ᠨᠠᠷᠠᠰᠤᠨ ᠪᠠᠯᠭᠠᠰᠤ᠄ ︽ᠭᠤᠷᠪᠠᠨ ᠲᠠᠯ᠎ᠠ ᠪᠠᠷ ᠬᠦᠴᠤᠯᠡᠵᠤ︾  ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠭᠡᠷᠡᠭᠵᠢᠬᠦᠯᠤᠨ᠎ᠠ
ᠨᠡᠶᠢᠲᠡᠯᠡᠭᠰᠡᠨ ᠴᠠᠭ᠄
2023/10/25
      ᠠᠮᠢ ᠠᠬᠤᠢ ᠶᠢᠨ ᠪᠣᠯᠪᠠᠰᠤᠨ ᠤ ᠪᠦᠳᠤᠭᠡᠨ ᠪᠠᠶᠢᠭᠤᠯᠤᠯᠲᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠪᠠᠶᠢᠷᠢᠯᠠᠭᠤᠯᠤᠯᠲᠠ ᠪᠠ‌ᠥᠪᠥᠷ ᠮᠣᠩᠭᠤᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ  ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠤᠰᠠᠳᠠ᠂2023 ᠣᠨ ᠳᠤ᠂ ᠵᠡᠭᠦᠨᠭᠠᠷ ᠬᠤᠰᠢᠭᠤᠨ ᠤ ᠨᠠᠷᠠᠰᠤᠨ ᠪᠠᠯᠭᠠᠰᠤ ᠣᠶ ᠰᠢᠭᠤᠢ ᠶᠢᠨ ᠳᠠᠷᠤᠭ᠎ᠠ ᠶᠢᠨ ᠳᠦᠷᠢᠮ  ᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ  ᠪᠠᠷ ᠭᠦᠨᠵᠡᠭᠡᠶᠢᠷᠡᠭᠦᠯᠤᠨ᠂ ︽ᠣᠶ ᠮᠤᠳᠤ ᠳᠠᠷᠢᠬᠤ︾ ᠳᠡᠭᠡᠷ᠎ᠡ ᠬᠦᠴᠦᠯᠡᠬᠦ᠂ ︽ᠳᠠᠷᠤᠭ᠎ᠠ︾  ᠶᠢᠨ ᠠᠵᠢᠯ ᠤᠨ ᠬᠠᠷᠢᠭᠤᠴᠠᠯᠭ᠎ᠠ  ᠶᠢ ᠭᠦᠢᠴᠡᠳᠬᠡᠬᠦ᠂ ︽ᠳᠦᠷᠢᠮ︾  ᠢ ᠭᠡᠷᠡᠭᠵᠢᠬᠦᠯᠬᠦ ᠲᠠᠯ᠎ᠠ ᠪᠠᠷ ᠢᠳᠡᠪᠬᠢᠲᠡᠢ ᠪᠠᠲᠤᠯᠠᠬᠤ ᠶᠢ ᠪᠠᠷᠢᠮᠲᠠᠯᠠᠵᠤ᠂ ᠠᠭᠤᠯᠠ ᠶᠢ ᠬᠠᠮᠢᠶᠠᠷᠬᠤ ᠬᠥᠮᠥᠨ ᠲᠠᠢ᠂ ᠣᠶ ᠮᠤᠳᠤ ᠶᠢ  ᠳᠠᠷᠢᠬᠤ ᠬᠥᠮᠥᠨ ᠲᠠᠢ᠂ ᠮᠣᠳᠣ ᠶᠢ ᠬᠠᠮᠠᠭᠠᠯᠠᠬᠤ ᠬᠥᠮᠥᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ ᠲᠣᠥᠷᠵᠢᠭᠤᠯᠤᠭᠰᠠᠨ ᠬᠠᠮᠢᠶᠠᠷᠤᠯᠲᠠ ᠶᠢᠨ ᠳᠤᠬᠳᠠᠯᠴᠠᠭ᠎ᠠ ᠶᠢ ᠪᠣᠶ ᠪᠣᠯᠭᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠵᠡᠷᠭᠡ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠨᠠᠷᠠᠰᠤᠨ ᠤ ᠬᠦᠴᠦᠨ ᠴᠢᠳᠠᠯ ᠢ ᠨᠡᠮᠡᠷᠢᠯᠡᠵᠤ ᠪᠠᠶᠢᠨ᠎ᠠ᠃                    ︽ᠣᠶ ᠮᠤᠳᠤ︾ ᠳᠠᠷᠢᠬᠤ ᠳᠡᠭᠡᠷ᠎ᠡ ᠬᠦᠴᠦᠯᠡᠵᠦ᠂ ᠪᠣᠬᠢᠷᠲᠤᠯ ᠦᠭᠡᠢ                     ︽ᠰᠠᠯᠬᠢᠨ   ᠤ    ᠬᠠᠯᠬᠠᠪᠴᠢ︾     ᠶᠢ   ᠰᠠᠶᠢᠲᠤᠷ   ᠪᠣᠶ   ᠪᠣᠯᠭᠠᠪᠠ    2023 ᠣᠨ ᠠᠴᠠ ᠨᠠᠭᠠᠰᠢ᠂ ᠨᠠᠷᠠᠰᠤᠨ ᠪᠠᠯᠭᠠᠰᠤ ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠨᠠᠷᠢᠯᠢᠭᠵᠢᠭᠤᠯᠬᠤ ᠠᠴᠠ ᠭᠠᠷᠳᠠᠬᠤ ᠶᠢ ᠪᠠᠷᠢᠮᠲᠠᠯᠠᠨ᠂ ᠤᠢ ᠰᠢᠭᠤᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠳᠠᠯᠳᠠ ᠦᠷ᠎ᠡ ᠠᠰᠢᠭ ᠢ ᠤᠯᠠᠮ ᠴᠢᠨᠠᠭᠰᠢᠳᠠ ᠪᠠᠳᠠᠷᠠᠭᠤᠯᠪᠠ᠃ ᠨᠢᠭᠡ ᠳᠤ ᠪᠥᠬᠦ ᠪᠠᠯᠭᠠᠰᠤᠨ ᠤ 11 ᠲᠦᠮᠡᠨ ᠮᠦ ᠨᠡᠶᠢᠲᠡ ᠶᠢᠨ ᠠᠰᠠᠷᠠᠮᠵᠢ ᠶᠢᠨ ᠣᠶ᠂ 2500 ᠭᠠᠷᠤᠢ ᠮᠦ ᠲᠠᠸᠠᠷ ᠤᠨ ᠣᠶ ᠶᠢ ᠳᠡᠩᠰᠡᠯᠡᠨ ᠬᠠᠮᠢᠶᠠᠷᠬᠤ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠣᠶᠢᠲᠤ ᠭᠠᠵᠠᠷ᠂ ᠡᠷᠲᠡᠨ ᠤ ᠮᠣᠳᠣ ᠨᠠᠷᠠᠲᠤ ᠮᠣᠳᠣ ᠨᠢᠭᠡᠪᠦᠷᠢ ᠶᠢ ᠴᠥᠮ ᠪᠦᠲᠦᠮᠵᠢᠲᠡᠶ ᠬᠠᠮᠠᠭᠠᠯᠠᠨ ᠬᠠᠮᠢᠶᠠᠷᠬᠤ ᠶᠢ ᠦᠨᠡᠨ ᠬᠦ ᠪᠠᠲᠤᠯᠠᠪᠠ᠃ ᠳᠡᠭᠡᠳᠦ ᠱᠠᠲᠤᠨ ᠤ ᠣᠶ ᠰᠢᠭᠤᠢ ᠶᠢᠨ ᠳᠠᠷᠤᠭ᠎ᠠ ᠶᠢᠨ ᠡᠷᠭᠢᠯᠡᠭᠰᠡᠨ ᠣᠶ ᠰᠢᠭᠤᠢ ᠶᠢᠨ ᠭᠠᠵᠠᠷ ᠤᠨ ᠳᠠᠩᠰᠠᠯᠠᠯᠲᠠ ᠶᠢ ᠪᠣᠳᠠᠲᠠᠶᠢᠵᠢᠭᠤᠯᠬᠤ᠂ ᠳᠥᠷᠪᠡᠨ ᠵᠠᠬ᠎ᠠ ᠶᠢᠨ ᠬᠦᠷᠢᠶ᠎ᠡ ᠬᠡᠪᠴᠢᠶ᠎ᠡ ᠶᠢ ᠨᠠᠷᠢᠯᠢᠭ ᠣᠨᠣᠴᠠᠲᠠᠢ ᠪᠠᠶᠢᠯᠭᠠᠬᠤ᠂ ᠡᠷᠬᠡ ᠶᠢᠨ ᠬᠠᠷᠢᠶᠠᠯᠠᠯ ᠡᠷᠬᠡ  ᠠᠰᠢᠭ ᠢ ᠲᠣᠳᠣᠷᠬᠠᠢ ᠪᠠᠶᠢᠯᠭᠠᠬᠤ ᠪᠠ ᠲᠤᠭ᠎ᠠ ᠪᠠᠷᠢᠮᠲᠠ ᠨᠢ ᠦᠨᠡᠨ ᠪᠣᠳᠠᠲᠠᠢ ᠪᠥᠭᠡᠳ ᠪᠦᠲᠦᠮᠵᠢᠲᠡᠶ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠨᠡᠶᠢᠲᠡ ᠶᠢᠨ ᠠᠰᠠᠷᠠᠮᠵᠢ ᠶᠢᠨ ᠣᠶ ᠶᠢᠨ ᠵᠠᠭᠠᠭ ᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠳᠡᠭᠡᠳᠦ ᠱᠠᠲᠤᠨ ᠤ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠨᠥᠬᠦᠪᠦᠷᠢ ᠶᠢ ᠴᠠᠭ ᠲᠤᠬᠠᠢ ᠳᠤᠨᠢ  ᠳᠠᠷᠬᠠᠭᠠᠵᠤ ᠤᠷᠤᠨᠵᠢᠭᠤᠯᠬᠤ ᠶᠢ ᠪᠠᠳᠤᠯᠠᠪᠠ᠃ ᠬᠤᠶᠠᠷ ᠲᠤ  ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠶᠢ ᠰᠠᠶᠢᠲᠤᠷ ᠠᠳᠬᠤᠵᠤ᠂  ᠨᠤᠭᠤᠭᠠᠨ ᠦᠩᠭᠡ ᠶᠢᠨ ᠰᠠᠭᠤᠷᠢ ᠶᠢ ᠪᠠᠬᠢᠵᠢᠭᠦᠯᠪᠠ᠃ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠬᠤ ᠶᠢ ᠵᠣᠭᠰᠣᠭᠠᠵᠤ ᠤᠢ ᠮᠤᠳᠤ ᠳᠠᠷᠢᠬᠤ ᠠᠵᠢᠯ ᠢ ᠴᠢᠩᠭ᠎ᠠ ᠠᠳᠬᠤᠬᠤ ᠶᠢᠨ ᠬᠠᠮᠲᠤ ᠴᠤᠭᠯᠠᠭ᠎ᠠ ᠮᠠᠶᠢᠮᠠᠢ  ᠶᠢᠨ ᠡᠳᠦᠷ ᠢ ᠳᠡᠮᠳᠡᠢ  ᠠᠰᠢᠬᠯᠠᠨ ᠣᠶᠢᠵᠢᠭᠤᠯᠤᠯᠳᠠ ᠶᠢᠨ ᠠᠷᠠᠳ ᠲᠤ ᠠᠰᠢᠭ ᠬᠦᠷᠲᠡᠭᠡᠬᠦ ᠳᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠷᠤᠭᠡ ᠳᠤ ᠬᠦᠷᠴᠦ ᠡᠯ᠎ᠡ ᠵᠦᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠠᠮᠢᠳᠤᠯᠢᠭ ᠢᠶᠠᠷ ᠬᠡᠷᠡᠭᠯᠡᠨ ᠤᠢ ᠰᠢᠭᠤᠢ ᠶᠢᠨ ᠳᠦᠷᠦ ᠶᠢᠨ ᠪᠣᠳᠣᠯᠭ᠎ᠠ ᠶᠢᠨ ᠮᠠᠳᠠᠭ ᠲᠠᠶ‌ᠠᠰᠠᠭᠤᠳᠠᠯ ᠤᠳ ᠢ ᠲᠠᠶᠢᠯᠪᠤᠷᠢᠯᠠᠵᠤ᠂ ᠤᠢ ᠰᠢᠭᠤᠢ ᠶᠢᠨ ᠦᠢᠯᠡᠰ ᠤᠨ ᠠᠷᠠᠳ ᠲᠤ ᠠᠰᠢᠭ ᠬᠦᠷᠲᠡᠭᠡᠬᠦ ᠳᠦᠷᠦ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂  ᠠᠷᠠᠳ ᠤᠯᠠᠨ ᠢ ᠳᠠᠶᠢᠴᠢᠯᠠᠨ ᠣᠶᠢᠵᠢᠭᠤᠯᠵᠤ ᠨᠣᠭᠤᠭᠠᠷᠠᠭᠤᠯᠬᠤ ᠠᠵᠢᠯ ᠳᠤ ᠣᠷᠣᠯᠴᠠᠭᠤᠯᠵᠤ᠂ ᠳᠠᠴᠢᠷ ᠭᠠᠵᠠᠷ  ᠪᠠᠶᠢᠪᠠᠯ  ᠨᠣᠭᠤᠭᠠᠷᠠᠭᠤᠯᠵᠤ᠂  ᠬᠤᠭᠤᠰᠤᠨ ᠭᠠᠵᠠᠷ ᠪᠠᠶᠢᠪᠠᠯ ᠨᠤᠭᠤᠭᠠᠷᠠᠭᠤᠯᠤᠯᠳᠠ ᠶᠢ ᠨᠡᠮᠡᠭᠳᠡᠬᠦᠯᠤᠨ᠂ ︽ᠨᠣᠭᠤᠭᠠᠷᠠᠭᠤᠯᠬᠤ ᠶᠣᠰᠣᠲᠠᠢ ᠶᠢ ᠨᠢ ᠪᠦᠬᠦᠨ ᠢ ᠨᠣᠭᠤᠭᠠᠷᠠᠭᠤᠯᠬᠤ︾  ᠶᠢ ᠪᠡᠶᠡᠯᠡᠬᠦᠯᠦᠭᠰᠡᠨ ᠪᠠᠶᠢᠨ᠎ᠠ᠃
纳日松1.jpg
              ︽ᠳᠠᠷᠤᠭ᠎ᠠ︾  ᠶᠢᠨ ᠠᠵᠢᠯ ᠤᠨ ᠬᠠᠷᠢᠭᠤᠴᠠᠯᠭ᠎ᠠ  ᠶᠢ ᠭᠦᠢᠴᠡᠳᠬᠡᠵᠦ᠂  ᠤᠢ              ᠰᠢᠭᠤᠢ ᠶᠢᠨ ᠳᠠᠷᠤᠭ᠎ᠠ ᠶᠢᠨ ︽  ᠤᠶᠢᠯᠡᠳᠤᠯ︾ ᠢ ᠰᠠᠶᠢᠲᠤᠷ  ᠪᠠᠳᠠᠷᠠᠭᠤᠯᠪᠠ     2023 ᠣᠨ ᠤ ᠣᠶ ᠰᠢᠭᠤᠢ ᠶᠢᠨ ᠦᠢᠯᠡᠰ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ︽ᠳᠡᠭᠡᠳᠦ ᠱᠠᠲᠤᠨ ᠠᠴᠠ ᠳᠣᠣᠷᠠᠳᠤ ᠱᠠᠲᠤᠨ ᠳᠤ ᠬᠦᠷᠲᠡᠯ᠎ᠡ᠂ ᠱᠠᠲᠤ ᠳᠠᠷᠠᠭᠠᠯᠠᠨ ᠪᠣᠳᠠᠲᠠᠶᠢᠵᠢᠭᠤᠯᠬᠤ︾ ᠠᠵᠢᠯ ᠤᠨ ᠰᠡᠳᠬᠢᠴᠡ ᠶᠢ ᠪᠠᠷᠢᠮᠲᠠᠯᠠᠨ᠂ ᠣᠶ ᠰᠢᠭᠤᠢ ᠶᠢᠨ ᠳᠠᠷᠤᠭ᠎ᠠ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠡᠮᠬᠢ ᠳᠢᠭᠯᠢᠮ ᠲᠠᠢ ᠠᠬᠢᠭᠤᠯᠪᠠ᠃ ᠨᠢᠭᠡ ᠳᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠢ 4 ᠤᠳᠠᠭ᠎ᠠ ᠬᠤᠷᠠᠯᠳᠤᠭᠤᠯᠵᠤ᠂ ᠳᠡᠭᠡᠳᠦ ᠱᠠᠲᠤᠨ ᠤ  ᠬᠤᠯᠪᠤᠬᠳᠠᠯ ᠪᠦᠬᠦᠢ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠵᠢᠴᠢ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠤ᠂ ᠨᠡᠶᠢᠲᠡ ᠶᠢᠨ ᠠᠰᠠᠷᠠᠮᠵᠢ ᠶᠢᠨ ᠣᠶ ᠶᠢᠨ ᠵᠠᠭᠠᠭ ᠬᠢᠵᠠᠭᠠᠷ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠨᠡᠶᠢᠳᠡᠮ ᠪᠠᠶᠢᠴᠠᠭᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠦᠲᠦᠮᠵᠢᠲᠡᠶ ᠲᠣᠬᠢᠷᠠᠭᠤᠯᠤᠨ ᠪᠠᠶᠢᠷᠢᠯᠠᠭᠤᠯᠪᠠ᠃ ᠤᠢ ᠰᠢᠭᠤᠢ ᠶᠢ ᠲᠣᠭᠤᠷᠢᠨ ᠪᠠᠶᠢᠴᠠᠭᠠᠬᠤ APP ᠶᠢᠨ ᠰᠠᠷ᠎ᠠ ᠶᠢᠨ ᠮᠡᠳᠡᠬᠦᠯᠦᠯᠳᠡ ᠶᠢᠨ ᠲᠣᠭᠲᠠᠴᠠ ᠶᠢ ᠪᠠᠶᠢᠭᠤᠯᠵᠤ᠂ ᠲᠣᠭᠤᠷᠢᠨ ᠪᠠᠶᠢᠴᠠᠭᠠᠵᠤ ᠬᠠᠮᠠᠭᠠᠯᠠᠬᠤ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠳᠣᠷᠣᠭᠰᠢ ᠪᠠᠭᠤᠯᠭᠠᠵᠤ᠂ ᠪᠠᠶᠢᠩᠭᠤ ᠶᠢᠨ ᠴᠢᠨᠠᠷᠲᠠᠢ ᠤᠢ ᠰᠢᠭᠤᠢ ᠶᠢ ᠲᠣᠭᠤᠷᠢᠨ ᠪᠠᠶᠢᠴᠠᠭᠠᠬᠤ ᠲᠣᠭᠲᠠᠴᠠ ᠶᠢ ᠪᠣᠶ ᠪᠣᠯᠭᠠᠵᠤ᠂ ᠬᠡᠷᠡᠭ ᠢ ᠳᠡᠭᠡᠭᠰᠢ ᠮᠡᠳᠡᠭᠦᠯᠵᠦ ᠰᠢᠢᠳᠪᠦᠷᠢᠯᠡᠬᠦ ᠠᠵᠢᠯ ᠢ ᠴᠠᠭ ᠲᠤᠬᠠᠢ ᠳᠤᠨᠢ ᠴᠢᠨᠠᠷᠯᠢᠭ ᠪᠡᠶᠡᠯᠡᠭᠦᠯᠪᠠ᠃ ᠬᠠᠮᠢᠶᠠᠷᠴᠤ ᠬᠠᠮᠠᠭᠠᠯᠠᠬᠤ ᠠᠵᠢᠯ ᠤᠨ ᠰᠢᠯᠭᠠᠨ  ᠬᠤᠷᠢᠶᠠᠬᠤ ᠳᠤᠬᠳᠠᠯᠴᠠᠭ᠎ᠠ ᠶᠢ ᠪᠦᠷᠢᠨᠰᠢᠭᠦᠯᠵᠦ᠂ ᠣᠶ ᠰᠢᠭᠤᠢ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ  ᠳᠤᠮᠳᠠ ᠢᠯᠡᠷᠡᠭᠦᠯᠦᠭᠰᠡᠨ ᠠᠰᠠᠭᠤᠳᠠᠯ ᠢ ᠬᠠᠮᠢᠶᠠᠷᠤᠨ ᠬᠠᠮᠠᠭᠠᠯᠠᠭᠴᠢ ᠶᠢᠨ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠠᠵᠢᠯ ᠯᠤᠭ᠎ᠠ ᠬᠠᠷᠢᠯᠴᠠᠨ ᠬᠤᠯᠪᠣᠭᠳᠠᠭᠤᠯᠵᠤ᠂ ᠬᠠᠷᠢᠭᠤᠴᠠᠯᠭ᠎ᠠ ᠶᠢ ᠭᠡᠳᠡᠷᠭᠦ ᠨᠡᠬᠡᠮᠵᠢᠯᠡᠬᠦ ᠲᠣᠭᠲᠠᠴᠠ ᠶᠢ ᠬᠡᠷᠡᠭᠵᠢᠭᠦᠯᠦᠨ᠂ ᠲᠣᠭᠤᠷᠢᠨ ᠪᠠᠶᠢᠴᠠᠭᠠᠵᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠤᠷᠤᠨᠵᠢᠭᠤᠯᠬᠤ ᠶᠢ ᠦᠨᠡᠨᠬᠦ ᠪᠠᠲᠤᠯᠠᠪᠠ᠃ ᠬᠤᠶᠠᠷ ᠲᠤ ᠣᠶ ᠬᠠᠮᠠᠭᠠᠯᠠᠭᠴᠢ ᠶᠢᠨ ᠡᠩᠨᠡᠭᠡ ᠶᠢ ᠰᠢᠯᠢᠳᠡᠭᠵᠢᠭᠦᠯᠵᠦ᠂ ᠦᠷᠭᠦᠯᠵᠢ ᠣᠶ ᠰᠢᠭᠤᠢ ᠬᠠᠮᠠᠭᠠᠯᠠᠭᠴᠢ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ᠂ ᠲᠣᠭᠤᠷᠢᠨ ᠪᠠᠶᠢᠴᠠᠭᠠᠵᠤ ᠬᠠᠮᠠᠭᠠᠯᠠᠬᠤ APP ᠠᠵᠢᠯᠯᠠᠭᠠᠨ ᠤ ᠲᠠᠶᠢᠯᠤᠮᠵᠢ ᠥᠷᠨᠢᠭᠦᠯᠵᠦ᠂ ᠡᠭᠦᠨ ᠤ ᠤᠯᠠᠮ ᠠᠴᠠ ᠲᠣᠭᠤᠷᠢᠨ ᠪᠠᠶᠢᠴᠠᠭᠠᠵᠤ ᠬᠠᠮᠠᠭᠠᠯᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠣᠶ ᠰᠢᠭᠤᠢ ᠶᠢ ᠲᠣᠭᠤᠷᠢᠨ ᠪᠠᠶᠢᠴᠠᠭᠠᠬᠤ ᠨᠢᠭᠡᠨ ᠰᠠᠯᠪᠤᠷᠢ ︽  ᠪᠤᠭᠤᠮᠳᠠ ᠰᠢᠪᠲᠤᠯᠬᠤ ᠠᠩᠭᠢ︾ ᠶᠢ ᠪᠠᠶᠢᠭᠤᠯᠵᠤ᠂ 59 ᠣᠶ ᠬᠠᠮᠠᠭᠠᠯᠠᠭᠴᠢ ᠰᠠᠷ᠎ᠠ ᠪᠦᠷᠢ ᠠᠳᠠᠭ ᠲᠠᠭᠠᠨ 22 ᠤᠳᠠᠭ᠎ᠠ ᠪᠦᠲᠦᠮᠵᠢᠲᠡᠶ ᠲᠣᠭᠤᠷᠢᠨ ᠪᠠᠶᠢᠴᠠᠭᠠᠵᠤ ᠬᠠᠮᠠᠭᠠᠯᠠᠨ᠂ ᠤᠳᠠᠭ᠎ᠠ ᠪᠦᠷᠢ ᠠᠳᠠᠭ ᠲᠠᠭᠠᠨ ᠨᠢᠭᠡ ᠴᠠᠭ  ᠲᠣᠭᠤᠷᠢᠨ ᠪᠠᠶᠢᠴᠠᠭᠠᠵᠤ ᠬᠠᠮᠠᠭᠠᠯᠠᠬᠤ ᠠᠵᠢᠯ ᠢ  APP  ᠳᠡᠭᠡᠷ᠎ᠠ ᠬᠦᠢᠴᠡᠳᠭᠡᠨ᠂ ᠲᠣᠭᠤᠷᠢᠨ ᠪᠠᠶᠢᠴᠠᠭᠠᠵᠤ ᠬᠠᠮᠠᠭᠠᠯᠠᠬᠤ ᠶᠠᠪᠤᠴᠠ ᠳᠤ ᠢᠯᠡᠷᠡᠭᠦᠯᠦᠭᠰᠡᠨ ᠣᠶ ᠰᠢᠭᠤᠢ ᠶᠢᠨ ᠭᠠᠯ ᠤᠨ ᠠᠶᠤᠯ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠭᠲᠣᠯᠬᠤ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠤᠬᠢᠷᠠᠭᠤᠯᠵᠤ᠂ ᠡᠪᠳᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠳᠠᠮᠵᠢᠭᠤᠯᠵᠤ᠂ ᠣᠶ ᠰᠢᠭᠤᠢ ᠶᠢᠨ ︽  ᠠᠮᠤᠷ ᠳᠦᠪᠰᠢᠨ ᠤ ᠨᠡᠭᠡᠯᠡᠭᠡᠢ︾ ᠶᠢ ᠪᠠᠲᠤ ᠴᠣᠭᠴᠠᠯᠠᠪᠠ᠃
纳日松2.jpg纳日松3.jpg
                     ︽ᠳᠦᠷᠢᠮ︾ ᠤᠨ ᠲᠠᠯ᠎ᠠ ᠪᠠᠷ ᠰᠢᠨ᠎ᠡ ᠶᠢ ᠡᠭᠦᠳᠴᠦ᠂ ᠣᠶ ᠰᠢᠭᠤᠢ ᠨᠤᠳᠤᠭ                       ᠪᠡᠯᠴᠢᠭᠡᠷ ᠤᠨ ︽ᠭᠤᠣᠯ ᠲᠡᠶᠢᠯᠠᠯᠳᠤᠭᠠᠨ ᠤ ᠲᠠᠯᠠᠪᠤᠷ︾ ᠲᠤ   ᠭᠠᠪᠰᠢᠭᠠᠶᠢᠯᠠᠪᠠ
纳日松4.jpg 纳日松5.jpg        ᠣᠶ ᠰᠢᠭᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠶ ᠰᠢᠭᠤᠢ  ᠨᠤᠳᠤᠭ ᠪᠡᠯᠴᠢᠭᠡᠷ ᠤᠨ ᠰᠢᠨ᠎ᠡ ᠶᠢ ᠡᠭᠦᠳᠬᠦ ᠬᠠᠮᠵᠢᠯᠴᠠᠭ᠎ᠠ ᠶᠢᠨ ︽ᠬᠤᠰᠢᠭᠤᠴᠢ
ᠬᠤᠰᠢᠭᠤ︾ ᠶᠢ ᠪᠠᠶᠢᠷᠢᠯᠠᠭᠤᠯᠵᠤ᠂ ᠣᠶ ᠰᠢᠭᠤᠢ ᠨᠤᠳᠤᠭ ᠪᠡᠯᠴᠢᠭᠡᠷ ᠲᠤ ᠰᠢᠨ᠎ᠡ ᠣᠷᠣᠨ ᠵᠠᠢ ᠨᠡᠭᠡᠭᠡᠵᠦ ᠥᠭᠴᠡᠢ᠃ ᠨᠢᠭᠡ ᠳᠤ ᠣᠶ ᠰᠢᠭᠤᠢ ᠶᠢᠨ ᠦᠢᠯᠡᠰ ᠤᠨ ᠬᠠᠤᠯᠢ ᠠᠴᠠ ᠵᠥᠷᠢᠴᠡᠭᠰᠡᠨ ᠭᠤᠣᠯ ᠴᠣᠭᠴᠠ ᠶᠢᠨ ︽ᠥᠨᠳᠥᠷ ᠬᠦᠴᠦᠳᠡᠯᠲᠦ  ᠤᠲᠠᠰᠤ︾ ᠶᠢ ᠪᠠᠶᠢᠷᠢᠯᠠᠭᠤᠯᠵᠤ᠂ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠣᠶ ᠰᠢᠭᠤᠢ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠬᠦ ᠪᠠ ᠬᠤᠷᠢᠭᠯᠠᠨ ᠵᠣᠭᠰᠣᠭᠠᠵᠤ᠂ ᠡᠭᠦᠨ ᠤ ᠬᠠᠮᠲᠤ ᠱᠠᠲᠤ ᠳᠠᠷᠠᠭᠠᠯᠠᠨ ᠳᠡᠭᠡᠳᠦ ᠱᠠᠲᠤᠨ ᠤ  ᠤᠢ ᠰᠢᠭᠤᠢ ᠶᠢᠨ ᠳᠠᠷᠤᠭ᠎ᠠ ᠳᠤ ᠬᠠᠷᠢᠭᠤ ᠮᠡᠳᠡᠭᠦᠯᠵᠦ᠂ ᠬᠤᠯᠪᠤᠬᠳᠠᠯ ᠪᠦᠬᠦᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠳᠡᠮᠵᠢᠨ ᠬᠠᠮᠵᠢᠯᠴᠠᠵᠤ ᠪᠠᠶᠢᠭᠠᠳ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ 10 ᠰᠠᠷ᠎ᠠ ᠪᠣᠯᠲᠠᠯ᠎ᠠ᠂ ᠳᠡᠭᠡᠳᠦ ᠱᠠᠲᠤᠨ ᠤ ᠰᠠᠯᠠᠭ᠎ᠠ ᠮᠥᠴᠢᠷ  ᠠᠴᠠ ᠪᠠᠭᠤᠯᠭᠠᠭᠰᠠᠨ  ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠵᠥᠷᠢᠴᠡᠭᠰᠡᠨ 350 ᠰᠡᠵᠢᠭᠯᠡᠯᠲᠡᠢ ᠵᠢᠷᠤᠭ  ᠳᠤᠯᠪᠤ ᠶᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠢᠯᠡᠷᠡᠭᠦᠯᠪᠡᠯ ᠬᠠᠤᠯᠢ ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶ᠎ᠡ ᠪᠠᠷ ᠲᠥᠷᠥᠯ ᠬᠤᠪᠢᠶᠠᠨ ᠴᠠᠭ ᠲᠤᠬᠠᠢ ᠳᠤᠨᠢ ᠬᠤᠰᠢᠭᠤᠨ ᠤ  ᠬᠤᠯᠪᠤᠬᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠣᠨ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠵᠦ᠂ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠰᠦᠷ ᠦᠵᠡᠬᠦᠯᠪᠡ᠃ ᠬᠠᠷᠢᠶ᠎ᠠ ᠣᠷᠣᠨ ᠤ ᠰᠠᠭᠤᠭ᠎ᠠ ᠭᠠᠵᠠᠷ ᠤᠨ ᠠᠵᠤ ᠠᠬᠤᠶᠢᠯᠠᠯ᠂  ᠳᠤᠰᠬᠤᠨ ᠤ ᠠᠷᠠᠳ ᠲᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤ  ᠥᠷᠨᠢᠭᠦᠯᠵᠦ᠂ ᠰᠡᠷᠭᠡᠶᠢᠯᠡᠬᠦ ᠤᠬᠠᠮᠰᠠᠷ ᠢᠶᠠᠨ ᠴᠢᠷᠮᠠᠶᠢᠨ ᠳᠡᠭᠡᠭᠰᠢᠯᠡᠭᠦᠯᠪᠠ᠃ ᠬᠤᠶᠠᠷ ᠲᠤ  ᠥᠪᠡᠷᠲᠡᠭᠡᠨ ᠵᠠᠰᠠᠬᠤ ᠣᠷᠣᠨ ᠤ ᠶᠠᠭ ᠥᠷᠨᠢᠭᠦᠯᠵᠦ ᠪᠠᠶᠢᠭ᠎ᠠ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ  ᠳᠦᠷᠢᠮ  ᠠᠴᠠ ᠵᠥᠷᠢᠴᠡᠭᠰᠡᠨ  ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠡᠯ᠎ᠡ ᠠᠵᠤ ᠠᠬᠤᠶᠢᠯᠠᠯ᠂ ᠲᠣᠰᠬᠤᠨ ᠤ ᠠᠷᠠᠳ ᠤᠨ ᠵᠥᠪᠰᠢᠶᠡᠷᠡᠯ ᠦᠭᠡᠢ ᠪᠠᠷ ᠤᠷᠢᠳᠠᠪᠠᠷ ᠪᠠᠶᠢᠭᠤᠯᠤᠭᠰᠠᠨ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠭᠡ ᠬᠠᠤᠯᠢ ᠪᠤᠰᠤ ᠪᠠᠷ ᠣᠶ ᠰᠢᠭᠤᠢ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠬᠡᠰᠡᠭ ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠬᠠᠯᠠᠨ ᠰᠠᠶᠢᠵᠢᠷᠠᠭᠤᠯᠬᠤ ᠵᠢᠴᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠲᠦᠷᠭᠡᠳᠬᠡᠨ ᠪᠡᠶᠡᠯᠡᠭᠦᠯᠬᠦ ᠶᠢ ᠱᠠᠯᠠᠪᠳᠠᠭᠤᠯᠪᠠ᠃ ᠭᠤᠷᠪᠠ ᠳᠤ ᠤᠯᠠᠨ ᠲᠠᠯ᠎ᠠ ᠪᠠᠷ ᠬᠠᠮᠵᠢᠯᠴᠠᠨ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠪᠠ᠃ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠢᠳᠡᠪᠬᠢᠲᠡᠢ ᠪᠠᠷ ᠤᠰᠠᠳᠬᠠᠬᠤ ᠵᠠᠷᠴᠢᠮ ᠢ ᠪᠠᠷᠢᠮᠲᠠᠯᠠᠵᠤ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠴᠠᠭ ᠲᠤᠬᠠᠢ ᠳᠤᠨᠢ ᠰᠡᠯᠪᠢᠨ ᠵᠠᠰᠠᠵᠤ ᠬᠠᠮᠠᠭᠠᠯᠠᠨ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠰᠠᠭᠤᠭ᠎ᠠ ᠭᠠᠵᠠᠷ ᠤᠨ ᠠᠵᠤ ᠠᠬᠤᠶᠢᠯᠠᠯ ᠲᠠᠢ ᠬᠠᠷᠢᠯᠴᠠᠵᠤ ᠪᠠᠶᠢᠭᠠᠳ ᠭᠠᠯ ᠰᠡᠷᠭᠡᠶᠢᠯᠡᠬᠦ ᠮᠠᠰᠢᠨ  ᠳᠤᠨᠤᠭ ᠵᠢᠴᠢ ᠤᠰᠤᠨ ᠲᠡᠷᠭᠡ ᠶᠢ ᠪᠠᠲᠤᠯᠠᠨ᠂ ᠭᠠᠯ ᠤᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠢ ᠰᠡᠷᠭᠡᠶᠢᠯᠡᠬᠦ ᠳᠠᠷᠤᠯᠲᠠ ᠶᠢ ᠡᠯ᠎ᠡ ᠲᠣᠰᠬᠤᠨ ᠨᠡᠶᠢᠭᠡᠮ ᠲᠣᠭᠤᠷᠢᠭ ᠤᠨ ᠠᠭᠤᠯᠠᠨ ᠣᠷᠣᠢ ᠶᠢᠨ ᠬᠡᠰᠡᠭ ᠭᠠᠵᠠᠷ ᠪᠣᠯᠭᠠᠨ ᠳᠤ ᠳᠠᠮᠵᠢᠭᠤᠯᠵᠤ᠂ 2023 ︱ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠤ ᠭᠠᠯ ᠢ ᠰᠡᠷᠭᠡᠶᠢᠯᠡᠬᠦ  ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠲᠡᠭᠦᠰ ᠠᠮᠵᠢᠯᠲᠠ ᠲᠠᠢ ᠲᠡᠮᠡᠴᠡᠨ ᠣᠯᠬᠤ ᠪᠠᠷ ᠴᠢᠷᠮᠠᠶᠢᠵᠤ ᠪᠤᠢ᠃ 
ᠢᠷᠡᠯᠲᠡ᠄ ︽ᠨᠠᠷᠠᠰᠤᠨ ᠤ ᠨᠡᠶᠢᠳᠡᠯᠡᠯ︾ ᠳᠠᠪᠴᠠᠩ