| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 23 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 23 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ | ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ | ᠣᠷᠣᠯᠴᠠᠵᠤ ᠪᠠᠶᠠᠷ ᠬᠦᠷᠭᠡᠪᠡ᠂ ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠵᠡᠢ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨ ᠢᠶᠠᠷ ᠪᠢᠯᠬᠠᠨ᠎ᠠ᠃ | ᠲᠡᠷᠢᠭᠦᠯᠡᠭᠴᠢᠳ ᠤᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ︾ ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠲᠥᠪ ᠳᠤᠮᠳᠠ ᠨᠢ ᠳᠤᠮᠳᠠᠳᠤ ᠶᠢᠨ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠶᠢᠨ ᠬᠤᠷᠠᠯ ᠤᠨ ᠰᠦᠯᠳᠡ ᠶᠢ ᠡᠯᠭᠦᠵᠦ᠂ 10 ᠤᠯᠠᠭᠠᠨ ᠲᠤᠭ ᠢ ᠬᠤᠶᠠᠷ ᠮᠥᠷᠥᠯᠡᠨ ᠵᠢᠭᠰᠠᠭᠠᠪᠠ᠃ ᠬᠤᠶᠠᠳᠤᠭᠠᠷ | ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ ᠡᠮᠡᠭᠲᠡᠶᠢᠴᠦᠳ ᠢ ᠳᠠᠶᠢᠴᠢᠯᠠᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ | ᠲᠡᠮᠡᠴᠡᠵᠡᠭᠡᠶ᠎ᠡ︕︾ ᠭᠡᠰᠡᠨ ᠲᠣᠮᠣ ᠬᠥᠨᠳᠡᠯᠡᠨ ᠪᠢᠴᠢᠭᠡᠰᠦ ᠶᠢ ᠡᠯᠭᠦᠵᠡᠢ᠃ | ᠪᠦᠭᠦ ᠤᠯᠤᠰ ᠤᠨ ᠡᠯ᠎ᠡ ᠠᠵᠢᠯ ᠳᠦᠷᠦᠯ ᠠᠴᠠ ᠬᠦᠷᠦᠯᠴᠡᠨ ᠢᠷᠡᠭᠰᠡᠨ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ | ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ 1800 ᠰᠢᠬᠠᠮ ᠲᠥᠯᠥᠭᠡᠯᠡᠭᠴᠢ ᠪᠣᠯᠣᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ᠂ | ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ 90 ᠣᠨᠴᠠ ᠤᠷᠢᠭᠰᠠᠨ ᠲᠥᠯᠥᠭᠡᠯᠡᠭᠴᠢ ᠲᠦᠭ ᠲᠦᠮᠡᠨ ᠡᠮᠡᠭᠲᠡᠶᠢᠴᠦᠳ ᠤᠨ ᠬᠦᠨᠳᠦ ᠨᠠᠶᠢᠳᠠᠯᠭ᠎ᠠ ᠶᠢ | ᠡᠭᠦᠷᠭᠡᠯᠡᠵᠦ ᠦᠪᠡᠳᠡᠭᠰᠢ ᠬᠤᠷᠠᠯ ᠳᠤ ᠣᠷᠣᠯᠴᠠᠪᠠ᠃ | ᠦᠳᠡ ᠶᠢᠨ ᠡᠮᠦᠨᠡᠬᠢ 10 ᠴᠠᠭ ᠲᠤ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ ᠲᠠᠯᠠᠪᠠᠢ ᠳᠤ ᠣᠷᠣᠵᠤ ᠢᠷᠡᠬᠦ ᠳᠤ᠂ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ | ᠳᠠᠰᠢᠪᠠ᠃ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ | ᠲᠡᠷᠢᠭᠦᠯᠡᠭᠴᠢ ᠱᠧᠨ ᠶᠤᠸᠠᠢ ᠶᠤᠸᠠᠢ ᠶᠡᠭᠡ ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠵᠤ᠂ ᠤᠯᠤᠰ ᠤᠨ ᠰᠦᠯᠳᠡ ᠳᠠᠭᠤᠤ ᠶᠢ | ᠳᠠᠭᠤᠯᠠᠪᠠ᠃ | ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ︽ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠰᠢᠨ᠎ᠡ ᠴᠠᠭ ᠦᠶ᠎ᠡ ᠶᠢᠨ ︿ᠲᠦᠷᠦ ᠶᠢᠨ ᠬᠠᠭᠠᠰ ᠲᠤᠯᠭᠠᠭᠤᠷᠢ﹀ ᠶᠢᠨ ᠢᠷᠠᠭᠤ ᠰᠠᠶᠢᠬᠠᠨ ᠬᠠᠭᠤᠳᠠᠰᠤ ᠶᠢ | ᠪᠢᠴᠢᠭᠯᠡᠶ᠎ᠡ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ᠂ ᠶᠡᠭᠡ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠭᠦ ᠤᠯᠤᠰ ᠤᠨ ᠥᠷᠭᠡᠨ | ᠤᠯᠠᠨ ᠡᠮᠡᠭᠲᠡᠶᠢᠴᠦᠳ ᠪᠣᠯᠣᠨ ᠡᠮᠡᠭᠲᠡᠶᠢᠴᠦᠳ ᠤᠨ ᠠᠵᠢᠯ ᠤᠨ ᠠᠵᠢᠯᠲᠠᠨ ᠳᠤ ᠳᠣᠲᠣᠨᠣ ᠮᠡᠨᠳᠦᠴᠢᠯᠡᠯ ᠳᠡᠪᠰᠢᠭᠦᠯᠵᠦ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠪᠣᠯᠣᠨ ᠲᠠᠶᠢᠸᠠᠨ ᠣᠷᠣᠨ ᠤ ᠡᠭᠡᠴᠢ ᠳᠡᠭᠦᠦ ᠨᠠᠷ᠂ ᠭᠠᠳᠠᠭᠠᠳᠤ ᠳᠤ ᠰᠠᠭᠤᠭ᠎ᠠ ᠡᠮᠡᠭᠲᠡᠢ ᠬᠠᠷᠢᠶᠠᠲᠤ | ᠨᠠᠷ ᠲᠤ ᠰᠠᠶᠢᠨ ᠰᠠᠶᠢᠬᠠᠨ ᠬᠦᠰᠡᠯ ᠵᠥᠩᠨᠡᠯ ᠳᠡᠪᠰᠢᠭᠦᠯᠪᠡ᠃ | ᠳ᠋ᠢᠩ ᠰᠢᠤᠸᠠᠢ ᠰᠢᠶᠠᠩ ᠪᠠᠶᠠᠷ ᠤᠨ ᠦᠭᠡ ᠳᠡᠭᠡᠨ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠦᠭ ᠲᠦᠮᠡᠨ ᠡᠮᠡᠭᠲᠡᠶᠢᠴᠦᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠳᠠᠶᠢᠯᠠᠯᠳᠤᠭᠠᠨ ᠤ ᠲᠠᠯᠠᠪᠤᠷ ᠲᠤ | ᠡᠷᠡᠮᠡᠬᠡᠶᠢᠯᠡᠨ ᠲᠡᠮᠡᠴᠡᠵᠦ ᠪᠣᠳᠠᠲᠠᠢ ᠠᠵᠢᠯᠯᠠᠵᠤ᠂ ᠰᠢᠨᠵᠢᠯᠡᠬᠦ ᠤᠬᠠᠭᠠᠨ ᠲᠤᠭ᠍ᠨ᠋ᠶᠢᠡ ᠮᠡᠷᠭᠡᠵᠢᠯ ᠤᠨ ᠰᠢᠨ᠎ᠡ ᠶᠢ ᠡᠭᠦᠳᠬᠦ ᠡᠮᠦᠨ᠎ᠡ ᠡᠩᠨᠡᠭᠡᠨ ᠳᠤ ᠵᠣᠷᠢᠭᠲᠠᠢ ᠪᠠᠷ ᠨᠣᠶᠠᠨ | ᠤᠷᠭᠢᠯ ᠳᠤ ᠭᠠᠷᠴᠤ᠂ ᠬᠢᠵᠢᠭ ᠲᠠᠢ ᠲᠡᠮᠡᠴᠡᠬᠦ ᠵᠠᠩᠭᠢᠯᠠᠭ᠎ᠠ ᠶᠢᠨ ᠦᠶ᠎ᠡ ᠳᠤ ᠰᠥᠷᠦᠨ ᠤᠷᠤᠭᠰᠢᠯᠠᠵᠤ᠂ ᠭᠡᠷ ᠪᠦᠯᠢ ᠪᠣᠯᠣᠨ ᠨᠡᠶᠢᠭᠡᠮ ᠲᠣᠭᠤᠷᠢᠭ ᠲᠤ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠬᠢᠴᠢᠶᠡᠩᠭᠦ᠋ᠢᠯᠡᠨ | ᠰᠠᠬᠢᠵᠤ᠂ ᠤᠷᠤᠯᠳᠤᠭᠠᠨ ᠤ ᠲᠠᠯᠠᠪᠤᠷ ᠲᠤ ᠵᠣᠷᠢᠭᠲᠠᠢ ᠥᠷᠢᠰᠦᠯᠳᠦᠵᠦ᠂ ︽ᠲᠦᠷᠦ ᠶᠢᠨ ᠬᠠᠭᠠᠰ ᠲᠤᠯᠭᠠᠭᠤᠷᠢ︾ ᠶᠢᠨ ᠦᠢᠯᠡᠳᠦᠯ ᠢ ᠪᠦᠭᠦ ᠲᠠᠯ᠎ᠠ ᠪᠠᠷ | ᠢᠯᠡᠷᠡᠭᠦᠯᠵᠦ᠂ ᠡᠮᠡᠭᠲᠡᠶᠢᠴᠦᠳ ᠤᠨ ᠬᠥᠭᠵᠢᠯᠲᠡ ᠪᠦᠭᠦ ᠲᠠᠯ᠎ᠠ ᠪᠠᠷ ᠲᠠᠪᠰᠢᠪᠠ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ | ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠬᠦᠴᠦᠯᠡᠨ ᠴᠢᠩᠭᠠᠳᠬᠠᠵᠤ᠂ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ | ᠳᠠᠶᠢᠴᠢᠯᠠᠵᠤ ᠪᠠᠶᠢᠭᠠᠳ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠭᠡᠷ ᠪᠦᠯᠢ ᠭᠡᠷ ᠤᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠰᠢᠨ᠎ᠡ ᠶᠢ | ᠡᠭᠦᠳᠦᠨ ᠠᠬᠢᠭᠤᠯᠵᠤ᠂ ᠡᠷᠬᠡ ᠠᠰᠢᠭ ᠢᠶᠠᠨ ᠬᠠᠮᠠᠭᠠᠯᠠᠵᠤ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠣᠯᠠᠨ | ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠲᠠᠰᠤᠷᠠᠯᠲᠠ ᠦᠭᠡᠢ ᠴᠢᠩᠭᠠᠷᠠᠵᠤ᠂ ᠨᠠᠮ ᠤᠨ ᠲᠥᠷᠥ ᠪᠠᠷᠢᠬᠤ | ᠣᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠳᠤ ᠴᠢᠬᠤᠯᠠ ᠦᠢᠯᠡᠳᠦᠯ ᠦᠵᠡᠭᠦᠯᠵᠡᠢ ᠭᠡᠪᠡ᠃ | ᠳ᠋ᠢᠩ ᠰᠢᠤᠸᠠᠢ ᠰᠢᠶᠠᠩ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠠᠤᠭ᠎ᠠ | ᠲᠥᠰᠥᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠲᠣᠳᠣᠷᠬᠠᠶᠢᠯᠠᠪᠠ᠃ ᠥᠷᠭᠡᠨ ᠣᠯᠠᠨ ᠡᠮᠡᠭᠲᠡᠶᠢᠴᠦᠳ | ᠨᠠᠮ ᠲᠠᠢ ᠪᠠᠨ ᠰᠡᠳᠬᠢᠯ ᠢᠶᠠᠨ ᠨᠢᠭᠡᠳᠬᠡᠵᠦ᠂ ᠨᠠᠮ ᠢᠶᠠᠨ ᠲᠠᠭᠠᠵᠤ ᠡᠷᠡᠯᠬᠡᠭᠯᠡᠨ ᠤᠷᠤᠭᠰᠢᠯᠠᠵᠤ᠂ ᠰᠢᠨ᠎ᠡ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠶᠠᠪᠤᠴᠠ ᠳᠤ | ᠡᠮᠡᠭᠲᠡᠶᠢᠴᠦᠳ ᠤᠨ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠶᠠᠪᠤᠴᠠ ᠳᠤ ᠡᠮᠡᠭᠲᠡᠶᠢᠴᠦᠳ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠵᠦ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠬᠤ ᠶᠠᠪᠤᠴᠠ ᠳᠤ | ᠡᠮᠡᠭᠲᠡᠶᠢᠴᠦᠳ ᠤᠨ ᠥᠪᠡᠷᠮᠢᠴᠡ ᠦᠢᠯᠡᠳᠦᠯ ᠢ ᠢᠯᠡᠷᠡᠭᠦᠯᠵᠦ᠂ ᠰᠢᠨ᠎ᠡ ᠠᠬᠤᠢ ᠪᠠᠶᠢᠳᠠᠯ ᠢ ᠳᠡᠭᠡᠭᠰᠢᠯᠡᠭᠦᠯᠭᠦ ᠶᠠᠪᠤᠴᠠ ᠳᠤ ᠡᠮᠡᠭᠲᠡᠶᠢᠴᠦᠳ ᠤᠨ ᠭᠡᠷᠡᠯ ᠭᠢᠯᠪᠠᠭ᠎ᠠ ᠪᠠᠨ | ᠰᠠᠴᠤᠷᠠᠭᠤᠯᠤᠭᠰᠠᠨ ᠠᠮᠢᠳᠤᠷᠠᠬᠤᠢ ᠶᠢ ᠡᠭᠦᠳᠴᠦ᠂ ᠨᠡᠩ ᠴᠢᠩᠭ᠎ᠠ ᠲᠡᠦᠬᠡ ᠶᠢᠨ ᠤᠬᠠᠮᠰᠠᠷ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ | ᠰᠢᠨ᠎ᠡ ᠠᠶᠠᠨ ᠳᠤ ︽ᠲᠦᠷᠦ ᠶᠢᠨ ᠬᠠᠭᠠᠰ ᠲᠤᠯᠭᠠᠭᠤᠷᠢ︾ ᠶᠢᠨ ᠨᠡᠩ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠡᠯ᠎ᠡ ᠱᠠᠲᠤᠨ ᠤ | ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠨᠤᠭᠤᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠠᠨ ᠲᠦᠮᠡᠨ ᠤ | ᠪᠦᠯᠭᠦᠮ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠥᠲᠥᠯᠥᠨ ᠳᠠᠭᠠᠭᠤᠯᠬᠤ᠂ ᠦᠢᠯᠡᠴᠢᠯᠡᠬᠦ᠂ ᠬᠠᠷᠢᠯᠴᠠᠬᠤ ᠡᠭᠦᠷᠭᠡ ᠴᠢᠳᠠᠪᠤᠷᠢ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠦᠢᠯᠡᠰ ᠲᠤ ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠵᠤ᠂ ᠡᠮᠡᠭᠲᠡᠶᠢᠴᠦᠳ ᠤᠨ ᠤᠶᠤᠨ ᠤᠬᠠᠭᠠᠨ ᠢ | ᠬᠤᠷᠠᠮᠳᠤᠭᠤᠯᠬᠤ ᠬᠡᠷᠡᠭᠲᠡᠢ ᠭᠡᠵᠦ ᠢᠯᠡᠳᠬᠡᠪᠡ᠃ | | 10 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠰᠠᠨ ᠲᠥᠯᠥᠭᠡᠯᠡᠭᠴᠢᠳ | ᠲᠤ ᠮᠡᠨᠳᠦᠴᠢᠯᠡᠯ ᠬᠦᠷᠭᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠲᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠱᠦᠵᠢ ᠨᠠᠷ ᠤᠨ ᠭᠠᠵᠠᠷ ᠤᠨ | ᠨᠢᠭᠡᠳᠦᠭᠡᠷ ᠱᠦᠵᠢ ᠰᠢᠦᠢ ᠯᠢᠦ ᠫᠢᠩ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ | ᠡᠪᠯᠡᠯ ᠤᠨ ᠲᠥᠪ ᠬᠤᠷᠢᠶ᠎ᠠ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠡᠶᠢᠭᠡᠮᠯᠢᠭ᠂ ᠳᠤᠮᠳᠠᠳᠤ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ | ᠬᠠᠷᠢᠶᠠᠲᠤ ᠨᠠᠷ ᠤᠨ ᠬᠤᠯᠪᠣᠭᠠᠲᠤ ᠬᠤᠷᠠᠯ᠂ ᠳᠤᠮᠳᠠᠳᠤ ᠶᠢᠨ ᠪᠦᠭᠦ ᠤᠯᠤᠰ ᠤᠨ ᠲᠠᠶᠢᠸᠠᠨ ᠤ ᠠᠬ᠎ᠠ ᠳᠡᠭᠦᠦ ᠨᠠᠷ ᠤᠨ ᠨᠥᠬᠦᠷᠯᠡᠯ ᠤᠨ ᠬᠤᠷᠠᠯ᠂ ᠳᠤᠮᠳᠠᠳᠤ | ᠤᠯᠤᠰ ᠤᠨ ᠵᠡᠮᠳᠡᠭᠴᠦᠳ ᠤᠨ ᠬᠤᠯᠪᠤᠭ᠎ᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ᠃ ᠪᠠᠶᠠᠷ ᠤᠨ ᠦᠭᠡ ᠳᠤ᠂ ᠰᠢᠨ᠎ᠡ ᠠᠶᠠᠨ ᠳᠤ᠂ ᠤᠯᠠᠨ | ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ | ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠭᠦᠮ ᠤᠨ ᠬᠥᠭᠵᠢᠯᠲᠡ ᠶᠢᠨ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠨ᠎ᠡ ᠠᠭᠤᠤ ᠶᠡᠭᠡ ᠲᠡᠮᠡᠴᠡᠯ ᠢᠶᠠᠷ ᠤᠯᠠᠨ ᠲᠦᠮᠡᠨ ᠤ ᠪᠦᠯᠭᠦᠮ ᠤᠨ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ | ᠵᠠᠢ ᠶᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠬᠤᠸᠠᠩ ᠰᠢᠶᠣᠣ ᠸᠧᠢ ᠳᠤᠮᠳᠠᠳᠤ ᠶᠢᠨ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠡᠮᠦᠨ᠎ᠡ ᠠᠴᠠ ︽ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠥᠷᠭᠡᠨ ᠤᠯᠠᠨ ᠡᠮᠡᠭᠲᠡᠶᠢᠴᠦᠳ ᠢ | ᠳᠠᠶᠢᠴᠢᠯᠠᠨ ᠳᠠᠭᠠᠭᠤᠯᠵᠤ ᠪᠠᠶᠢᠭᠠᠳ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ | ᠪᠦᠯᠬᠦᠮᠳᠡᠨ ᠲᠡᠮᠡᠴᠡᠵᠡᠭᠡᠶ᠎ᠡ︾ ᠭᠡᠬᠦ ᠰᠡᠳᠦᠪ ᠢᠶᠠᠷ ᠮᠡᠳᠡᠭᠦᠯᠦᠯᠲᠡ ᠬᠢᠵᠡᠢ᠃ ᠮᠡᠳᠡᠭᠦᠯᠦᠯᠲᠡ ᠶᠢ 5 ᠬᠡᠰᠡᠭ ᠲᠤ ᠬᠤᠪᠢᠶᠠᠪᠠ᠄ ᠡᠷᠡᠰ ᠭᠤᠶᠢᠪᠢᠰᠢ ᠦᠭᠡᠢ ᠪᠠᠷ | ᠨᠠᠮ ᠢᠶᠠᠨ ᠲᠠᠭᠠᠵᠤ ᠲᠡᠮᠡᠴᠡᠭᠰᠡᠨ ᠳᠤᠮᠳᠠᠳᠤ ᠤᠯᠤᠰ ᠤᠨ ᠡᠮᠡᠭᠲᠡᠶᠢᠴᠦᠳ ᠪᠠ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ︔ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠳᠤᠮᠳᠠᠳᠤ ᠤᠯᠤᠰ ᠤᠨ ᠡᠮᠡᠭᠲᠡᠶᠢᠴᠦᠳ ᠤᠨ | ᠦᠢᠯᠡᠰ ᠤᠨ ᠰᠢᠨ᠎ᠡ ᠠᠶᠠᠯᠠᠯ ᠢ ᠵᠢᠯᠤᠭᠤᠳᠤᠨ᠎ᠠ︔ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠲᠥᠯᠥᠭᠡ ᠡᠮᠡᠭᠲᠡᠶᠢᠴᠦᠳ ᠤᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠨ᠎ᠠ︔ ᠰᠢᠨ᠎ᠡ ᠰᠢᠯᠭᠠᠯᠲᠠ ᠳᠤ ᠣᠷᠤᠯᠴᠠᠬᠤ ᠵᠠᠮ ᠳᠡᠭᠡᠷ᠎ᠡ ᠡᠮᠡᠭᠲᠡᠶᠢᠴᠦᠳ ᠤᠨ | ᠬᠤᠯᠪᠤᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠤᠨ᠎ᠠ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠭᠠᠷᠳᠠᠯᠭ᠎ᠠ ᠳᠤ | ᠵᠣᠬᠢᠴᠠᠭᠰᠠᠨ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢ ᠳᠠᠪᠲᠠᠨ ᠪᠣᠯᠪᠠᠰᠤᠷᠠᠭᠤᠯᠤᠨ᠎ᠠ᠃ | | 10 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ | ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | ᠶᠡᠭᠡ ᠬᠤᠷᠠᠯ ᠠᠴᠠ ᠪᠢᠴᠢᠭ ᠤᠨ ᠮᠡᠳᠡᠭᠦᠯᠦᠯᠲᠡ ᠶᠢᠨ ᠭᠡᠯᠪᠡᠷᠢ ᠪᠠᠷ ᠲᠥᠯᠥᠭᠡᠯᠡᠭᠴᠢᠳ ᠲᠤ ︽ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ | ᠬᠤᠯᠪᠤᠭ᠎ᠠ ᠶᠢᠨ ᠳᠦᠷᠢᠮ ︵ᠵᠠᠰᠠᠪᠤᠷᠢ ᠣᠷᠣᠭᠤᠯᠬᠤ ᠲᠥᠰᠥᠯ︶︾ ᠤᠨ ᠡᠬᠡ ᠨᠣᠣᠷᠠᠭ ᠢ ᠳᠡᠪᠰᠢᠭᠦᠯᠪᠡ᠂ ᠲᠥᠯᠥᠭᠡᠯᠡᠭᠴᠢᠳ ᠬᠢᠨᠠᠨ ᠶᠠᠷᠢᠯᠴᠠᠬᠤ ᠪᠣᠯᠪᠠᠤ᠃ | ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ | ᠪᠦᠬᠦᠢ ᠨᠢᠭᠡᠴᠢ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠪᠡᠭᠡᠵᠢᠩ ᠳᠤ ᠪᠠᠶᠢᠭ᠎ᠠ | ᠬᠡᠰᠡᠭ ᠶᠠᠮᠤᠨ ᠤ ᠲᠡᠰ ᠤᠨ ᠡᠮᠡᠭᠲᠡᠢ ᠤᠳᠤᠷᠢᠳᠬᠤ ᠺᠠᠳ᠋ᠷ ᠪᠣᠯᠣᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠠᠬᠠᠮᠠᠳ ᠤᠳᠤᠷᠢᠳᠤᠯᠭ᠎ᠠ᠂ | ᠨᠡᠶᠢᠰᠯᠡᠯ ᠤᠨ ᠡᠯ᠎ᠡ ᠡᠲᠡᠭᠡᠳ ᠤᠨ ᠡᠮᠡᠭᠲᠡᠶᠢᠴᠦᠳ ᠤᠨ ᠲᠥᠯᠥᠭᠡᠯᠡᠭᠴᠢᠳ ᠡᠭᠢᠯᠡᠯᠲᠡ ᠶᠢᠨ ᠬᠤᠷᠠᠯ ᠳᠤ ᠣᠷᠣᠯᠴᠠᠵᠠᠢ᠃ | | |