ᠮᠣᠩᠭᠤᠯ ᠭᠡᠷ ᠬᠢᠬᠦ ᠤᠷ᠎ᠠ ᠮᠡᠷᠭᠡᠵᠢᠯ
ᠨᠡᠶᠢᠲᠡᠯᠡᠭᠰᠡᠨ ᠴᠠᠭ᠄
2023/10/25
     ᠮᠣᠩᠭᠤᠯ ᠭᠡᠷ ᠵᠢᠴᠢ ᠲᠡᠭᠦᠨ ᠢ ᠬᠢᠬᠦ ᠤᠷ᠎ᠠ ᠮᠡᠷᠭᠡᠵᠢᠯ ᠪᠣᠯ ᠮᠣᠩᠭᠤᠯ ᠦᠨᠳᠦᠰᠦᠲᠡᠨ ᠤ ᠨᠡᠭᠦᠳᠡᠯ ᠮᠠᠯᠵᠢᠯ ᠤᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠮᠣᠩᠭᠤᠯ ᠭᠡᠷ ᠬᠢᠬᠦ ᠥᠪᠡᠷᠮᠢᠴᠡ ᠤᠷ᠎ᠠ ᠮᠡᠷᠭᠡᠵᠢᠯ ᠨᠢ ᠮᠣᠩᠭᠤᠯ ᠦᠨᠳᠦᠰᠦᠲᠡᠨ ᠤ ᠭᠤᠸ᠎ᠠ ᠰᠠᠶᠢᠬᠠᠨ ᠤ ᠦᠵᠡᠯᠲᠡ᠂ ᠬᠡᠲᠦ᠋ᠢᠳᠦᠭᠰᠡᠨ ᠤᠷ᠎ᠠ ᠴᠢᠳᠠᠪᠤᠷᠢ ᠪᠠ ᠦᠢᠯᠡᠳᠦᠨ ᠪᠦᠲᠦᠭᠡᠬᠦ ᠴᠢᠳᠠᠪᠤᠷᠢ ᠶᠢ ᠢᠯᠡᠷᠡᠭᠦᠯᠵᠦ ᠪᠠᠶᠢᠳᠠᠭ᠃ ᠲᠡᠷᠡ ᠨᠢ ᠤᠷᠳᠤ ᠬᠤᠭᠤᠴᠠᠭᠠᠨ ᠤ ᠦᠢᠯᠡᠳᠪᠦᠷᠢᠯᠡᠯ ᠤᠨ ᠲᠡᠮᠡᠴᠡᠯ᠂ ᠠᠮᠢᠳᠤᠷᠠᠯ ᠤᠨ ᠦᠢᠯᠡᠳᠦᠯᠭᠡ ᠶᠢᠨ ᠳᠤᠮᠳᠠ ᠬᠤᠷᠠᠮᠳᠤᠨ ᠪᠦᠷᠢᠯᠳᠦᠵᠦ᠂ ᠪᠠᠶᠢᠭᠠᠯᠢ ᠶᠢᠨ ᠣᠷᠴᠢᠨ ᠠᠬᠤᠢ ᠲᠠᠢ ᠵᠣᠬᠢᠴᠠᠯᠳᠤᠵᠤ᠂ ᠥᠪᠡᠷᠮᠢᠴᠡ ᠣᠨᠴᠠᠯᠢᠭ ᠪᠦᠬᠦᠢ ᠣᠷᠣᠨ ᠨᠤᠲᠤᠭ ᠤᠨ ᠰᠣᠶᠣᠯ ᠤᠨ ᠬᠡᠪ ᠨᠠᠮᠪᠠ ᠪᠠ ᠣᠷᠣᠯᠠᠭᠤᠯᠵᠤ ᠪᠣᠯᠣᠰᠢ ᠦᠭᠡᠢ ᠦᠵᠡᠮᠦᠷᠢ ᠶᠢᠨ ᠦᠨ᠎ᠡ ᠦᠷᠳᠡᠭ ᠲᠠᠢ ᠪᠠᠶᠢᠳᠠᠭ᠂ ᠡᠭᠦᠨ ᠤ ᠬᠠᠮᠲᠤ᠂ ᠮᠣᠩᠭᠤᠯ ᠭᠡᠷ ᠬᠢᠬᠦ ᠤᠷ᠎ᠠ ᠮᠡᠷᠭᠡᠵᠢᠯ ᠨᠢ ᠪᠠᠰᠠ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ ᠣᠷᠣᠭᠰᠠᠨ ᠬᠤᠶᠠᠳᠤᠭᠠᠷ ᠪᠦᠯᠦᠭ ᠤᠨ ᠤᠯᠠᠮᠵᠢᠯᠠᠯᠲᠤ ᠤᠷ᠎ᠠ ᠮᠡᠷᠭᠡᠵᠢᠯ ᠪᠣᠯᠣᠨ᠎ᠠ᠂ ᠡᠨᠡ ᠨᠢ ᠮᠥᠨ ᠴᠦ ᠲᠡᠭᠦᠨ ᠤ ᠥᠪᠡᠷᠮᠢᠴᠡ ᠣᠨᠴᠠᠯᠢᠭ ᠪᠠ ᠤᠯᠠᠮᠵᠢᠯᠠᠨ ᠵᠠᠯᠭᠠᠮᠵᠢᠯᠠᠬᠤ ᠴᠢᠬᠤᠯᠠ ᠴᠢᠨᠠᠷ ᠲᠠᠢ ᠪᠠᠶᠢᠳᠠᠭ ᠢ ᠭᠡᠷᠡᠴᠢᠯᠡᠵᠦ ᠪᠠᠶᠢᠨ᠎ᠠ᠃ 
          蒙古包1.jpg
     ᠮᠣᠩᠭᠤᠯ ᠭᠡᠷ ᠢ ᠨᠡᠭᠦᠳᠡᠯ ᠮᠠᠶ᠋ᠢᠭ ᠤᠨ ᠪᠠ ᠰᠠᠭᠤᠷᠢᠰᠢᠯ ᠮᠠᠶ᠋ᠢᠭ ᠤᠨ ᠭᠡᠵᠦ ᠬᠤᠶᠠᠷ ᠵᠦᠢᠯ ᠬᠤᠪᠢᠶᠠᠳᠠᠭ᠃ ᠮᠠᠯᠵᠢᠬᠤ ᠣᠷᠣᠨ ᠤ ᠬᠢᠨ ᠨᠡᠭᠦᠳᠡᠯ ᠮᠠᠶ᠋ᠢᠭ ᠤᠨ ᠮᠣᠩᠭᠤᠯ ᠭᠡᠷ ᠢ ᠢᠯᠡᠭᠦᠦ ᠬᠡᠷᠡᠭᠯᠡᠳᠡᠭ᠃ ᠶᠡᠷᠦ ᠳᠡᠭᠡᠨ ᠮᠣᠩᠭᠤᠯ ᠭᠡᠷ ᠤᠨ ᠥᠨᠳᠥᠷ ᠨᠢ ᠪᠠᠷᠤᠭ 2.5 ᠮᠧᠳ᠋ᠷ᠂ ᠳ᠋ᠢᠶᠠᠮᠧᠳ᠋ᠷ ᠨᠢ 4 ᠮᠧᠳ᠋ᠷ ᠪᠠᠶᠢᠳᠠᠭ᠃ ᠭᠡᠷ ᠤᠨ ᠣᠷᠣᠢ ᠶᠢᠨ ᠲᠣᠭᠤᠷᠢᠭ ᠬᠡᠯᠪᠡᠷᠢ ᠶᠢᠨ ᠲᠣᠭᠤᠨᠣ ᠪᠠᠷ ᠨᠢ ᠤᠲᠤᠭ᠎ᠠ ᠰᠤᠭᠤᠨᠠᠭᠯᠠᠳᠠᠭ ᠪᠠᠶᠢᠨ᠎ᠠ᠃ ᠮᠣᠩᠭᠤᠯ ᠭᠡᠷ ᠢᠶᠠᠨ ᠡᠮᠦᠨᠡᠰᠢ ᠪᠤᠶᠤ ᠵᠡᠭᠦᠨ ᠡᠮᠦᠨᠡᠰᠢ ᠬᠠᠨᠳᠤᠭᠤᠯᠤᠨ ᠪᠠᠷᠢᠳᠠᠭ᠃ ᠮᠣᠩᠭᠤᠯ ᠭᠡᠷ ᠤᠨ ᠭᠤᠣᠯ ᠪᠦᠲᠦᠴᠡ ᠨᠢ ᠬᠠᠨ᠎ᠠ ᠤᠨᠢ ᠲᠣᠭᠤᠨᠣ᠂ ᠢᠰᠡᠭᠡᠢ ᠪᠦᠷᠢᠶᠡᠰᠦ᠂ ᠣᠭᠤᠰᠣᠷ ᠪᠦᠰᠡᠯᠡᠭᠦᠷ ᠭᠤᠷᠪᠠ ᠪᠠᠷ ᠪᠦᠷᠢᠯᠳᠦᠳᠡᠭ᠃ ᠲᠡᠭᠦᠨ ᠢ ᠬᠢᠬᠦ ᠳᠤ ᠱᠦᠢᠨᠢ᠂ ᠰᠢᠪᠠᠷ᠂ ᠸᠠᠭᠠᠷ ᠲᠣᠭᠤᠰᠬ᠎ᠠ ᠬᠡᠷᠡᠭᠯᠡᠳᠡᠭ ᠦᠭᠡᠢ᠂ ᠬᠠᠷᠢᠨ ᠮᠣᠳᠣ ᠪᠢᠰᠢ ᠪᠣᠯ ᠤᠩᠭᠠᠰᠤ ᠨᠣᠣᠰᠣ ᠪᠠᠷ ᠲᠦᠭᠦᠬᠡᠢ ᠡᠳ᠋ ᠪᠣᠯᠭᠠᠳᠠᠭ᠂ ᠡᠭᠦᠨ ᠢ ᠪᠠᠷᠢᠯᠭ᠎ᠠ ᠶᠢᠨ ᠲᠡᠦᠬᠡᠨ ᠳᠡᠭᠡᠷᠡᠬᠢ ᠭᠠᠶᠢᠬᠠᠮᠰᠢᠭᠲᠤ ᠦᠵᠡᠭᠳᠡᠯ᠂ ᠨᠡᠭᠦᠳᠡᠯᠯᠡᠨ ᠮᠠᠯᠵᠢᠳᠠᠭ ᠦᠨᠳᠦᠰᠦᠲᠡᠨ ᠤ ᠨᠢᠭᠡᠨ ᠶᠡᠭᠡ ᠬᠤᠪᠢ ᠨᠡᠮᠡᠷᠢ ᠭᠡᠵᠦ ᠬᠡᠯᠡᠵᠦ ᠪᠣᠯᠣᠨ᠎ᠠ᠃ ᠮᠣᠩᠭᠤᠯ ᠭᠡᠷ ᠤᠨ ᠬᠡᠯᠪᠡᠷᠢ ᠳᠦᠷᠰᠦ ᠨᠢ ᠲᠡᠭᠦᠰ ᠠᠮᠤᠭᠤᠯᠠᠩ ᠪᠦᠷᠢᠨ ᠪᠦᠲᠦᠨ ᠤ ᠪᠡᠯᠭᠡᠳᠡᠯ ᠪᠤᠯᠬᠤ ᠶᠤᠮ᠃ ᠮᠣᠩᠭᠤᠯ ᠭᠡᠷ ᠤᠨ ᠬᠡᠯᠪᠡᠷᠢ ᠳᠦᠷᠰᠦ ᠨᠢ ᠨᠢᠭᠡ ᠲᠠᠯ᠎ᠠ ᠪᠠᠷ ᠪᠤᠳ᠋ᠳ᠋ᠾᠠ ᠶᠢᠨ ᠱᠠᠰᠢᠨ ᠤ ᠰᠣᠶᠣᠯ ᠤᠨ ᠨᠥᠯᠥᠭᠡ ᠶᠢ ᠭᠥᠷᠳᠡᠭᠰᠡᠨ ᠢᠶᠠᠷ ᠨᠠᠶᠢᠮᠠᠨ ᠡᠷᠳᠡᠨᠢ ᠶᠢ ᠮᠣᠩᠭᠤᠯ ᠭᠡᠷ ᠤᠨ ᠪᠡᠯᠭᠡᠳᠡᠯ ᠪᠣᠯᠭᠠᠵᠤ᠂ ᠨᠠᠶᠢᠮᠠᠨ ᠡᠷᠳᠡᠨᠢ ᠶᠢ ᠥᠯᠵᠡᠢ ᠪᠡᠯᠭᠡ ᠠᠮᠤᠷ ᠠᠮᠤᠭᠤᠯᠠᠩ ᠤᠨ ᠪᠡᠯᠭᠡᠳᠡᠯ ᠭᠡᠵᠦ ᠦᠵᠡᠳᠡᠭ᠃ 
      蒙古包2.jpg
       ᠮᠣᠩᠭᠤᠯ ᠭᠡᠷ ᠪᠠᠷᠢᠬᠤ ᠳᠤ ᠡᠩ ᠲᠡᠷᠢᠭᠦᠨ ᠳᠤ ᠭᠠᠵᠠᠷ ᠰᠣᠩᠭᠤᠳᠠᠭ᠂ ᠰᠣᠩᠭᠤᠭᠰᠠᠨ ᠭᠠᠵᠠᠷ ᠲᠠᠭᠠᠨ ᠮᠣᠩᠭᠤᠯ ᠭᠡᠷ ᠢᠶᠠᠨ ᠪᠠᠷᠢᠬᠤ ᠳᠤ ᠤᠷᠢᠳᠠᠪᠠᠷ ᠲᠣᠭᠤᠨᠣ ᠪᠠᠨ ᠭᠤᠣᠯ ᠳᠤᠮᠳᠠ ᠨᠢ ᠪᠣᠰᠬᠠᠨ ᠲᠠᠯᠪᠢᠵᠤ᠂ ᠲᠠᠷᠠᠭ᠎ᠠ ᠨᠢ ᠡᠭᠦᠳᠡ ᠪᠠᠨ ᠡᠮᠦᠨ᠎ᠡ ᠲᠠᠯ᠎ᠠ ᠳᠤᠨᠢ ᠲᠠᠯᠪᠢᠵᠤ᠂ ᠬᠠᠨ᠎ᠠ ᠪᠠᠨ ᠵᠠᠪᠠᠯ ᠴᠠᠭ ᠤᠨ ᠵᠡᠭᠦᠦ ᠡᠷᠭᠢᠯᠲᠡ ᠶᠢᠨ ᠳᠠᠭᠠᠤ ᠲᠣᠭᠤᠷᠢᠭᠤᠯᠤᠨ ᠬᠦᠷᠢᠶᠡᠯᠡᠭᠦᠯᠵᠦ ᠪᠠᠷᠢᠭᠰᠠᠨ ᠤ ᠲᠠᠷᠠᠭ᠎ᠠ ᠨᠢ ᠬᠢᠯᠭᠠᠰᠤᠨ ᠪᠦᠰᠡᠯᠡᠭᠦᠷ ᠢᠶᠠᠷ ᠢᠶᠠᠨ ᠲᠠᠲᠠᠵᠤ ᠤᠶᠠᠨ᠎ᠠ᠂ ᠲᠠᠲᠠᠵᠤ ᠤᠶᠠᠬᠤ ᠳᠠᠭᠠᠨ ᠪᠦᠰᠡᠯᠡᠭᠦᠷ ᠤᠨ ᠳᠡᠭᠡᠰᠦ ᠪᠠᠨ ᠣᠷᠢᠶᠠᠯᠳᠤᠭᠤᠯᠬᠤ ᠦᠭᠡᠢ ᠪᠠᠷ ᠠᠰᠬᠠᠨ ᠤᠶᠠᠬᠤ ᠶᠢ ᠬᠢᠴᠢᠶᠡᠬᠦ ᠬᠡᠷᠡᠭᠲᠡᠢ᠂ ᠮᠣᠩᠭᠤᠯᠴᠤᠳ ᠪᠦᠰᠡᠯᠡᠭᠦᠷ ᠳᠡᠭᠡᠰᠦ ᠶᠢ ᠣᠷᠢᠶᠠᠯᠳᠤᠭᠤᠯᠤᠨ ᠤᠶᠠᠬᠤ ᠳᠤ ᠬᠦᠷᠪᠡᠯ ᠭᠡᠷ ᠪᠦᠯᠢ ᠶᠢᠨ ᠡᠶ᠎ᠡ ᠨᠠᠶᠢᠷ ᠢ ᠨᠥᠯᠥᠭᠡᠯᠡᠨ᠎ᠡ ᠭᠡᠵᠦ ᠦᠵᠡᠵᠦ᠂ ᠪᠦᠰᠡᠯᠡᠭᠦᠷ ᠢ ᠠᠰᠬᠠᠨ ᠤᠶᠠᠬᠤ ᠶᠢ ᠡᠷᠬᠢᠮᠯᠡᠳᠡᠭ᠂ ᠡᠨᠡ ᠪᠣᠯ ᠡᠪᠦᠭᠡ ᠳᠡᠭᠡᠳᠦᠰ ᠠᠴᠠ ᠤᠯᠠᠮᠵᠢᠯᠠᠵᠤ ᠢᠷᠡᠭᠰᠡᠨ ᠤᠯᠠᠮᠵᠢᠯᠠᠯᠲᠤ ᠶᠣᠰᠣ ᠪᠤᠯᠬᠤ ᠶᠤᠮ᠃ ᠤᠳᠤ ᠪᠣᠯᠲᠠᠯ᠎ᠠ ᠤᠯᠠᠮᠵᠢᠯᠠᠨ ᠬᠡᠷᠡᠭᠯᠡᠭᠰᠡᠭᠡᠷ ᠪᠠᠶᠢᠨ᠎ᠠ᠃

蒙古包3.jpg

      ᠮᠣᠩᠭᠤᠯ ᠭᠡᠷ ᠨᠢ ᠮᠣᠳᠣ᠂ ᠤᠩᠭᠠᠰᠤ ᠬᠢᠯᠭᠠᠰᠤᠨ ᠳᠡᠭᠡᠰᠦ᠂ ᠢᠰᠡᠭᠡᠢ ᠭᠤᠷᠪᠠ ᠪᠠᠷ ᠮᠠᠲ᠋ᠧᠷᠢᠶᠠᠯ ᠪᠤᠯᠭᠠᠵᠤ᠂ ᠲᠣᠭᠤᠨᠣ᠂ ᠤᠨᠢ᠂ ᠬᠠᠨ᠎ᠠ ᠭᠤᠷᠪᠠ ᠪᠠᠷ

ᠪᠦᠷᠢᠯᠳᠦᠭᠰᠡᠨ ᠭᠤᠷᠮᠤᠰᠤᠨ ᠴᠣᠭᠴᠠᠲᠤ ᠮᠣᠳᠣᠨ ᠪᠦᠲᠦᠴᠡ ᠲᠠᠢ ᠪᠠᠶᠢᠳᠠᠭ᠂ ᠮᠣᠩᠭᠤᠯ ᠭᠡᠷ ᠤᠨ ᠬᠠᠨ᠎ᠠ ᠶᠢᠨ ᠰᠣᠯᠪᠢᠴᠠᠭᠰᠠᠨ ᠭᠡᠯᠪᠡᠷᠢ ᠨᠢ ᠥᠯᠵᠡᠢ ᠵᠠᠩᠭᠢᠶ᠎ᠠ ᠲᠠᠢ

ᠠᠳᠠᠯᠢ ᠪᠠᠶᠢᠳᠠᠭ᠂ ᠲᠡᠷᠡ ᠨᠢ ᠤᠶᠤᠨ ᠤᠬᠠᠭᠠᠨ᠂ ᠥᠨᠢ ᠮᠥᠩᠬᠡ ᠶᠢᠨ ᠪᠡᠯᠭᠡᠳᠡᠯ ᠪᠤᠯᠬᠤ ᠪᠥᠭᠡᠳ ᠪᠥᠭᠡᠳ ᠮᠣᠩᠭᠤᠯᠴᠤᠳ ᠤᠨ ᠰᠣᠶᠣᠯ ᠤᠨ ᠤᠬᠠᠮᠰᠠᠷ ᠲᠠᠬᠢ

ᠥᠯᠵᠡᠢ ᠵᠠᠩᠭᠢᠶ᠎ᠠ ᠨᠢ ᠠᠵᠠ ᠵᠢᠷᠭᠠᠯ ᠤᠨ ᠪᠡᠯᠭᠡᠳᠡᠯ ᠪᠤᠯᠬᠤ ᠶᠤᠮ᠃ ᠡᠷᠥᠭᠡ ︵ᠲᠣᠭᠤᠨᠣ ᠶᠢ ᠬᠤᠴᠢᠳᠠᠭ︶᠂ ᠳᠡᠭᠡᠪᠦᠷ ︵ᠤᠨᠢ ᠶᠢ ᠬᠤᠴᠢᠳᠠᠭ︶᠂ ᠲᠤᠭᠤᠷᠭ᠎ᠠ ︵

ᠬᠠᠨ᠎ᠠ ᠶᠢ ᠪᠦᠷᠢᠳᠡᠭ︶ ᠭᠤᠷᠪᠠ ᠪᠠᠷ ᠪᠦᠷᠢᠯᠳᠦᠭᠰᠡᠨ ᠭᠤᠷᠮᠤᠰᠤᠨ ᠴᠣᠭᠴᠠᠲᠤ ᠪᠦᠷᠢᠶᠡᠰᠦ ᠨᠢ ᠤᠮᠠᠷᠠᠲᠤ ᠶᠢᠨ ᠠᠭᠤᠷ ᠠᠮᠢᠰᠬᠤᠯ ᠪᠠ ᠨᠡᠭᠦᠳᠡᠯᠯᠡᠨ ᠮᠠᠯᠵᠢᠬᠤ ᠳᠤ

ᠬᠠᠮᠤᠭ ᠲᠣᠬᠢᠷᠠᠮᠵᠢᠲᠠᠢ ᠥᠪᠡᠷᠮᠢᠴᠡ ᠣᠷᠣᠨ ᠰᠠᠭᠤᠴᠠ ᠪᠣᠯᠤᠭᠰᠠᠨ ᠪᠠᠶᠢᠨ᠎ᠠ᠃ ᠲᠡᠷᠡ ᠨᠢ ᠦᠨᠳᠦᠰᠦᠨ ᠳᠡᠭᠡᠨ ᠨᠢᠭᠡ ᠵᠦᠢᠯ ᠤᠨ ︽ᠭᠤᠷᠮᠤᠰᠤᠨ ᠬᠡᠰᠡᠭ ᠢᠶᠠᠷ

ᠪᠦᠷᠢᠯᠳᠦᠭᠰᠡᠨ︾ ᠭᠡᠷ ᠪᠠᠶᠢᠰᠢᠩ ᠪᠤᠯᠬᠤ ᠪᠥᠭᠡᠳ ᠰᠠᠯᠭᠠᠵᠤ ᠪᠭᠤᠯᠭᠠᠵᠤ ᠪᠤᠯᠳᠠᠭ᠂ ᠮᠠᠲ᠋ᠧᠷᠢᠶᠠᠯ ᠨᠢ ᠴᠤ ᠬᠥᠩᠭᠡᠨ ᠮᠥᠷᠲᠡᠭᠡᠨ ᠠᠪᠴᠤ ᠶᠠᠪᠤᠬᠤ ᠳᠤ ᠲᠦᠬᠦᠮ

ᠬᠢᠯᠪᠡᠷ ᠪᠠᠶᠢᠵᠤ᠂ ᠲᠠᠬᠢᠨ ᠳᠠᠪᠲᠠᠨ ᠬᠡᠷᠡᠭᠯᠡᠵᠦ ᠪᠤᠯᠳᠠᠭ᠂ ᠡᠶᠢᠮᠦ ᠠᠴᠠ ᠪᠠᠷᠢᠬᠤ᠂ ᠪᠠᠭᠤᠯᠭᠠᠬᠤ᠂ ᠨᠡᠭᠦᠯᠭᠡᠬᠦ᠂ ᠵᠠᠰᠠᠵᠤ ᠰᠡᠯᠪᠢᠬᠦ ᠳᠤ ᠴᠥᠮ ᠮᠠᠰᠢ ᠲᠦᠭᠦᠮ

ᠪᠠᠶᠢᠳᠠᠭ᠃ 

      ᠮᠣᠩᠭᠤᠯ ᠭᠡᠷ ᠬᠢᠬᠦ ᠤᠷ᠎ᠠ ᠮᠡᠷᠭᠡᠵᠢᠯ ᠨᠢ ᠮᠣᠳᠣ᠂ ᠢᠰᠡᠭᠡᠢ ᠪᠦᠷᠢᠶᠡᠰᠦ᠂ ᠵᠠᠰᠠᠯ ᠴᠢᠮᠡᠭᠯᠡᠯ ᠬᠢᠬᠦ ᠵᠡᠷᠭᠡ ᠠᠵᠢᠯ ᠢᠶᠠᠷ ᠪᠦᠷᠢᠯᠳᠦᠵᠦ᠂ ᠮᠣᠳᠣᠨ ᠠᠵᠢᠯ ᠬᠢᠬᠦ᠂

ᠬᠠᠳᠬᠤᠮᠠᠯᠯᠠᠬᠤ᠂ ᠰᠡᠶᠢᠯᠬᠦ᠂ ᠵᠢᠷᠤᠬᠤ᠂ ᠰᠦᠯᠵᠢᠬᠦ ᠵᠡᠷᠭᠡ ᠠᠵᠢᠯ ᠢᠶᠠᠷ ᠭᠤᠣᠯᠯᠠᠭᠤᠯᠵᠤ᠂ ᠮᠣᠩᠭᠤᠯ ᠠᠷᠠᠳ ᠤᠨ ᠭᠠᠷ ᠤᠷᠠᠯᠠᠯ ᠤᠨ ᠤᠷ᠎ᠠ ᠮᠡᠷᠭᠡᠵᠢᠯ ᠢ

ᠪᠦᠷᠢᠯᠳᠦᠭᠦᠯᠦᠭᠰᠡᠨ ᠪᠠᠶᠢᠳᠠᠭ᠃ ᠲᠠᠯ᠎ᠠ ᠨᠤᠲᠤᠭ ᠲᠤ ᠮᠣᠩᠭᠤᠯ ᠭᠡᠷ ᠤᠨ ᠶᠡᠭᠡ ᠪᠠᠭ᠎ᠠ ᠶᠢ ᠬᠠᠨ᠎ᠠ ᠶᠢᠨ ᠤᠯᠠᠨ ᠴᠥᠭᠡᠨ ᠢᠶᠠᠷ ᠨᠢ 4᠂ 6᠂ 8᠂ 10 ᠪᠠ 12

ᠬᠠᠨ᠎ᠠ ᠭᠡᠵᠦ ᠬᠤᠪᠢᠶᠠᠳᠠᠭ᠃ 

      ᠶᠠᠩᠵᠤ ᠪᠦᠷᠢ ᠶᠢᠨ ᠬᠡᠪ ᠨᠠᠮᠪᠠ ᠲᠠᠢ ᠮᠣᠩᠭᠤᠯ ᠭᠡᠷ ᠵᠢᠴᠢ ᠲᠡᠭᠦᠨ ᠢ ᠬᠢᠬᠦ ᠤᠷ᠎ᠠ ᠮᠡᠷᠭᠡᠵᠢᠯ ᠪᠣᠯ ᠮᠣᠩᠭᠤᠯ ᠦᠨᠳᠦᠰᠦᠲᠡᠨ ᠤ ᠨᠡᠭᠦᠳᠡᠯ ᠰᠣᠶᠣᠯ ᠤᠨ

ᠴᠢᠬᠤᠯᠠ ᠪᠦᠷᠢᠯᠳᠦᠭᠦᠨ ᠬᠡᠰᠡᠭ ᠮᠥᠨ᠂ ᠲᠡᠷᠡ ᠨᠢ ᠤᠷᠳᠤ ᠬᠤᠭᠤᠴᠠᠭᠠᠨ ᠤ ᠦᠢᠯᠡᠳᠪᠦᠷᠢᠯᠡᠯ ᠤᠨ ᠲᠡᠮᠡᠴᠡᠯ᠂ ᠠᠮᠢᠳᠤᠷᠠᠯ ᠤᠨ ᠦᠢᠯᠡᠳᠦᠯᠭᠡ ᠳᠤᠮᠳᠠ ᠬᠤᠷᠠᠮᠳᠤᠨ

ᠪᠦᠷᠢᠯᠳᠦᠵᠦ᠂ ᠪᠠᠶᠢᠭᠠᠯᠢ ᠶᠢᠨ ᠣᠷᠴᠢᠨ ᠲᠣᠭᠤᠷᠢᠨ ᠲᠠᠢ ᠵᠣᠬᠢᠴᠠᠭᠰᠠᠨ ᠥᠪᠡᠷᠮᠢᠴᠡ ᠣᠷᠣᠨ ᠨᠤᠲᠤᠭ ᠤᠨ ᠰᠣᠶᠣᠯ ᠤᠨ ᠬᠡᠪ ᠨᠠᠮᠪᠠ ᠲᠠᠢ ᠪᠠᠶᠢᠳᠠᠭ᠃ ᠬᠠᠨ᠎ᠠ ᠨᠢ

ᠰᠤᠨᠵᠤ ᠠᠪᠴᠢᠬᠤ ᠴᠢᠨᠠᠷᠲᠠᠢ᠂ ᠴᠢᠯᠦᠭᠡᠲᠡᠢ ᠬᠤᠪᠢᠷᠠᠵᠤ ᠴᠢᠳᠠᠳᠠᠭ᠂ ᠮᠣᠩᠭᠤᠯ ᠭᠡᠷ ᠤᠨ ᠥᠨᠳᠥᠷ ᠪᠣᠭᠤᠨᠢ᠂ ᠶᠡᠭᠡ ᠪᠠᠭ᠎ᠠ ᠶᠢ ᠬᠡᠷᠡᠭᠴᠡᠭᠡ ᠪᠠᠷ ᠨᠢ ᠵᠣᠬᠢᠴᠠᠭᠤᠯᠵᠤ᠂

ᠪᠣᠷᠣᠭᠠᠨ ᠤ ᠤᠯᠠᠷᠢᠯ ᠪᠠ ᠰᠠᠯᠬᠢᠨ ᠤ ᠤᠯᠠᠷᠢᠯ ᠤᠨ ᠠᠭᠤᠷ ᠠᠮᠢᠰᠬᠤᠯ ᠤᠨ ᠭᠡᠨᠡᠳᠲᠡ ᠶᠢᠨ ᠬᠤᠪᠢᠷᠠᠯᠲᠠ᠂ ᠣᠷᠣᠰᠢᠨ ᠰᠠᠭᠤᠬᠤ ᠬᠥᠮᠥᠨ ᠠᠮᠠ ᠶᠢᠨ ᠨᠡᠮᠡᠭᠳᠡᠯ

ᠬᠠᠰᠤᠭᠳᠠᠯ ᠵᠡᠷᠭᠡ ᠪᠠᠶᠢᠳᠠᠯ ᠢ ᠪᠦᠷ ᠠᠶᠠᠳᠠᠭᠠᠨ ᠲᠤᠬᠢᠷᠭᠤᠯᠤᠨ ᠰᠢᠢᠳᠪᠦᠷᠢᠯᠡᠵᠦ ᠴᠢᠳᠠᠳᠠᠭ᠃ ᠲᠣᠭᠤᠷᠢᠭ ᠬᠡᠯᠪᠡᠷᠢ ᠶᠢᠨ ᠪᠦᠲᠦᠴᠡ ᠨᠢ ᠰᠠᠯᠬᠢ ᠪᠣᠷᠣᠭᠠᠨ ᠪᠣᠯᠣᠨ

ᠰᠢᠷᠣᠢ ᠶᠢᠨ ᠰᠢᠭᠤᠷᠭ᠎ᠠ ᠮᠣᠩᠭᠤᠯ ᠭᠡᠷ ᠢ ᠳᠠᠭᠠᠷᠢᠬᠤ ᠶᠢ ᠪᠠᠭᠠᠰᠬᠠᠵᠤ᠂ ᠮᠣᠩᠭᠤᠯ ᠤᠨ ᠥᠨᠳᠦᠷᠯᠢᠭ ᠤᠨ ᠬᠠᠬᠢᠷ ᠬᠦᠢᠲᠡᠨ᠂ ᠠᠭᠠᠭᠢᠮ᠎ᠠ ᠬᠠᠯᠠᠭᠤᠨ ᠡᠬᠡ 

ᠭᠠᠵᠠᠷ ᠤᠨ ᠴᠢᠨᠠᠷᠲᠠᠢ ᠠᠭᠤᠷ ᠠᠮᠢᠰᠬᠤᠯ ᠳᠤ ᠨᠠᠩ ᠰᠠᠶᠢᠨ ᠵᠣᠬᠢᠴᠠᠵᠤ ᠪᠠᠶᠢᠳᠠᠭ᠃ ᠮᠣᠩᠭᠤᠯ ᠭᠡᠷ ᠪᠣᠯ ᠨᠡᠭᠦᠳᠡᠯᠴᠢᠨ ᠦᠨᠳᠦᠰᠦᠲᠡᠨ ᠤ ᠭᠡᠷ ᠶᠤᠮ᠂ ᠮᠣᠩᠭᠤᠯ

ᠭᠡᠷ ᠬᠢᠬᠦ ᠵᠠᠩ ᠳᠠᠳᠬᠠᠯ ᠨᠢᠭᠡᠪᠦᠷᠢ ᠨᠢ ᠴᠥᠮ ᠭᠡᠷ ᠪᠦᠯᠢ ᠶᠢᠨ ᠵᠣᠯ ᠵᠢᠷᠭᠠᠯ ᠰᠠᠶᠢᠨ ᠰᠠᠶᠢᠬᠠᠨ ᠢ ᠵᠥᠩᠨᠡᠭᠰᠡᠨ ᠠᠩᠬᠠᠨ ᠤ ᠵᠥᠩᠨᠡᠯ ᠪᠠ ᠬᠦᠰᠡᠯ ᠡᠷᠡᠮᠡᠯᠵᠡᠯ ᠢ

ᠲᠥᠯᠥᠭᠡᠯᠡᠵᠦ ᠪᠠᠶᠢᠳᠠᠭ᠂ ᠡᠪᠡᠰᠦ ᠪᠡᠯᠴᠢᠭᠡᠷ ᠢᠶᠠᠨ ᠳᠠᠭᠠᠵᠤ ᠨᠡᠭᠦᠳᠡᠯᠯᠡᠳᠡᠭ ᠨᠡᠭᠦᠳᠡᠯᠴᠢᠨ ᠦᠨᠳᠦᠰᠦᠲᠡᠨ ᠢᠲᠡᠭᠡᠯ ᠪᠢᠰᠢᠷᠡᠯ᠂ ᠤᠯᠠᠮᠵᠢᠯᠠᠯᠲᠤ ᠰᠣᠶᠣᠯ ᠤᠨ ᠪᠠᠲᠤ

ᠰᠠᠬᠢᠯ ᠢᠶᠠᠷ ᠢᠶᠠᠨ ᠲᠡᠳᠡᠨ ᠤ ᠭᠡᠷ - ᠮᠣᠩᠭᠤᠯ ᠭᠡᠷ ᠢᠶᠠᠨ ᠬᠤᠴᠢᠵᠤ᠂ ᠲᠡᠷᠡᠬᠦ ᠣᠷᠣᠨ ᠪᠠᠶᠢᠷᠢ ᠨᠢ ᠲᠣᠭᠲᠠᠪᠤᠷᠢ ᠦᠭᠡᠢ ᠨᠡᠭᠦᠳᠡᠯᠯᠡᠵᠦ ᠪᠠᠶᠢᠳᠠᠭ ᠭᠡᠷ ᠢᠶᠠᠨ ᠨᠠᠩ

ᠢᠯᠡᠭᠦᠦ ᠭᠡᠷ ᠤᠨ ᠳᠦᠷᠢ ᠲᠥᠷᠬᠦ ᠲᠠᠢ ᠪᠣᠯᠭᠠᠵᠠᠢ᠃ 

      ᠤᠷ᠎ᠠ ᠮᠡᠷᠭᠡᠵᠢᠯ ᠢᠶᠠᠷ ᠥᠪᠡᠷᠮᠢᠴᠡ᠂ ᠥᠨᠢ ᠤᠳᠠᠭᠠᠨ ᠣᠨ ᠤᠯᠠᠮᠵᠢᠯᠠᠭᠳᠠᠭᠰᠠᠭᠠᠷ ᠢᠷᠡᠭᠰᠡᠨ ᠮᠣᠩᠭᠤᠯ ᠭᠡᠷ ᠬᠢᠬᠦ ᠤᠷ᠎ᠠ ᠮᠡᠷᠭᠡᠵᠢᠯ ᠨᠢ ᠮᠠᠰᠢ ᠥᠨᠳᠥᠷ

ᠲᠡᠦᠬᠡ ᠰᠣᠶᠣᠯ ᠤᠨ ᠦᠨ᠎ᠡ ᠥᠷᠲᠡᠭ ᠲᠠᠢ ᠶᠤᠮ᠂ ᠣᠳᠣᠬᠠᠨ ᠳᠤ ᠨᠡᠭᠦᠳᠡᠯ ᠮᠠᠯᠵᠢᠯ ᠤᠨ ᠠᠮᠢᠳᠤᠷᠠᠯ ᠨᠢ ᠠᠭᠠᠵᠢᠮ ᠢᠶᠠᠷ ᠰᠠᠭᠤᠷᠢᠰᠢᠨ ᠠᠮᠢᠳᠤᠷᠠᠬᠤ ᠪᠣᠯᠵᠤ

ᠬᠤᠪᠢᠷᠠᠭᠰᠠᠨ ᠤ ᠳᠠᠷᠠᠭ᠎ᠠ᠂ ᠮᠣᠩᠭᠤᠯ ᠭᠡᠷ ᠤᠨ ᠣᠯᠠᠩᠬᠢ ᠶᠢ ᠨᠢ ᠥᠪᠥᠷ ᠮᠣᠩᠭᠤᠯ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠳᠤ ᠬᠡᠷᠡᠭᠯᠡᠵᠦ᠂ 

ᠣᠨᠴᠠᠯᠢᠭᠲᠤ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠵᠢᠭᠤᠯᠴᠢᠯᠠᠭᠴᠢᠳ ᠤᠨ ᠰᠣᠨᠢᠷᠬᠠᠨ ᠪᠡᠶᠡᠴᠢᠯᠡᠨ ᠣᠶᠢᠯᠠᠭᠠᠬᠤ ᠳᠤ ᠬᠡᠷᠡᠭᠯᠡᠵᠦ ᠪᠠᠶᠢᠨ᠎ᠠ᠃

ᠢᠷᠡᠯᠲᠡ᠄ ᠬᠦᠯᠦᠨ ᠪᠦᠢᠷ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ