| ᠵᠡᠭᠦᠨᠭᠠᠷ ᠬᠤᠰᠢᠭᠤᠨ ᠤ ᠸᠧᠢ ᠵᠢᠶᠠ ᠮᠣᠣ ᠪᠠᠯᠭᠠᠰᠤᠨ ᠤ ᠳ᠋ᠦ᠋ ᠵᠢᠶᠠ ᠮᠣᠣ ᠲᠣᠰᠬᠤᠨ ᠳᠤ ᠪᠠᠶᠢᠷᠢᠰᠢᠵᠤ᠂ ᠪᠦᠦ ᠽᠢ ᠲᠠ ᠶᠢ ᠪᠠᠰᠠ ᠳ᠋ᠦ᠋ ᠵᠢᠶᠠ ᠮᠣᠣ᠂ ᠼᠦᠢ | ᠴᠧᠩ ᠵᠠᠢ ᠭᠡᠳᠡᠭ᠂ ᠲᠡᠷᠡ ᠨᠢ ᠥᠪᠥᠷ ᠮᠣᠩᠭᠤᠯ ᠤᠨ ᠵᠡᠭᠦᠨᠭᠠᠷ ᠬᠤᠰᠢᠭᠤᠨ ᠤ ᠬᠠᠮᠤᠭ ᠵᠡᠭᠦᠨ ᠵᠠᠬ᠎ᠠ ᠳᠤ ᠪᠠᠶᠢᠷᠢᠯᠠᠨ᠂ ᠬᠠᠲᠤᠨ ᠭᠤᠣᠯ ᠤᠨ ᠬᠠᠮᠤᠭ ᠢᠪᠴᠤᠤ | ᠨᠢᠭᠡᠨ ᠮᠤᠷᠤᠢ ᠵᠠᠮ ᠳᠡᠭᠡᠷᠠᠪᠠᠶᠢᠳᠠᠭ᠃ ᠭᠤᠷᠪᠠᠨ ᠳᠠᠯ᠎ᠠ ᠪᠠᠷ ᠢᠶᠠᠨ ᠤᠰᠤ ᠲᠠᠢ ᠨᠢᠭᠤᠷᠯᠠᠵᠤ᠂ ᠨᠢᠭᠡ ᠱᠤᠭᠤᠮ ᠢᠶᠠᠷ ᠬᠠᠭᠤᠷᠠᠢ ᠭᠠᠵᠠᠷ ᠲᠠᠢ ᠨᠡᠪᠲᠡᠷᠡᠨ᠂ ᠲᠡᠭᠦᠨ ᠤ | ᠬᠡᠯᠪᠡᠷᠢ ᠳᠦᠷᠰᠦ ᠨᠢ ᠶᠠᠭ ᠬᠠᠲᠤᠨ ᠭᠤᠣᠯ ᠤᠨ ᠬᠥᠪᠡᠭᠡᠨ ᠳᠤ ᠰᠢᠭᠢᠳᠬᠡᠭᠰᠡᠨ ᠨᠢᠭᠡ ᠪᠤᠤᠰᠠ ᠰᠢᠭ᠋ ᠪᠠᠶᠢᠳᠠᠭ ᠠᠴᠠ ᠢᠩᠭᠢᠵᠦ ᠨᠡᠷᠡᠯᠡᠭᠳᠡᠭᠰᠡᠨ ᠪᠠᠶᠢᠨ᠎ᠠ᠃ | ᠲᠡᠭᠦᠨ ᠤ ᠵᠡᠭᠦᠨ ᠲᠠᠯ᠎ᠠ ᠨᠢ ᠬᠠᠲᠤᠨ ᠭᠤᠣᠯ ᠲᠠᠢ ᠵᠠᠯᠭᠠᠯᠳᠤᠨ᠂ ᠱᠠᠨ ᠰᠢ ᠶᠢᠨ ᠫᠢᠶᠠᠨ ᠭᠤᠸᠠᠨ ᠰᠢᠶᠠᠨ ᠲᠠᠢ ᠭᠤᠣᠯ ᠢᠶᠠᠷ ᠵᠠᠭᠠᠬᠯᠠᠬᠳᠠᠵᠤ᠂ ᠬᠤᠶᠢᠰᠢ ᠪᠠᠨ | ᠪᠠᠷᠠᠯᠠᠬᠤ ᠳᠤ ᠴᠢᠩ ᠱᠦᠢ ᠾᠧ ᠰᠢᠶᠠᠨ ᠬᠠᠷᠠᠬᠳᠠᠵᠤ ᠪᠤᠢ᠃ ᠨᠡᠶᠢᠲᠡᠯᠢᠭ ᠰᠢᠷ᠎ᠠ ᠬᠥᠷᠥᠰᠥᠲᠦ ᠳᠣᠪᠣᠷᠬᠠᠭ ᠣᠷᠣᠨ ᠳᠤ ᠬᠠᠷᠢᠶᠠᠯᠠᠭᠳᠠᠵᠤ᠂ ᠪᠦᠬᠦ ᠲᠣᠰᠬᠤᠨ ᠤ | ᠶᠡᠷᠦᠩᠬᠡᠢ ᠲᠠᠯᠠᠪᠠᠶ ᠨᠢ 23 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠲᠣᠰᠬᠤᠨ ᠤ ᠠᠷᠠᠳ ᠨᠢ ᠡᠷᠲᠡᠨ ᠤ ᠴᠢᠯᠠᠭᠤᠨ ᠴᠠᠶᠢᠵᠠ ᠶᠢᠨ ᠪᠤᠤ ᠽᠢ ᠲᠠ ᠳᠤ | ᠲᠠᠷᠠᠬᠠᠢ ᠪᠤᠳᠠᠷᠬᠠᠢ ᠰᠠᠭᠤᠷᠢᠰᠢᠵᠤ ᠪᠠᠶᠢᠪᠠ᠃ | 1904 ᠣᠨ ᠳᠤ ᠡᠭᠦᠰᠦᠭᠰᠡᠨ ᠵᠡᠭᠦᠨᠭᠠᠷ ᠬᠤᠰᠢᠭᠤᠨ ᠤ ᠵᠡᠭᠦᠨ ᠲᠤᠰᠠᠯᠠᠭᠴᠢ ᠳᠠᠶᠢᠵᠢ ᠳ᠋ᠠᠮᠫᠢᠯ ᠤᠨ ᠤᠳᠤᠷᠢᠳᠤᠭᠰᠠᠨ ᠠᠲᠠᠷ ᠬᠠᠭᠠᠯᠪᠤᠷᠢᠯᠠᠬᠤ ᠶᠢ | ᠡᠰᠡᠷᠭᠦᠴᠡᠭᠰᠡᠨ ᠬᠠᠮᠤᠭ ᠰᠡᠭᠦᠯᠴᠢ ᠶᠢᠨ ᠪᠠᠬᠢᠯᠡᠯᠲᠡ ᠶᠢ ᠰᠠᠬᠢᠬᠤ ᠲᠡᠮᠡᠴᠡᠯ ᠨᠢ ᠳᠠᠷᠤᠢ ᠠᠳᠡ ᠶᠠᠪᠤᠬᠳᠠᠬᠰᠠᠨ ᠶᠤᠮ᠃ 2014 ᠣᠨ ᠳᠤ ᠤᠯᠤᠰ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠤᠶᠠᠳᠤᠭᠠᠷ ᠪᠦᠯᠦᠭ ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ ᠢᠶᠠᠷ | ᠨᠡᠷᠡᠶᠢᠳᠪᠡ᠃ ᠣᠳᠣᠬᠠᠨ ᠳᠤ ᠪᠤᠤ ᠽᠢ ᠲᠠ ᠶᠢᠨ ᠵᠤᠭᠠᠴᠠᠯ ᠤᠨ ᠲᠤᠰᠬᠠᠢ ᠱᠤᠭᠤᠮ ᠤᠨ ᠵᠠᠰᠠᠮᠠᠯ ᠵᠠᠮ ᠨᠢ 304 ᠮᠤᠵᠢ ᠶᠢᠨ ᠵᠠᠮ ᠲᠠᠢ ᠬᠤᠯᠪᠣᠯᠳᠤᠵᠤ ᠪᠠᠶᠢᠨ᠎ᠠ᠃ |