10 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠸ | ᠸᠧᠨ ᠾᠧ ᠵᠡᠭᠦᠨᠭᠠᠷ ᠬᠤᠰᠢᠭᠤᠨ ᠳᠤ ᠬᠦᠷᠴᠦ ᠭᠤᠣᠯ ᠰᠡᠳᠦᠪᠲᠦ ᠬᠥᠮᠦᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠦᠨᠳᠦᠰᠦᠨ ᠱᠠᠲᠤᠨ ᠤ | ᠬᠠᠷᠢᠯᠴᠠᠬᠤ ᠴᠡᠭ ᠪᠤᠯᠬᠤ ᠵᠡᠭᠦᠨᠭᠠᠷ ᠵᠣᠣ ᠪᠠᠯᠭᠠᠰᠤᠨ ᠳᠤ ᠬᠦᠷᠴᠦ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠪᠠ᠃ |  ᠱᠠᠬᠳᠠᠷ ᠪᠠᠯᠭᠠᠰᠤ ᠶᠢᠨ ᠹᠦ᠋ ᠯᠦ ᠲᠣᠰᠬᠤᠨ᠂ ᠶᠢᠩ ᠽᠧ ᠵᠡᠭᠡᠯᠢ ᠭᠤᠳᠤᠮᠵᠢ ᠶᠢᠨ ᠬᠤ᠋ ᠰᠢ ᠨᠡᠶᠢᠭᠡᠮ ᠲᠣᠭᠤᠷᠢᠭ ᠪᠣᠯᠣᠨ ᠵᠡᠭᠦᠨᠭᠠᠷ ᠵᠤᠤ ᠪᠠᠯᠭᠠᠰᠤ ᠶᠢᠨ | ᠬᠤᠸᠠ ᠳᠡᠮᠡᠭᠡᠳᠤ ᠲᠣᠰᠬᠤᠨ ᠳᠤ᠂ ᠭᠤᠤ ᠸᠧᠨ ᠾᠧ ᠵᠡᠭᠦᠨᠭᠠᠷ ᠬᠤᠰᠢᠭᠤᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠪᠤᠳᠠᠳᠤ ᠭᠠᠵᠠᠷ ᠲᠤᠨᠢ ᠪᠠᠶᠢᠴᠠᠭᠠᠨ ᠰᠤᠳᠤᠯᠵᠤ ᠣᠶᠢᠯᠠᠭᠠᠪᠠ᠃ ᠲᠡᠷᠡ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ | ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ︽ᠦᠵᠡᠯ ᠰᠠᠨᠠᠭ᠎ᠠ ᠶᠢ | ᠰᠤᠷᠤᠯᠴᠠᠨ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠲᠠᠢ ᠨᠢᠭᠲᠠ | ᠤᠶᠠᠯᠳᠤᠭᠤᠯᠤᠨ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠵᠤ᠂ ᠮᠡᠳᠡᠬᠦᠢ ᠢᠳᠡᠭᠡᠬᠦᠢ ᠬᠢᠬᠦᠢ ᠶᠢ ᠨᠢᠭᠡᠳᠬᠡᠬᠦ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠦᠨᠡᠨ ᠬᠦ ᠤᠯᠠᠨ ᠲᠦᠮᠡᠨ ᠤ | ᠰᠡᠳᠬᠢᠯ ᠳᠤ ᠬᠠᠳᠠᠩᠰᠢᠭᠤᠯᠵᠤ᠂ ᠤᠯᠠᠨ ᠲᠦᠮᠡᠨ ᠳᠤ ᠭᠤᠣᠯ ᠰᠡᠳᠦᠪᠲᠦ ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ ᠰᠢᠨ᠎ᠡ ᠦᠷ᠎ᠡ ᠪᠦᠲᠦᠮᠵᠢ ᠶᠢ | ᠮᠡᠳᠡᠷᠡᠭᠦᠯᠬᠦ ᠭᠡᠷᠡᠭᠳᠡᠢ ᠭᠡᠪᠡ᠃ ᠲᠡᠷᠡᠭᠡᠯᠡᠬᠦ ᠳᠡᠭᠡᠨ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠨᠢ ᠦᠨᠳᠦᠰᠦᠨ ᠱᠠᠲᠤ ᠪᠣᠯᠣᠨ ᠤᠯᠠᠨ | ᠲᠦᠮᠡᠨ ᠳᠤ ᠰᠢᠭᠤᠳ ᠬᠠᠨᠳᠤᠵᠤ᠂ ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ ᠪᠠᠷᠢᠮᠲᠠᠯᠠᠨ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠣᠳᠣᠯᠭ᠎ᠠ ᠶᠢ | ᠠᠷᠠᠳ ᠠᠴᠠ ᠠᠰᠠᠭᠤᠬᠤ᠂ ᠦᠷ᠎ᠡ ᠪᠦᠲᠦᠮᠵᠢ ᠶᠢ ᠠᠷᠠᠳ ᠠᠴᠠ ᠠᠰᠠᠭᠤᠬᠤ ᠶᠢ ᠨᠡᠩ ᠴᠢᠬᠤᠯᠠᠴᠢᠯᠠᠵᠤ᠂ ᠠᠷᠠᠳ ᠤᠨ ᠲᠥᠯᠥᠭᠡ ᠢᠳᠡᠪᠬᠢᠲᠡᠢ ᠪᠠᠷ ᠪᠣᠳᠠᠲᠠᠢ | ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠵᠠᠰᠠᠯᠲᠠ ᠪᠣᠯᠣᠨ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ | ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠦᠳᠤᠭᠡᠬᠦ ᠴᠤᠭ ᠰᠦᠯᠳᠡ ᠶᠢ ᠲᠠᠰᠤᠷᠠᠯᠳᠡ ᠦᠭᠡᠢ ᠬᠥᠭᠵᠢᠭᠡᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠰᠢᠨ᠎ᠡ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠰᠢᠯᠭᠠᠬᠤ ᠬᠡᠷᠡᠭᠲᠡᠢ ᠭᠡᠪᠡ᠃ | | ᠵᠡᠭᠦᠨᠭᠠᠷ ᠵᠤᠤ ᠪᠠᠯᠭᠠᠰᠤ ᠶᠢᠨ︽ᠦᠵᠡᠮᠵᠢᠳᠤ ᠲᠠᠷᠢᠶᠠᠯᠠᠩ ᠮᠠᠯ ᠠᠵᠤ ᠠᠬᠤᠢ ᠤᠢ ᠰᠢᠭᠤᠢ︾ ᠶᠢ ᠨᠢᠭᠡ ᠴᠣᠭᠴᠠᠵᠢᠭᠤᠯᠤᠬᠰᠠᠨ ᠲᠦᠷᠦᠯ ᠵᠦᠢᠯ᠂ | ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ᠂ ᠭᠤᠤ ᠸᠧᠨ ᠾᠧ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ | ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠭᠡᠯᠡᠬᠦ ᠳᠡᠭᠡᠨ᠂ ᠨᠠᠮ ᠤᠨ ᠪᠠᠶᠢᠭᠤᠯᠤᠯᠲᠠ ᠶᠢ ᠠᠳᠬᠤᠬᠤ᠂ ᠠᠵᠤ ᠦᠢᠯᠡᠰ ᠢ ᠠᠳᠬᠤᠬᠤ | ᠂ ᠬᠥᠭᠵᠢᠯᠲᠡ ᠶᠢ ᠠᠳᠬᠤᠬᠤ ᠠᠵᠢᠯ ᠤᠨ ᠪᠣᠳᠠᠲᠤ ᠠᠮᠵᠢᠯᠲᠠ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠦᠨᠡᠨᠬᠦ | ᠭᠤᠣᠯ ᠰᠡᠳᠦᠪᠲᠦ ᠬᠥᠮᠦᠵᠢᠯ ᠢᠶᠠᠷ ᠪᠣᠳᠠᠲᠠᠢ ᠠᠵᠢᠯ ᠢ ᠬᠥᠲᠥᠯᠥᠨ ᠳᠠᠭᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠲᠦᠷᠭᠡᠳᠬᠡᠨ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠣᠷᠣᠰᠢᠨ ᠰᠠᠭᠤᠬᠤ ᠳᠤ ᠳᠠᠭᠠᠯᠠᠮᠵᠢᠳᠠᠢ ᠤᠶᠢᠯᠡᠰ | ᠪᠦᠳᠤᠭᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ᠃ |  ᠵᠡᠭᠦᠨᠭᠠᠷ ᠵᠤᠤ ᠪᠠᠯᠭᠠᠰᠤᠨ ᠳᠤ᠂ ᠭᠤᠤ ᠸᠧᠨ ᠾᠧ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠨᠢᠭᠡᠨ ᠭᠤᠶᠢᠳᠠ ᠰᠠᠶᠢᠬᠠᠨ ᠲᠤᠰᠬᠠᠢ ᠰᠡᠳᠦᠪᠲᠦ | ᠨᠠᠮ ᠤᠨ ᠬᠢᠴᠢᠶᠡᠯ ᠤᠷᠤᠵᠤ᠂ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠬᠠᠷᠠᠯᠲᠠ ᠱᠠᠭᠠᠷᠳᠠᠯᠭ᠎ᠠ ᠶᠢᠨ ᠳᠤᠬᠠᠢ ᠨᠡᠩ ᠭᠦᠨᠵᠡᠭᠡᠢ | ᠳᠠᠨᠢᠯᠳᠠ ᠪᠠ ᠣᠶᠢᠯᠠᠭᠠᠯᠲᠠ ᠲᠠᠢ ᠪᠣᠯᠭᠠᠵᠠᠢ᠃ ᠲᠤᠰᠬᠠᠢ ᠰᠡᠳᠦᠪᠲᠦ ᠨᠠᠮ ᠤᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠭᠤᠤ ᠸᠧᠨ ᠾᠧ ᠪᠠᠶᠢᠴᠠᠭᠠᠨ ᠰᠤᠳᠤᠯᠬᠤ | ᠶᠠᠪᠤᠴᠠ ᠳᠤ ᠲᠤᠬᠠᠢ ᠶᠢᠨ ᠳᠠᠯᠠᠪᠠᠢ ᠳᠤ ᠠᠯᠪᠠᠯᠠᠵᠤ᠂ ᠲᠤᠬᠠᠢ ᠶᠢᠨ ᠳᠠᠯᠠᠪᠠᠢ ᠳᠤ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠭᠰᠡᠨ ᠪᠥᠭᠡᠳ | ᠲᠤᠬᠠᠢ ᠶᠢᠨ ᠳᠠᠯᠠᠪᠠᠢ ᠳᠤ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠠᠴᠠ ᠭᠤᠣᠯ ᠰᠡᠳᠦᠪᠲᠦ ᠬᠥᠮᠦᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ | ᠪᠠ ᠰᠠᠨᠠᠯ ᠰᠠᠨᠠᠭᠤᠯᠭ᠎ᠠ ᠶᠢ ᠬᠤᠷᠢᠶᠠᠭᠰᠠᠨ ᠪᠠᠶᠢᠨ᠎ᠠ᠃ | | | | | |