10 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠭᠠᠳᠠᠭᠠᠳᠤ ᠬᠡᠯᠠᠨ ᠤ ᠬᠡᠪᠯᠡᠨ ᠲᠠᠷᠬᠠᠭᠠᠬᠤ ᠠᠵᠢᠯ ᠦᠢᠯᠡᠰ ᠤᠨ ᠲᠣᠪᠴᠢᠶ᠎ᠠ ᠶᠢᠨ ᠪᠠᠷᠠᠭᠤᠨ | ᠡᠸᠦ᠋ᠷᠦᠫᠡ ᠬᠢᠬᠡᠳ ᠠᠹᠷᠢᠺᠠ ᠲᠢᠪ ᠤᠨ ᠳᠠᠮᠵᠢᠭᠤᠯᠭ᠎ᠠ ᠶᠢᠨ ᠲᠥᠪ ︵ᠥᠨᠥᠳᠥᠷ ᠤᠨ ᠳᠤᠮᠳᠠᠳᠤ ᠤᠯᠤᠰ ᠤᠨ ᠰᠡᠳᠬᠦᠯ ᠤᠨ ᠬᠤᠷᠢᠶ᠎ᠠ︶ ᠤᠨ ᠵᠡᠭᠦᠨᠭᠠᠷ | ᠬᠤᠰᠢᠭᠤᠨ ᠳᠠᠬᠢ ᠳᠠᠮᠵᠢᠭᠤᠯᠭ᠎ᠠ ᠶᠢᠨ ᠦᠢᠯᠡᠳᠦᠯᠭᠡ ᠶᠢᠨ ᠰᠠᠭᠤᠷᠢᠨ ᠭᠠᠵᠠᠷ ᠫᠠᠶᠢᠰᠠ ᠡᠯᠭᠦᠪᠡ᠂ ᠡᠨᠡ ᠨᠢ ᠮᠥᠨᠴᠦ ᠳᠤᠮᠳᠠᠳᠤ ᠤᠯᠤᠰ ᠤᠨ ᠭᠠᠳᠠᠭᠠᠳᠤ ᠬᠡᠯᠡ ᠪᠠᠷ | ᠬᠡᠪᠯᠡᠨ ᠲᠠᠷᠬᠠᠭᠠᠬᠤ ᠠᠵᠢᠯ ᠦᠢᠯᠡᠰ ᠤᠨ ᠲᠣᠪᠴᠢᠶ᠎ᠠ ᠶᠢᠨ ᠪᠠᠷᠠᠭᠤᠨ ᠡᠸᠦ᠋ᠷᠦᠫᠡ ᠬᠢᠬᠡᠳ ᠠᠹᠷᠢᠺᠠ ᠲᠢᠪ ᠤᠨ ᠳᠠᠮᠵᠢᠭᠤᠯᠭ᠎ᠠ ᠶᠢᠨ ᠲᠥᠪ ︵ᠥᠨᠥᠳᠥᠷ ᠤᠨ | ᠳᠤᠮᠳᠠᠳᠤ ᠤᠯᠤᠰ ᠤᠨ ᠰᠡᠳᠬᠦᠯ ᠤᠨ ᠬᠤᠷᠢᠶ᠎ᠠ︶ ᠤᠨ ᠪᠦᠬᠦ ᠤᠯᠤᠰ ᠲᠤ ᠪᠠᠶᠢᠭᠤᠯᠤᠭᠰᠠᠨ ᠠᠩᠬᠠᠳᠠᠬᠴᠢ ᠦᠢᠯᠡᠳᠦᠯᠭᠡ ᠶᠢᠨ ᠰᠠᠭᠤᠷᠢᠨ ᠭᠠᠵᠠᠷ ᠪᠣᠯᠬᠤ ᠶᠤᠮ᠃ | ᠳᠤᠮᠳᠠᠳᠤ ᠤᠯᠤᠰ ᠤᠨ ᠭᠠᠳᠠᠭᠠᠳᠤ ᠬᠡᠯᠠᠨ ᠤ ᠬᠡᠪᠯᠡᠨ ᠲᠠᠷᠬᠠᠭᠠᠬᠤ ᠠᠵᠢᠯ ᠦᠢᠯᠡᠰ ᠤᠨ ᠲᠣᠪᠴᠢᠶ᠎ᠠ ᠶᠢᠨ ᠪᠠᠷᠠᠭᠤᠨ ᠡᠸᠦ᠋ᠷᠦᠫᠡ ᠬᠢᠬᠡᠳ ᠠᠹᠷᠢᠺᠠ ᠲᠢᠪ ᠤᠨ | ᠳᠠᠮᠵᠢᠭᠤᠯᠭ᠎ᠠ ᠶᠢᠨ ᠲᠥᠪ ︵ᠥᠨᠥᠳᠥᠷ ᠤᠨ ᠳᠤᠮᠳᠠᠳᠤ ᠤᠯᠤᠰ ᠤᠨ ᠰᠡᠳᠬᠦᠯ ᠤᠨ ᠬᠤᠷᠢᠶ᠎ᠠ︶ ᠤᠨ ᠳᠡᠳ᠋ ᠶᠡᠷᠦᠩᠬᠡᠢ ᠨᠠᠶᠢᠷᠠᠭᠤᠯᠤᠭᠴᠢ ᠵᠠᠩ ᠵᠢᠤᠸᠠᠨ᠂ ᠵᠡᠭᠦᠨᠭᠠᠷ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠠᠨ ᠶᠠᠨ ᠳᠤᠮᠳᠠᠳᠤ ᠤᠯᠤᠰ ᠤᠨ ᠭᠠᠳᠠᠭᠠᠳᠤ ᠬᠡᠯᠠᠨ ᠤ | ᠬᠡᠪᠯᠡᠨ ᠲᠠᠷᠬᠠᠭᠠᠬᠤ ᠠᠵᠢᠯ ᠦᠢᠯᠡᠰ ᠤᠨ ᠲᠣᠪᠴᠢᠶ᠎ᠠ ᠶᠢᠨ ᠪᠠᠷᠠᠭᠤᠨ ᠡᠸᠦ᠋ᠷᠦᠫᠡ ᠬᠢᠬᠡᠳ ᠠᠹᠷᠢᠺᠠ ᠲᠢᠪ ᠤᠨ ᠳᠠᠮᠵᠢᠭᠤᠯᠭ᠎ᠠ ᠶᠢᠨ ᠲᠥᠪ ︵ᠥᠨᠥᠳᠥᠷ ᠤᠨ | ᠳᠤᠮᠳᠠᠳᠤ ᠤᠯᠤᠰ ᠤᠨ ᠰᠡᠳᠬᠦᠯ ᠤᠨ ᠬᠤᠷᠢᠶ᠎ᠠ︶ ᠤᠨ ᠵᠡᠭᠦᠨᠭᠠᠷ ᠬᠤᠰᠢᠭᠤᠨ ᠳᠠᠬᠢ ᠳᠠᠮᠵᠢᠭᠤᠯᠭ᠎ᠠ ᠶᠢᠨ ᠦᠢᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠶᠢ | ᠰᠡᠬᠦᠭᠰᠡᠨ ᠪᠦᠬᠡᠳ ᠪᠠᠶᠠᠷ ᠤᠨ ᠦᠭᠡ ᠬᠡᠯᠡᠵᠦ᠂ ᠹᠷᠠᠨᠼᠢ ᠬᠠᠷᠢᠶ᠎ᠠ ᠲᠠᠢ ᠰᠤᠷᠪᠤᠯᠵᠢᠯᠠᠭᠴᠢ ᠴᠧ ᠮᠸᠡᠭ ᠵᠦ ᠴᠢᠩ ᠵᠡᠭᠦᠨᠭᠠᠷ ᠲᠠᠬᠢ ᠠᠶᠠᠯᠠᠯ ᠤᠨ ᠲᠥᠷᠥᠭᠳᠡᠯ ᠢᠶᠠᠨ | ᠬᠠᠶᠢᠷ᠎ᠠ ᠰᠡᠳᠬᠢᠯᠬᠡ ᠲᠠᠢ ᠪᠠᠷ ᠶᠠᠷᠢᠪᠠ᠃ | ︽ᠥᠨᠥᠳᠥᠷ ᠤᠨ ᠳᠤᠮᠳᠠᠳᠤ ᠤᠯᠤᠰ︾ ᠰᠡᠳᠬᠦᠯ ᠪᠣᠯ ᠲᠥᠪ ᠤᠨ ᠤᠬᠠᠭᠤᠯᠬᠤ ᠬᠡᠯᠲᠡᠰ ᠠᠴᠠ ᠵᠢᠯᠤᠭᠤᠳᠤᠯᠭ᠎ᠠ ᠬᠢᠵᠦ᠂ ᠳᠤᠮᠳᠠᠳᠤ ᠤᠯᠤᠰ ᠤᠨ | ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ ᠠᠵᠢᠯ ᠦᠢᠯᠡᠰ ᠤᠨ ᠲᠤᠪᠴᠢᠶ᠎ᠠ ᠳᠤ ᠬᠠᠷᠢᠶᠠᠯᠠᠭᠳᠠᠬᠤ ᠤᠯᠤᠰ ᠤᠨ ᠲᠡᠰ ᠤᠨ ᠭᠠᠳᠠᠭᠠᠳᠤ ᠤᠬᠠᠭᠤᠯᠭ᠎ᠠ ᠶᠢᠨ | ᠵᠠᠭᠤᠴᠢᠯᠠᠭᠤᠷ ᠪᠣᠯᠬᠤ ᠶᠤᠮ᠃ 1952 ᠣᠨ ᠳᠤ ᠰᠦᠩ ᠴᠢᠩ ᠯᠢᠩ ᠡᠭᠦᠰᠭᠡᠨ ᠪᠠᠶᠢᠭᠤᠯᠵᠦ᠂ ᠪᠠᠶᠢᠭᠤᠯᠤᠭᠳᠠᠭᠰᠠᠨ ᠠᠴᠠ ᠨᠠᠭᠠᠰᠢ᠂ ︽ᠪᠣᠳᠠᠲᠤ ᠶᠠᠪᠤᠳᠠᠯ ᠢᠶᠠᠷ | ᠦᠬᠡ ᠬᠡᠯᠡᠵᠦ᠂ ᠳᠤᠮᠳᠠᠳᠤ ᠶᠢᠨ ᠦᠯᠢᠭᠡᠷ ᠢ ᠶᠠᠷᠢᠬᠤ︾ ᠳᠠᠮᠵᠢᠭᠤᠯᠭ᠎ᠠ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠨ᠂ ᠭᠠᠳᠠᠭᠠᠳᠤ ᠳᠤ ᠳᠤᠮᠳᠠᠳᠤ ᠤᠯᠤᠰ ᠢ | ᠤᠬᠠᠭᠤᠯᠤᠨ ᠲᠠᠨᠢᠯᠴᠠᠭᠤᠯᠵᠤ᠂ ᠳᠤᠮᠳᠠᠳᠤ ᠤᠯᠤᠰ ᠤᠨ ᠳᠡᠯᠡᠬᠡᠢ ᠳ᠋ᠠᠬᠢᠨ ᠲᠠᠢ ᠨᠡᠪᠲᠡᠷᠡᠯᠴᠡᠬᠦ ᠴᠢᠬᠤᠯᠠ ᠬᠥᠭᠦᠷᠭᠡ ᠬᠤᠯᠪᠤᠭᠠᠰᠤ ᠶᠢᠨ ᠨᠢᠭᠡ ᠪᠤᠯᠤᠬᠰᠠᠨ ᠪᠠᠶᠢᠨ᠎ᠠ᠃ | ᠣᠳᠣᠬᠠᠨ ᠳᠤ ᠠᠩᠭ᠍ᠯᠢ᠂ ᠹᠷᠠᠨᠼᠢ᠂ ᠭᠧᠷᠮᠡᠨ᠂ ᠠᠷᠠᠪ᠂ ᠲᠦᠷᠺ᠂ ᠬᠢᠳᠠᠳ ᠵᠡᠷᠭᠡ 6 ᠵᠦᠢᠯ ᠤᠨ ᠦᠰᠦᠭ ᠪᠢᠴᠢᠭ ᠤᠨ ᠬᠠᠮ ᠵᠠᠭᠤᠴᠢᠯᠠᠭᠤᠷ ᠢᠶᠠᠷ ︽ | ᠥᠨᠥᠳᠥᠷ ᠤᠨ ᠳᠤᠮᠳᠠᠳᠤ ᠤᠯᠤᠰ︾᠂ ︽ᠳᠤᠮᠳᠠᠳᠤ ᠤᠯᠤᠰ ᠬᠢᠬᠡᠳ ᠠᠹᠷᠢᠺᠠ ᠲᠢᠪ︾᠂ ︽ᠳᠤᠮᠳᠠᠳᠤ ᠹᠷᠠᠨᠼᠢ ᠶᠢᠨ ᠶᠠᠷᠢᠯᠴᠠᠭ᠎ᠠ︾ ᠵᠡᠷᠭᠡ ᠬᠡᠪᠯᠡᠭᠳᠡᠬᠦᠨ ᠢ | ᠬᠡᠪᠯᠡᠭᠦᠯᠵᠦ᠂ ᠠᠷᠪᠠ ᠭᠠᠷᠤᠢ ᠬᠠᠷᠠᠭᠠᠯᠵᠠᠭᠰᠠᠨ ᠬᠡᠯᠡᠨ ᠤ ᠭᠠᠳᠠᠭᠠᠳᠤ ᠳᠠᠬᠢ ᠨᠡᠶᠢᠭᠡᠮ ᠤᠨ ᠬᠠᠷᠢᠯᠴᠠᠭᠠᠨ ᠤ ᠳᠠᠩᠰᠠᠨ ᠨᠣᠮᠧᠷ ᠢ ᠡᠵᠡᠩᠨᠡᠵᠦ᠂ ︽ᠳᠤᠮᠳᠠᠳᠤ | ᠤᠯᠤᠰ ᠢ ᠦᠢᠷ᠎ᠠ ᠠᠴᠠ ᠬᠠᠷᠠᠬᠤᠢ︾᠂ ︽ᠳᠤᠮᠳᠠᠳᠤ ᠳᠣᠷᠣᠨᠠᠲᠤ ᠠᠴᠠ ᠳᠤᠮᠳᠠᠳᠤ ᠤᠯᠤᠰ ᠢ ᠬᠠᠷᠠᠬᠤᠢ︾᠂ ︽ᠳᠤᠮᠳᠠᠳᠤ ᠤᠯᠤᠰ ᠢ ᠭᠡᠷᠡᠴᠢᠯᠡᠬᠦ ᠨᠢ︾ ᠵᠡᠷᠭᠡ | ᠤᠯᠠᠨ ᠲᠦᠷᠦᠯ ᠤᠨ ᠬᠡᠯᠡᠨ ᠤ ᠸᠢᠳᠢᠤ᠋ ᠶᠢᠨ ᠲᠦᠷᠦᠯ ᠲᠡᠮᠳᠡᠭ ᠤᠳ ᠪᠤᠢ᠃ | ᠵᠠᠩ ᠵᠢᠤᠸᠠᠨ ᠪᠠᠶᠠᠷ ᠤᠨ ᠦᠭᠡᠨ ᠳᠡᠭᠡᠨ᠄ ︽ᠵᠡᠭᠦᠨᠭᠠᠷ ᠬᠤᠰᠢᠭᠤ ᠪᠣᠯ ᠲᠠᠨᠢᠯᠴᠠᠮᠠᠭᠴᠠ ᠠᠩᠬᠠᠷᠤᠯ ᠳᠤ ᠤᠷᠤᠳᠠᠭ ᠭᠠᠵᠠᠷ ᠮᠥᠨ᠂ ᠠᠳᠡ ᠬᠠᠳᠤᠨ | ᠭᠤᠣᠯ ᠤᠨ ᠤᠰᠤ ᠪᠤᠯᠠᠩᠭᠢᠷ ᠠᠴᠠ ᠪᠠᠨ ᠲᠤᠩᠭᠠᠯᠠᠭᠰᠢᠵᠦ᠂ ᠬᠤᠵᠢᠷᠯᠢᠭ ᠭᠠᠵᠠᠷ ᠲᠤ ︿ᠲᠤᠲᠤᠷᠭ᠎ᠠ ᠵᠢᠭᠠᠰᠤ ᠬᠠᠮᠲᠤ ᠣᠷᠣᠰᠢᠵᠦ﹀᠂ ᠠᠷᠰᠧᠨ ᠡᠯᠡᠰᠦᠨ | ᠴᠢᠯᠠᠭᠤᠯᠢᠭ ᠲᠡᠭᠡᠷ᠎ᠠ ᠠᠯᠮᠤᠷᠠᠳ ᠤᠷᠭᠤᠭᠤᠯᠵᠦ᠂ 5G ᠶᠢᠨ ᠴᠢᠳᠠᠪᠤᠷᠢ ᠤᠯᠭᠤᠬᠰᠠᠨ ᠣᠶᠤᠨᠴᠢ ᠠᠭᠤᠷᠬᠠᠢ᠂ ᠰᠢᠨ᠎ᠡ ᠡᠨᠧᠷᠭᠢ ᠶᠢᠨ ᠪᠣᠬᠢᠷᠲᠤᠯ ᠦᠭᠡᠢ | ᠬᠥᠭᠵᠢᠯᠲᠡ ᠶᠢᠨ ᠰᠢᠨ᠎ᠡ ᠬᠥᠳᠡᠯᠭᠡᠭᠦᠷ᠂ ᠪᠦᠬᠦ ᠣᠷᠣᠨ ᠪᠦᠰᠡ ᠶᠢᠨ ᠨᠢᠭᠡ ᠴᠣᠭᠴᠠᠵᠢᠯᠲᠠ ᠶᠢᠨ ᠳᠠᠮᠵᠢᠭᠤᠯᠭ᠎ᠠ ᠲᠣᠪᠤᠶᠢᠮ᠎ᠠ ᠦᠷ᠎ᠡ ᠪᠦᠲᠦᠮᠵᠢ ᠣᠯᠪᠠ ᠁ | ᠠᠳᠠᠯᠢ ᠪᠤᠰᠤ ︿ᠵᠠᠩᠭᠢᠯᠠᠭ᠎ᠠ ᠶᠢᠨ ᠦᠭᠡᠰ﹀ ᠨᠢ ᠪᠢᠳᠡᠨ ᠤ ᠡᠨᠡᠬᠦ ︿ᠪᠠᠶᠢᠭᠠᠯᠢ ᠶᠢᠨ ᠨᠡᠭᠦᠷᠡᠰᠦᠨ ᠠᠭᠤᠷᠬᠠᠢ ᠶᠢᠨ ᠦᠵᠡᠮᠵᠢ᠂ ᠭᠠᠵᠠᠷ ᠤᠨ ᠪᠤᠯᠠᠭᠳᠠᠴᠠ ᠶᠢᠨ | ᠡᠨᠧᠷᠭᠢ ᠶᠢᠨ ᠡᠷᠳᠡᠨᠢ ᠶᠢᠨ ᠬᠥᠮᠥᠷᠭᠡ﹀ ᠶᠢᠨ ᠨᠡᠭᠦᠷᠡᠰᠦᠨ ᠬᠤᠳᠠ ᠶᠢᠨ ᠲᠤᠬᠠᠢ ᠤᠯᠠᠮᠵᠢᠯᠠᠯᠲᠤ ᠲᠠᠨᠢᠯᠲᠠ ᠶᠢ ᠰᠢᠨᠡᠳᠭᠡᠨᠠ᠄ ᠥᠩᠭᠡᠷᠡᠭᠰᠡᠨ ᠳᠤ ︿ᠨᠡᠭᠦᠷᠡᠰᠦ ᠪᠠᠷ | ᠬᠥᠭᠵᠢᠨ ᠮᠠᠨᠳᠤᠭᠰᠠᠨ﹀ ᠵᠡᠭᠦᠨᠭᠠᠷ ᠬᠤᠰᠢᠭᠤ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠠᠮ ᠢᠶᠠᠷ ᠲᠣᠮᠣ ᠠᠯᠬᠤᠮ ᠢᠶᠠᠷ ᠤᠷᠤᠬᠰᠢᠯᠠᠵᠦ᠂ ᠴᠢᠨᠠᠷ | ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠶᠢ ᠴᠢᠷᠮᠠᠶᠢᠨ ᠦᠢᠯᠡᠳᠦᠯᠭᠡᠵᠢᠭᠦᠯᠵᠦ᠂ ᠬᠥᠭᠵᠢᠯᠲᠡ ᠶᠢᠨ | ᠦᠢᠯᠡᠳᠦᠯᠭᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠨ᠎ᠡ — ᠡᠨᠡ ᠪᠣᠯ ᠶᠠᠭ ᠪᠢᠳᠡᠨ ᠤ ᠳᠡᠯᠡᠬᠡᠢ ᠳ᠋ᠠᠬᠢᠨ ᠳᠤ | ᠶᠠᠷᠢᠬᠤ ᠭᠡᠵᠦ ᠪᠠᠶᠢᠭ᠎ᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠦᠯᠢᠬᠡᠷ ᠮᠦᠨ᠂ ᠠᠳᠡ ᠪᠢᠳᠡᠨ ᠤ ᠳᠡᠯᠡᠬᠡᠢ ᠳ᠋ᠠᠬᠢᠨ ᠳᠤ ᠲᠠᠮᠵᠢᠭᠤᠯᠬᠤ ︿ᠪᠠᠶᠠᠨ | ᠠᠭᠤᠷᠬᠠᠢ﹀ ᠪᠠᠶᠢᠨ᠎ᠠ︾ ᠬᠡᠵᠦ ᠬᠡᠯᠡᠪᠡ᠃ | ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ ᠠᠵᠢᠯ ᠦᠢᠯᠡᠰ ᠤᠨ ᠲᠣᠪᠴᠢᠶ᠎ᠠ ᠶᠢᠨ ᠪᠠᠷᠠᠭᠤᠨ ᠡᠸᠦ᠋ᠷᠦᠫᠡ ᠬᠢᠬᠡᠳ ᠠᠹᠷᠢᠺᠠ ᠲᠢᠪ ᠤᠨ | ᠳᠠᠮᠵᠢᠭᠤᠯᠭ᠎ᠠ ᠶᠢᠨ ᠲᠥᠪ ︵ᠥᠨᠥᠳᠥᠷ ᠤᠨ ᠳᠤᠮᠳᠠᠳᠤ ᠤᠯᠤᠰ ᠤᠨ ᠰᠡᠳᠬᠦᠯ ᠤᠨ ᠬᠤᠷᠢᠶ᠎ᠠ︶ ᠤᠨ ᠵᠡᠭᠦᠨᠭᠠᠷ ᠬᠤᠰᠢᠭᠤᠨ ᠳᠠᠬᠢ ᠳᠠᠮᠵᠢᠭᠤᠯᠭ᠎ᠠ ᠶᠢᠨ | ᠦᠢᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠡᠯᠭᠦᠭᠰᠡᠨ ᠶᠠᠪᠤᠳᠠᠯ ᠪᠣᠯ ᠵᠡᠭᠦᠨᠭᠠᠷ ᠬᠤᠰᠢᠭᠤᠨ ᠤ ᠪᠦᠬᠦ ᠤᠷᠤᠨ ᠪᠦᠰᠡ ᠶᠢᠨ ᠨᠢᠭᠡ ᠴᠣᠭᠴᠠᠵᠢᠯᠲᠠ ᠶᠢᠨ | ᠲᠥᠪ ᠢ ᠡᠬᠢᠯᠡᠭᠦᠯᠦᠭᠰᠡᠨ ᠠᠴᠠ ᠨᠠᠭᠠᠰᠢᠬᠢ ᠪᠠᠰᠠ ᠨᠢᠭᠡᠨ ᠰᠢᠨ᠎ᠡ ᠶᠢ ᠡᠬᠦᠳᠦᠭᠰᠡᠨ ᠠᠷᠭ᠎ᠠ ᠬᠡᠮᠵᠢᠶ᠎ᠡ ᠪᠣᠯᠬᠤ ᠶᠤᠮ᠂ ᠡᠨᠡ ᠨᠢ ᠵᠡᠭᠦᠨᠭᠠᠷ ᠬᠤᠰᠢᠭᠤᠨ ᠤ ᠤᠯᠠᠨ | ᠤᠯᠤᠰ ᠤᠨ ᠳᠠᠮᠵᠢᠭᠤᠯᠭ᠎ᠠ ᠲᠠᠢ ᠬᠠᠮᠵᠢᠯᠴᠠᠨ ᠵᠣᠯᠭᠠᠭᠤᠯᠬᠤ ᠬᠠᠶᠢᠨ ᠰᠦᠪᠡᠭᠴᠢᠯᠡᠯᠲᠡ ᠶᠢᠨ ᠡᠭᠦᠳᠡ ᠶᠢ ᠨᠡᠭᠡᠭᠡᠭᠰᠡᠨ ᠢ ᠬᠠᠷᠠᠭᠤᠯᠵᠤ ᠪᠠᠶᠢᠨ᠎ᠠ᠃ | ᠬᠠᠨ ᠶᠠᠨ ᠬᠡᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠲᠠᠪᠴᠠᠩ ᠤᠨ ᠪᠠᠶᠢᠭᠤᠯᠤᠯᠲᠠ᠂ ᠮᠡᠷᠭᠡᠵᠢᠯ ᠤᠨ ᠲᠤᠯᠭᠠᠭᠤᠷᠢᠯᠠᠯ᠂ ᠴᠢᠳᠠᠪᠤᠷᠢᠲᠠᠨ ᠢ ᠬᠥᠮᠥᠵᠢᠭᠦᠯᠬᠦ | ᠵᠡᠷᠭᠡ ᠤᠯᠠᠨ ᠲᠠᠯ᠎ᠠ ᠪᠠᠷ ᠨᠡᠩ ᠭᠦᠨᠵᠡᠭᠡᠢ ᠰᠣᠯᠢᠯᠴᠠᠭ᠎ᠠ ᠬᠢᠵᠦ᠂ ᠤᠯᠠᠨ ᠤᠯᠤᠰ ᠤᠨ ᠳᠠᠮᠵᠢᠭᠤᠯᠭ᠎ᠠ ᠶᠢᠨ ᠬᠠᠮᠵᠢᠯᠴᠠᠭ᠎ᠠ ᠪᠤᠯᠬᠤ ᠡᠨᠡᠬᠦ ᠭᠠᠳᠠᠭᠠᠳᠤ | ᠤᠬᠠᠭᠤᠯᠭ᠎ᠠ ᠶᠢᠨ ︽ᠶᠡᠭᠡ ᠨᠠᠶᠢᠷᠠᠯ ᠳᠠᠭᠤᠤ︾ ᠶᠢ ᠰᠠᠶᠢᠬᠠᠨ ᠲᠠᠭᠤᠯᠠᠵᠦ᠂ ᠬᠠᠨᠭ᠍ᠬᠢᠨᠠᠳᠠᠯ᠎ᠠ ᠲᠠᠭᠤᠯᠠᠵᠦ᠂ ᠵᠡᠭᠦᠨᠭᠠᠷ ᠤᠨ ᠤᠯᠠᠨ ᠤᠯᠤᠰ ᠤᠨ ᠳᠠᠮᠵᠢᠭᠤᠯᠭ᠎ᠠ ᠳᠠᠬᠢ | ᠳᠦᠷᠢ ᠲᠥᠷᠬᠦ ᠶᠢ ᠴᠤᠬᠴᠠᠯᠠᠨ᠂ ᠵᠡᠭᠦᠨᠭᠠᠷ ᠤᠨ ᠰᠢᠯᠢᠳᠡᠭ ᠳᠠᠭᠤᠨ ᠢ ᠳᠠᠮᠵᠢᠭᠤᠯᠬᠤ ᠶᠢ ᠬᠦᠰᠡᠵᠦ ᠪᠠᠶᠢᠨ᠎ᠠ᠃ ︽ᠬᠡᠢ ᠪᠤᠳᠤᠯ ᠳᠤ ᠰᠢᠨᠤᠬᠤ ᠦᠭᠡᠢ᠂ ᠬᠡᠶᠢᠰᠪᠦᠷᠢ | ᠲᠠᠭᠤᠨ ᠳᠤ ᠰᠢᠨᠤᠬᠤ ᠦᠭᠡᠢ︾ ᠠᠶᠢᠵᠠᠮ ᠢᠶᠠᠷ ᠲᠦᠷᠬᠡᠯᠡᠵᠦ᠂ ᠲᠡᠷᠢᠭᠦᠨ ᠳᠤ ᠣᠷᠣᠬᠤ ᠪᠠᠷ ᠬᠦᠴᠦᠯᠡᠨ ᠴᠢᠷᠮᠠᠶᠢᠵᠤ᠂ ᠬᠤᠪᠢ ᠨᠡᠮᠡᠷᠢ ᠦᠵᠡᠭᠦᠯᠦᠨ᠂ ᠵᠡᠭᠦᠨᠭᠠᠷ | ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠴᠠᠭ ᠦᠶ᠎ᠡ ᠶᠢᠨ ᠢᠷᠠᠭᠤ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠠ | ᠬᠡᠪᠡ᠃ |