| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠬᠤᠶᠢᠨ᠎ᠠ ᠵᠦᠩ ᠨᠠᠨ ᠬᠠᠢ ᠳᠤ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ | ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ | ᠤᠳᠤᠷᠢᠳᠤᠯᠭ᠎ᠠ ᠳᠣᠣᠷ᠎ᠠ ᠬᠥᠭᠵᠢᠵᠦ ᠢᠷᠡᠭᠰᠡᠨ ᠶᠤᠮ᠂ ᠠᠵᠢᠯᠴᠢᠨ ᠤ ᠡᠪᠯᠡᠯ ᠪᠣᠯ ᠨᠠᠮ ᠤᠨ ᠤᠳᠤᠷᠢᠳᠤᠭᠰᠠᠨ ᠠᠵᠢᠯᠴᠢᠨ ᠠᠩᠭᠢ ᠶᠢᠨ ᠤᠯᠠᠨ ᠲᠦᠮᠡᠨᠴᠢ ᠵᠣᠬᠢᠶᠠᠨ | ᠪᠠᠶᠢᠭᠤᠯᠤᠯᠲᠠ ᠮᠥᠨ᠃ ᠨᠠᠮ ᠤᠨ ᠠᠵᠢᠯᠴᠢᠨ ᠤ ᠡᠪᠯᠡᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ | ᠳᠣᠣᠷ᠎ᠠ ᠴᠤ ᠭᠤᠶᠢᠪᠢᠯᠵᠠᠵᠤ ᠪᠤᠯᠬᠤ ᠦᠭᠡᠢ᠂ ᠵᠠᠶᠢᠳᠠᠵᠤ ᠪᠤᠯᠬᠤ ᠦᠭᠡᠢ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ | ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ | ᠭᠦᠢᠴᠡᠳ ᠳᠠᠶᠢᠴᠢᠯᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠣᠷᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | 10 ᠰᠠᠷ᠎ᠠ ᠶᠢᠨ 23 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠦᠩ ᠨᠠᠨ ᠬᠠᠢ ᠳᠤ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ | ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ | ᠬᠠᠮᠲᠤ ᠶᠢᠨ ᠶᠠᠷᠢᠯᠴᠠᠭ᠎ᠠ ᠳᠤ ᠣᠷᠣᠯᠴᠠᠪᠠ᠃ | ᠰᠢ ᠶᠢᠨ ᠫᠢᠩ ᠶᠠᠭᠤᠨ ᠤ ᠡᠮᠦᠨ᠎ᠡ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠠᠵᠢᠯᠴᠢᠨ ᠠᠩᠭᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤᠮᠳᠠ ᠭᠤᠣᠯᠯᠠᠭᠴᠢ | ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠠᠵᠢᠯᠴᠢᠨ ᠤ ᠡᠪᠯᠡᠯ ᠤᠨ ᠠᠵᠢᠯ | ᠪᠦᠭᠦ ᠲᠠᠯ᠎ᠠ ᠪᠠᠷ ᠳᠠᠪᠰᠢᠵᠠᠢ᠃ ᠥᠩᠭᠡᠷᠡᠭᠰᠡᠨ 5 ᠵᠢᠯ ᠳᠤ᠂ ᠥᠷᠭᠡᠨ ᠣᠯᠠᠨ ᠠᠵᠢᠯᠲᠠᠨ ᠠᠵᠢᠯᠴᠢᠨ ᠨᠠᠮ ᠲᠠᠢ ᠰᠡᠳᠬᠢᠯ ᠵᠢᠷᠦᠬᠡ ᠪᠠᠨ ᠬᠤᠯᠪᠣᠨ᠂ ᠨᠠᠮ ᠢᠶᠠᠨ | ᠳᠠᠭᠠᠵᠤ ᠲᠡᠮᠡᠴᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ | ᠭᠠᠮᠰᠢᠭ ᠠᠴᠠ ᠠᠪᠤᠷᠠᠬᠤ ᠵᠡᠷᠭᠡ ᠴᠢᠬᠤᠯᠠ ᠶᠡᠭᠡ ᠠᠵᠢᠯ ᠤᠨ ᠳᠤᠮᠳᠠ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ ᠬᠦᠨᠳᠦ ᠡᠭᠦᠷᠭᠡ ᠶᠢ ᠵᠣᠷᠢᠭᠲᠠᠢ ᠪᠠᠷ | ᠡᠭᠦᠷᠭᠡᠯᠡᠬᠦ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠪᠡ᠃ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠣᠯᠣᠨ ᠡᠯ᠎ᠡ ᠱᠠᠲᠤᠨ ᠤ ᠠᠵᠢᠯᠴᠢᠨ ᠤ | ᠡᠪᠯᠡᠯ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠵᠤ᠂ ᠭᠦᠳᠡᠯᠮᠦᠷᠢ ᠶᠢᠨ ᠬᠦᠷᠢᠶᠡᠨ ᠤ ᠤᠯᠤᠰ ᠲᠦᠷᠦ ᠶᠢᠨ | ᠠᠮᠤᠷ ᠲᠦᠪᠰᠢᠨ ᠢ ᠬᠠᠮᠠᠭᠠᠯᠠᠵᠤ᠂ ᠠᠵᠢᠯᠴᠢᠨ ᠤ ᠡᠪᠯᠡᠯ ᠤᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ | ᠴᠢᠨᠠᠷ᠂ ᠤᠯᠠᠨ ᠲᠦᠮᠡᠨᠴᠢ ᠴᠢᠨᠠᠷ ᠢ ᠲᠠᠰᠤᠷᠠᠯᠳᠠ ᠦᠭᠡᠢ ᠴᠢᠩᠭᠠᠳᠬᠠᠪᠠ᠃ ᠠᠵᠢᠯᠴᠢᠨ ᠠᠩᠭᠢ ᠶᠢᠨ ᠭᠠᠷᠭᠠᠭᠰᠠᠨ ᠴᠢᠬᠤᠯᠠ ᠶᠡᠭᠡ ᠬᠤᠪᠢ ᠨᠡᠮᠡᠷᠢ᠂ ᠠᠵᠢᠯᠴᠢᠨ ᠤ | ᠡᠪᠯᠡᠯ ᠤᠨ ᠠᠵᠢᠯ ᠤᠨ ᠣᠯᠣᠭᠰᠠᠨ ᠰᠢᠨ᠎ᠡ ᠠᠮᠵᠢᠯᠲᠠ ᠪᠦᠲᠦᠮᠵᠢ ᠶᠢ ᠨᠠᠮ ᠤᠨ ᠲᠥᠪ ᠬᠤᠷᠢᠶ᠎ᠠ ᠭᠦᠢᠴᠡᠳ ᠨᠤᠲᠠᠯᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠠᠴᠠ | ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ | ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ ᠡᠷᠬᠡᠪᠰᠢ ᠠᠵᠢᠯᠴᠢᠨ ᠤ ᠡᠪᠯᠡᠯ ᠤᠨ ᠠᠵᠢᠯ ᠤᠨ ᠪᠦᠭᠦ ᠶᠠᠪᠤᠴᠠ ᠪᠣᠯᠣᠨ ᠡᠯ᠎ᠡ ᠲᠠᠯ᠎ᠠ ᠳᠤ | ᠪᠦᠭᠦ ᠲᠠᠯ᠎ᠠ ᠪᠠᠷ ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠨᠤᠯ ᠤᠨ ᠵᠡᠪᠰᠡᠭᠯᠡᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠨ ᠦᠢᠯᠡᠳᠦᠯᠭᠡᠵᠢᠭᠦᠯᠬᠦ ᠦᠵᠡᠯ | ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠪᠠᠲᠤ | ᠴᠡᠭᠡᠵᠢᠯᠡᠵᠦ᠂ ᠠᠵᠢᠯᠴᠢᠨ ᠤ ᠡᠪᠯᠡᠯ ᠤᠨ ᠠᠵᠢᠯ ᠪᠣᠯᠣᠨ ᠨᠠᠮ ᠤᠨ ᠭᠤᠣᠯ ᠡᠭᠦᠷᠭᠡ ᠶᠢᠨ ᠤᠶᠠᠯᠳᠤᠯ ᠤᠨ ᠴᠡᠭ᠂ ᠭᠠᠷᠳᠠᠬᠤ ᠴᠡᠭ᠂ ᠬᠦᠴᠦᠯᠡᠬᠦ ᠴᠡᠭ ᠢ | ᠣᠨᠣᠪᠴᠢᠲᠠᠢ ᠣᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠵᠢᠯᠴᠢᠨ ᠤ ᠡᠪᠯᠡᠯ ᠤᠨ ᠰᠢᠰᠲ᠋ᠧᠮ ᠳᠤ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠢᠯᠲᠠᠨ | ᠠᠵᠢᠯᠴᠢᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠰᠠᠶᠢᠲᠤᠷ ᠬᠢᠵᠦ᠂ ᠥᠷᠭᠡᠨ ᠣᠯᠠᠨ ᠠᠵᠢᠯᠲᠠᠨ ᠠᠵᠢᠯᠴᠢᠨ ᠢ ᠡᠷᠡᠰ ᠭᠤᠶᠢᠪᠢᠰᠢ ᠦᠭᠡᠢ ᠪᠠᠷ | ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠠᠷ ᠬᠥᠮᠥᠵᠢᠭᠦᠯᠦᠨ ᠵᠢᠯᠤᠭᠤᠳᠴᠤ᠂ ᠠᠵᠢᠯᠴᠢᠨ ᠠᠩᠭᠢ ᠶᠢᠨ ᠢᠮᠠᠭᠲᠠ ᠮᠠᠨ ᠤ ᠨᠠᠮ ᠤᠨ ᠬᠠᠮᠤᠭ ᠤᠨ ᠪᠠᠲᠤ | ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠷᠭᠡᠨ ᠤᠯᠠᠨ ᠠᠵᠢᠯᠲᠠᠨ ᠠᠵᠢᠯᠴᠢᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠵᠦ᠂ ᠨᠠᠮ ᠤᠨ ᠭᠤᠣᠯ ᠡᠭᠦᠷᠭᠡ ᠶᠢ | ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠡᠯ᠎ᠡ ᠵᠦᠢᠯ ᠤᠨ ᠭᠡᠯᠪᠡᠷᠢ ᠶᠢᠨ ᠭᠦᠳᠡᠯᠮᠦᠷᠢ ᠪᠠ ᠤᠷ᠎ᠠ | ᠴᠢᠳᠠᠪᠤᠷᠢ ᠶᠢᠨ ᠤᠷᠤᠯᠳᠤᠭᠠᠨ ᠢ ᠥᠷᠭᠡᠨ ᠢᠶᠠᠷ ᠭᠦᠨᠵᠡᠭᠡᠢ ᠥᠷᠨᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠭᠦᠳᠡᠯᠮᠦᠷᠢ ᠶᠢᠨ ᠬᠠᠯᠠᠭᠤᠨ ᠰᠡᠳᠬᠢᠯᠭᠡ᠂ | ᠡᠭᠦᠳᠦᠨ ᠪᠦᠲᠦᠭᠡᠬᠦ ᠳᠠᠯᠳᠠ ᠴᠢᠳᠠᠪᠤᠷᠢ ᠶᠢ ᠬᠥᠭᠵᠢᠭᠡᠵᠦ᠂ ᠡᠯ᠎ᠡ ᠠᠵᠢᠯ ᠲᠥᠷᠥᠯ ᠡᠯ᠎ᠡ ᠬᠦᠷᠢᠶᠡᠨ ᠳᠤ ᠭᠤᠣᠯ ᠬᠦᠴᠦᠨ ᠤ ᠦᠢᠯᠡᠳᠦᠯ ᠢᠶᠠᠨ ᠭᠦᠢᠴᠡᠳ | ᠪᠠᠳᠠᠷᠠᠭᠤᠯᠬᠤ ᠬᠡᠷᠡᠭᠲᠡᠢ᠃ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ | ᠂ ᠥᠷᠭᠡᠨ ᠣᠯᠠᠨ ᠠᠵᠢᠯᠲᠠᠨ ᠠᠵᠢᠯᠴᠢᠨ ᠤ ᠰᠢᠷᠭᠠᠭᠤ ᠭᠦᠳᠡᠯᠮᠦᠷᠢ᠂ ᠦᠨᠡᠨᠴᠢ ᠭᠦᠳᠡᠯᠮᠦᠷᠢ᠂ ᠪᠦᠲᠦᠭᠡᠯᠴᠢ ᠭᠦᠳᠡᠯᠮᠦᠷᠢ ᠶᠢᠨ ᠳᠤᠮᠳᠠ ᠬᠦᠰᠡᠯ ᠵᠡᠭᠦᠳᠦ ᠪᠠᠨ | ᠲᠡᠷᠭᠡᠯᠰᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ | ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠬᠥᠭᠵᠢᠯᠲᠡ ᠪᠠᠷ ᠬᠥᠳᠡᠯᠭᠡᠭᠦᠷ ᠪᠤᠯᠭᠠᠬᠰᠠᠨ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠲᠠᠢ ᠤᠶᠠᠯᠳᠤᠭᠤᠯᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠡᠳᠡᠯᠭᠡ ᠶᠢᠨ ᠭᠡᠯᠪᠡᠷᠢ ᠶᠢᠨ᠂ ᠤᠷ᠎ᠠ ᠴᠢᠳᠠᠪᠤᠷᠢ ᠶᠢᠨ ᠭᠡᠯᠪᠡᠷᠢ ᠶᠢᠨ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠦᠢᠯᠡᠰ ᠤᠨ ᠠᠵᠢᠯᠴᠢᠨ ᠤ | ᠲᠣᠮᠣ ᠡᠩᠨᠡᠭᠡ ᠶᠢ ᠲᠦᠷᠭᠡᠨ ᠪᠠᠶᠢᠭᠤᠯᠵᠤ᠂ ᠲᠣᠮᠣ ᠤᠯᠤᠰ ᠤᠨ ᠨᠡᠩ ᠤᠯᠠᠨ ᠤᠷᠠᠨ ᠳᠠᠷᠬᠠᠨ ᠪᠠ ᠳᠡᠭᠡᠳᠦ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠤᠯᠠᠨ ᠲᠦᠮᠡᠨ ᠪᠣᠯ ᠨᠡᠶᠢᠭᠡᠮ ᠤᠨ ᠡᠳ᠋ ᠪᠠᠶᠠᠯᠢᠭ ᠤᠨ ᠭᠤᠣᠯ ᠡᠭᠦᠳᠦᠨ | ᠪᠦᠲᠦᠭᠡᠭᠴᠢ ᠮᠥᠨ᠂ ᠪᠦᠭᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠵᠤ ᠨᠠᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠳᠤ ᠡᠩ | ᠲᠡᠷᠢᠭᠦᠨ ᠳᠤ ᠲᠦᠭ ᠲᠦᠮᠡᠨ ᠬᠥᠳᠡᠯᠮᠦᠷᠢᠴᠢᠨ ᠤ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ᠃ ᠠᠵᠢᠯᠴᠢᠨ ᠤ ᠡᠪᠯᠡᠯ ᠨᠢ ᠠᠵᠢᠯᠲᠠᠨ ᠠᠵᠢᠯᠴᠢᠨ ᠤ ᠠᠰᠢᠭ ᠲᠤᠰᠠ ᠶᠢᠨ | ᠲᠥᠯᠥᠭᠡᠯᠡᠭᠴᠢ ᠪᠠ ᠬᠠᠮᠠᠭᠠᠯᠠᠭᠴᠢ ᠪᠣᠯᠤᠭᠰᠠᠨ ᠤ ᠬᠤᠪᠢ ᠳᠤ᠂ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠦᠨᠳᠦᠰᠦᠨ ᠲᠤᠰᠢᠶᠠᠯ ᠬᠠᠷᠢᠭᠤᠴᠠᠯᠭ᠎ᠠ ᠪᠠᠨ | ᠬᠢᠨᠠᠮᠠᠭᠠᠢ ᠭᠦᠢᠴᠡᠳᠬᠡᠵᠦ᠂ ᠠᠵᠢᠯᠲᠠᠨ ᠠᠵᠢᠯᠴᠢᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠢ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠴᠢᠬᠤᠯᠠᠴᠢᠯᠠᠬᠤ | ᠬᠡᠷᠡᠭᠲᠡᠢ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠬᠦᠰᠡᠯ | ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠢᠯᠤᠭᠤᠳᠬᠠᠵᠤ᠂ ᠠᠵᠢᠯᠲᠠᠨ ᠠᠵᠢᠯᠴᠢᠨ ᠤ ᠬᠠᠤᠯᠢ ᠶᠣᠰᠣᠭᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢ | ᠬᠥᠲᠥᠯᠥᠨ ᠵᠢᠯᠤᠭᠤᠳᠴᠤ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤ ᠶᠢ ᠶᠡᠭᠡ ᠪᠠᠷ | ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠶ ᠪᠤᠯᠭᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ | ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ | ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠨᠢᠭᠡᠨᠲᠡ ᠪᠠᠶᠢᠭ᠎ᠠ ᠵᠣᠬᠢᠶᠠᠨ ᠪᠠᠶᠢᠭᠤᠯᠤᠯᠲᠠ ᠶᠢᠨ ᠰᠠᠭᠤᠷᠢ ᠪᠠᠨ | ᠲᠡᠭᠦᠯᠳᠡᠷᠵᠢᠭᠦᠯᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠠᠵᠢᠯ ᠤᠨ ᠠᠷᠭ᠎ᠠ ᠮᠠᠶ᠋ᠢᠭ ᠤᠨ | ᠲᠠᠯ᠎ᠠ ᠪᠠᠷ ᠰᠢᠨ᠎ᠡ ᠶᠢ ᠡᠭᠦᠳᠴᠦ᠂ ᠠᠵᠢᠯᠲᠠᠨ ᠠᠵᠢᠯᠴᠢᠨ ᠲᠦᠮᠡᠨ ᠳᠤ ᠨᠠᠷᠢᠯᠢᠭ ᠣᠨᠣᠴᠠᠲᠠᠢ᠂ ᠳᠣᠲᠣᠨᠣ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ᠃ | ᠠᠵᠢᠯᠴᠢᠨ ᠤ ᠡᠪᠯᠡᠯ ᠤᠨ ᠺᠠᠳ᠋ᠷᠴᠤᠳ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠵᠢᠯᠲᠠᠨ | ᠠᠵᠢᠯᠴᠢᠨ ᠤ ᠪᠤᠳᠤᠵᠤ ᠰᠠᠨᠠᠭᠰᠠᠨ ᠵᠦᠢᠯ ᠢ ᠴᠠᠭ ᠲᠤᠬᠠᠢ ᠳᠤᠨᠢ ᠣᠶᠢᠯᠠᠭᠠᠵᠤ᠂ ᠠᠵᠢᠯᠲᠠᠨ ᠠᠵᠢᠯᠴᠢᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ | ᠴᠢᠩᠭᠠᠳᠬᠠᠵᠤ᠂ ᠦᠨᠡᠨ ᠰᠡᠳᠬᠢᠯ ᠠᠴᠠ ᠪᠠᠨ ᠠᠵᠢᠯᠲᠠᠨ ᠠᠵᠢᠯᠴᠢᠨ ᠤ ᠲᠥᠯᠥᠭᠡ ᠦᠭᠡ ᠬᠡᠯᠡᠵᠦ ᠠᠵᠢᠯ ᠶᠠᠪᠤᠳᠠᠯ ᠬᠢᠬᠦ ᠬᠡᠷᠡᠭᠲᠡᠢ᠃ ᠪᠦᠭᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ ᠤᠨ ᠬᠢᠨ ᠲᠦᠷᠦᠭᠦᠯᠡᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠯᠢᠭᠡᠷ ᠳᠠᠭᠤᠷᠢᠶᠠᠯ ᠪᠣᠯᠵᠤ᠂ ᠵᠢᠱᠢᠶ᠎ᠡ | ᠦᠵᠡᠭᠦᠯᠵᠦ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠵᠢᠱᠢᠶᠡᠴᠢ ᠤᠯᠤᠰ ᠲᠦᠷᠦ ᠶᠢᠨ ᠪᠠᠶᠢᠭᠤᠯᠭ᠎ᠠ ᠪᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠠᠵᠢᠯᠴᠢᠨ ᠤ ᠡᠪᠯᠡᠯ ᠪᠣᠯᠣᠨ ᠠᠵᠢᠯᠴᠢᠨ ᠤ ᠡᠪᠯᠡᠯ ᠤᠨ ᠠᠵᠢᠯ ᠳᠠᠬᠢ ᠤᠳᠤᠷᠢᠳᠤᠯᠭ᠎ᠠ ᠪᠠᠨ | ᠴᠢᠩᠭᠠᠳᠬᠠᠵᠤ᠂ ᠠᠵᠢᠯᠴᠢᠨ ᠤ ᠡᠪᠯᠡᠯ ᠤᠨ ᠤᠳᠤᠷᠢᠳᠬᠤ ᠪᠠᠭ ᠢ ᠰᠠᠶᠢᠲᠤᠷ ᠰᠣᠩᠭᠤᠨ ᠲᠣᠬᠢᠷᠠᠭᠤᠯᠵᠤ᠂ ᠠᠵᠢᠯᠴᠢᠨ ᠤ ᠡᠪᠯᠡᠯ ᠤᠨ ᠺᠠᠳ᠋ᠷ ᠢ ᠬᠠᠯᠠᠭᠤᠨ ᠢᠶᠠᠷ | ᠬᠠᠯᠠᠮᠵᠢᠯᠠᠨ ᠴᠢᠩᠭ᠎ᠠ ᠱᠠᠭᠠᠷᠳᠠᠵᠤ᠂ ᠠᠵᠢᠯᠴᠢᠨ ᠤ ᠡᠪᠯᠡᠯ ᠤᠨ ᠺᠠᠳ᠋ᠷ ᠢ ᠬᠥᠮᠥᠵᠢᠭᠦᠯᠦᠨ ᠬᠡᠷᠡᠭᠯᠡᠬᠦ ᠶᠢ ᠴᠢᠬᠤᠯᠠᠴᠢᠯᠠᠬᠤ ᠬᠡᠷᠡᠭᠲᠡᠢ᠃ ᠠᠵᠢᠯᠴᠢᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠠᠵᠢᠯᠲᠠᠨ ᠠᠵᠢᠯᠴᠢᠨ ᠤᠯᠠᠨ ᠲᠦᠮᠡᠨ ᠪᠠ ᠠᠵᠢᠯᠴᠢᠨ ᠤ ᠡᠪᠯᠡᠯ ᠤᠨ ᠠᠵᠢᠯ ᠳᠤ | ᠲᠤᠯᠭᠠᠷᠠᠭᠰᠠᠨ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ᠂ ᠠᠵᠢᠯᠴᠢᠨ ᠤ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ | ᠳᠡᠮᠵᠢᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨ ᠵᠠᠰᠠᠭ ᠤᠨ ᠣᠷᠳᠣᠨ ᠪᠣᠯᠣᠨ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ | ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠵᠢᠯᠴᠢᠨ ᠤ ᠡᠪᠯᠡᠯ ᠢ ᠢᠳᠡᠪᠬᠢᠲᠡᠢ ᠪᠠᠷ ᠬᠠᠪᠰᠤᠷᠤᠨ ᠠᠵᠢᠯᠲᠠᠨ ᠠᠵᠢᠯᠴᠢᠨ ᠤᠯᠠᠨ ᠲᠦᠮᠡᠨ ᠤ ᠪᠣᠳᠠᠲᠠᠢ ᠬᠦᠴᠢᠷᠳᠡᠯ | ᠪᠣᠯᠣᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠢ ᠲᠥᠯᠥᠭᠡᠯᠡᠵᠦ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠶᠢᠮᠠᠳᠤᠭᠠᠷ | ᠶᠡᠭᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠪᠠ ᠢᠷᠡᠭᠡᠳᠦᠢ ᠶᠢᠨ 5 ᠵᠢᠯ ᠤᠨ ᠠᠵᠢᠯᠴᠢᠨ ᠤ ᠡᠪᠯᠡᠯ ᠤᠨ ᠠᠵᠢᠯ ᠤᠨ ᠲᠣᠬᠢᠷᠠᠭᠤᠯᠤᠯᠲᠠ ᠶᠢᠨ ᠲᠤᠬᠠᠢ ᠬᠠᠷᠢᠭᠤ | ᠮᠡᠳᠡᠭᠦᠯᠦᠯᠲᠡ ᠬᠢᠪᠡ᠃ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠰᠢᠦᠢ ᠯᠢᠦ ᠫᠢᠩ᠂ ᠶᠠᠩ ᠢᠦᠢ ᠳ᠋ᠦᠩ᠂ ᠭᠤᠤ ᠹᠧᠩ ᠯᠢᠨ | ᠦᠭᠡ ᠬᠡᠯᠡᠪᠡ᠃ | ᠱᠢ ᠲᠠᠢ ᠹᠧᠩ᠂ ᠯᠢ ᠭᠠᠨ ᠵᠢᠶᠧ᠂ ᠯᠢ ᠱᠤ᠋ ᠯᠧᠢ᠂ ᠴᠧᠨ ᠸᠧᠨ ᠴᠢᠩ᠂ ᠯᠢᠦ ᠶᠢᠨ ᠭᠦᠸᠧ᠂ ᠸᠠᠩ ᠰᠢᠶᠣᠣ ᠬᠤᠩ ᠶᠠᠷᠢᠯᠴᠠᠭ᠎ᠠ ᠳᠤ ᠣᠷᠣᠯᠴᠠᠵᠠᠢ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ |