠢ ᠶᠢᠨ ᠠᠵᠤ ᠠᠬᠤᠶᠢᠯᠡᠯ ᠤᠨ ᠬᠢᠨ ᠬᠦᠮᠦᠨ ᠳᠤᠮᠢᠯᠠᠨ ᠪᠠᠷᠢᠯᠭ᠎ᠠ ᠶᠢᠨ ᠠᠵᠢᠯ ᠤᠨ ᠳᠤᠬᠠᠢ ᠶᠢᠨ ᠭᠠᠵᠠᠷ ᠲᠤ ᠠᠶᠤᠯ ᠦᠬᠡᠢ ᠶᠢᠨ ᠬᠢᠨᠠᠯᠳᠠ ᠳᠠᠯᠪᠢᠬᠤ ᠬᠡᠷᠡᠭᠳᠡᠢ᠃ ︵ᠭᠤᠷᠪᠡ︶ ᠳᠠᠮᠤᠷ ᠵᠠᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠤᠷᠤᠨ ᠳᠠᠬᠢ ᠨᠢᠬᠡᠨᠳᠡ ᠪᠠᠷᠢᠬᠰᠠᠨ ᠪᠠᠷᠢᠯᠭ᠎ᠠ᠂ ᠪᠠᠷᠢᠯᠭ᠎ᠠ ᠶᠢᠨ ᠵᠦᠢᠯ ᠨᠢ ᠳᠠᠮᠤᠷ ᠵᠠᠮ  ᠤᠨ ᠳᠡᠬᠡᠬᠡᠪᠦᠷᠢ ᠶᠢᠨ ᠠᠮᠤᠷ ᠲᠦᠪᠰᠢᠨ ᠳᠤ ᠰᠦᠷᠳᠡᠬᠦᠯᠦᠯ ᠪᠤᠯᠤᠬᠰᠠᠨ ᠪᠠᠶᠢᠪᠠᠯ ᠬᠦᠴᠦᠨ ᠪᠦᠬᠦᠢ ᠠᠮᠤᠷ ᠲᠦᠪᠰᠢᠨ ᠤ ᠰᠡᠷᠬᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠳᠡᠢ︔ ᠠᠮᠤᠷ ᠲᠦᠪᠰᠢᠨ ᠤ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠠᠪᠤᠬᠰᠠᠨ ᠤ ᠳᠠᠷᠠᠭ᠎ᠠ ᠮᠦᠨ ᠯᠡ ᠠᠮᠤᠷ ᠳᠦᠪᠰᠢᠨ ᠢ ᠪᠠᠳᠤᠯᠠᠵᠤ ᠴᠢᠳᠠᠬᠤ ᠦᠬᠡᠢ ᠪᠠᠶᠢᠪᠠᠯ ᠬᠤᠯᠪᠤᠬᠳᠠᠯ ᠪᠦᠬᠦᠢ ᠬᠠᠤᠯᠢ ᠴᠠᠭᠠᠵᠠ ᠶᠢᠨ ᠳᠤᠬᠳᠠᠭᠠᠯ ᠶᠤᠰᠤᠭᠠᠷ ᠨᠤᠷᠠᠭᠠᠬᠤ ᠬᠡᠷᠡᠭᠳᠡᠢ᠃ᠳᠠᠮᠤᠷ ᠵᠠᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠤᠷᠤᠨ ᠳᠠᠬᠢ ᠪᠠᠷᠢᠯᠭ᠎ᠠ᠂ ᠪᠠᠷᠢᠯᠭ᠎ᠠ ᠶᠢᠨ ᠵᠦᠢᠯ ᠢ ᠨᠤᠷᠠᠭᠠᠬᠤ᠂ ᠳᠠᠮᠤᠷ ᠵᠠᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠤᠷᠤᠨ ᠳᠠᠬᠢ ᠤᠷᠭᠤᠮᠠᠯ ᠢ ᠴᠡᠪᠡᠷᠯᠡᠬᠦ᠂ ᠡᠰᠡᠬᠦᠯ᠎ᠡ ᠳᠠᠮᠤᠷ ᠵᠠᠮ ᠤᠨ ᠬᠠᠮᠠᠭᠠᠯᠠᠯᠳᠠ ᠶᠢᠨ ᠤᠷᠤᠨ ᠳᠠᠬᠢ ᠪᠤᠰᠤᠳ ᠬᠦᠮᠦᠨ ᠤ ᠬᠠᠤᠯᠢ ᠶᠤᠰᠤᠭᠠᠷ ᠨᠢᠬᠡᠨᠳᠡ ᠤᠯᠤᠬᠰᠠᠨ ᠠᠭᠤᠷᠬᠠᠢ ᠮᠠᠯᠳᠠᠬᠤ ᠡᠷᠬᠡ ᠵᠡᠷᠬᠡ ᠬᠠᠤᠯᠢ ᠶᠤᠰᠤᠨ ᠤ ᠡᠷᠬᠡ ᠶᠢ ᠬᠢᠵᠠᠭᠠᠷᠯᠠᠵᠦ᠂ ᠪᠤᠰᠤᠳ ᠬᠦᠮᠦᠨ ᠳᠤ ᠬᠤᠬᠢᠷᠡᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠨᠦᠬᠦᠪᠦᠷᠢ ᠤᠯᠭᠤᠬᠤ ᠪᠤᠶᠤ ᠴᠢᠬᠤᠯᠠ ᠪᠦᠬᠦᠢ ᠨᠦᠬᠦᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠳᠡᠢ᠃ ᠬᠡᠪᠡᠴᠤ ᠬᠠᠤᠯᠢ ᠪᠤᠰᠤ ᠪᠠᠷ ᠪᠠᠶᠢᠭᠤᠯᠤᠬᠰᠠᠨ ᠪᠠᠷᠢᠯᠭ᠎ᠠ᠂ ᠪᠠᠷᠢᠯᠭ᠎ᠠ ᠶᠢᠨ ᠵᠦᠢᠯ ᠢ ᠨᠤᠷᠠᠭᠠᠬᠰᠠᠨ ᠢ ᠪᠠᠭᠳᠠᠭᠠᠬᠤ ᠦᠬᠡᠢ᠃ ︵ᠳᠦᠷᠪᠡ︶ ᠳᠠᠮᠤᠷ ᠵᠠᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠤᠷᠤᠨ ᠵᠢᠴᠢ ᠤᠶᠢᠷ᠎ᠡ ᠬᠠᠪᠢ ᠶᠢᠨ ᠤᠷᠤᠨ ᠪᠦᠰᠡ ᠳᠤ ᠪᠠᠶᠢᠭᠤᠯᠤᠬᠰᠠᠨ ᠪᠤᠶᠤ ᠳᠤᠬᠢᠷᠠᠭᠤᠯᠤᠬᠰᠠᠨ ᠪᠠᠷᠢᠯᠭ᠎ᠠ᠂ ᠪᠠᠷᠢᠯᠭ᠎ᠠ ᠶᠢᠨ ᠵᠦᠢᠯ᠂ ᠳᠤᠨᠤᠭ ᠳᠦᠬᠦᠬᠡᠷᠦᠮᠵᠢ ᠵᠡᠷᠬᠡ ᠶᠢ ᠤᠯᠤᠰ ᠠᠴᠠ ᠳᠤᠬᠳᠠᠭᠠᠬᠰᠠᠨ ᠳᠠᠮᠤᠷ ᠵᠠᠮ ᠤᠨ ᠪᠠᠷᠢᠯᠭ᠎ᠠ ᠶᠢᠨ ᠬᠢᠵᠠᠭᠠᠷ ᠬᠡᠪᠴᠢᠶᠡᠨ ᠳᠤ ᠤᠷᠤᠭᠤᠯᠵᠤ ᠪᠤᠯᠬᠤ ᠦᠬᠡᠢ᠃                  ᠤᠨᠴᠠᠭᠠᠶᠢᠯᠠᠨ ᠵᠠᠷᠯᠡᠪᠡ                                                ᠵᠡᠬᠦᠡᠭᠠᠷ  ᠬᠤᠰᠢᠭᠤᠨ ᠤ ᠠᠷᠠᠳ ᠤᠨ ᠵᠠᠰᠠᠭ ᠤᠨ ᠤᠷᠳᠤᠨ                                                2023 ᠤᠨ ᠤ 6 ᠰᠠᠷ᠎ᠠ ᠶᠢᠨ1 ᠤ ᠡᠳᠦᠷ 
ᠢᠷᠡᠯᠲᠡ᠄ ᠲᠤᠰ ᠰᠦᠯᠵᠢᠶ᠎ᠡ