| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 25 ᠤ ᠴᠠᠭᠢᠯᠭᠠᠨ ᠮᠡᠳᠡᠭᠡ 10 ᠰᠠᠷ᠎ᠠ ᠶᠢᠨ 25 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠢᠢᠲ᠋ᠧᠯᠦ᠋ᠸᠧ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠺᠣᠯᠣᠮᠪᠢᠶ᠎ᠠ ᠶᠢᠨ ᠬᠠᠷᠢᠯᠴᠠᠭ᠎ᠠ ᠶᠢ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃ | | 10 ᠰᠠᠷ᠎ᠠ ᠶᠢᠨ 25 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠢᠢᠲ᠋ᠧᠯᠦ᠋ᠸᠧ ᠲᠠᠢ ᠬᠡᠯᠡᠯᠴᠡᠭᠡ ᠬᠢᠪᠡ᠃ | ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠫᠸᠢᠢᠲ᠋ᠧᠯᠦ᠋ᠸᠧ ᠢ | ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠠ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠣᠯᠣᠮᠪᠢᠶ᠎ᠠ ᠬᠠᠷᠢᠯᠴᠠᠭ᠎ᠠ ᠪᠠᠶᠢᠭᠤᠯᠤᠭᠰᠠᠨ 43 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠳᠡᠯᠡᠬᠡᠢ ᠶᠢᠨ | ᠤᠷᠪᠠᠭᠠᠨ ᠬᠥᠷᠪᠡᠭᠡᠨ ᠲᠠᠢ ᠬᠤᠪᠢᠷᠠᠯᠲᠠ ᠶᠢᠨ ᠰᠢᠯᠭᠠᠯᠲᠠ ᠶᠢ ᠳᠠᠭᠠᠭᠠᠵᠤ᠂ ᠢᠮᠠᠭᠲᠠ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠭᠰᠠᠭᠠᠷ | ᠢᠷᠡᠵᠡᠶ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ | ᠲᠠᠯ᠎ᠠ ᠪᠠᠷ ᠬᠠᠷᠢᠯᠴᠠᠨ ᠣᠶᠢᠯᠠᠭᠠᠯᠴᠠᠨ ᠳᠡᠮᠵᠢᠯᠴᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠯᠠᠪᠳᠠᠭᠤᠨ ᠢᠶᠠᠷ ᠠᠬᠢᠭᠤᠯᠵᠤ᠂ ᠠᠷᠠᠳ ᠲᠦᠮᠡᠨ ᠤ ᠨᠥᠬᠦᠷᠯᠡᠯ | ᠡᠳᠦᠷ ᠢᠷᠡᠬᠦᠶ᠎ᠡ ᠬᠥᠮᠥᠰ ᠤᠨ ᠰᠡᠳᠬᠢᠯ ᠳᠤ ᠭᠦᠨ ᠰᠠᠭᠤᠭᠳᠠᠪᠠ᠃ ᠳᠤᠮᠳᠠᠳᠤ ᠺᠣᠯᠣᠮᠪᠢᠶ᠎ᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠪᠠᠶᠢᠭᠤᠯᠤᠭᠰᠠᠨ ᠶᠠᠪᠤᠳᠠᠯ ᠪᠣᠯ ᠬᠤᠶᠠᠷ ᠤᠯᠤᠰ ᠤᠨ ᠡᠯ᠎ᠡ ᠡᠲᠡᠭᠡᠳ ᠤᠨ ᠬᠢᠨ ᠤ ᠤᠷᠳᠤ ᠬᠤᠭᠤᠴᠠᠭᠠᠨ ᠤ ᠴᠢᠷᠮᠠᠶᠢᠯᠭ᠎ᠠ ᠶᠢᠨ ᠦᠷ᠎ᠡ ᠳ᠋ᠦᠩ ᠪᠤᠯᠬᠤ ᠪᠥᠭᠡᠳ ᠪᠠᠰᠠ | ᠴᠤ ᠬᠤᠶᠠᠷ ᠲᠠᠯ᠎ᠠ ᠶᠢᠨ ᠢᠲᠡᠭᠡᠯᠴᠡᠭᠡ ᠪᠣᠯᠣᠨ ᠬᠠᠮᠲᠤᠷᠠᠯᠴᠠᠭ᠎ᠠ ᠠᠯᠬᠤᠮ ᠠᠯᠬᠤᠮ ᠢᠶᠠᠷ ᠪᠡᠶᠡᠯᠡᠭᠳᠡᠭᠰᠡᠨ ᠤ ᠢᠯᠡᠷᠡᠯ ᠮᠥᠨ᠂ ᠬᠤᠶᠠᠷ ᠲᠠᠯ᠎ᠠ ᠪᠠᠷ ᠢᠶᠠᠨ ᠬᠤᠪᠢ | ᠲᠠᠭᠢᠨ ᠨᠠᠨᠳᠢᠩᠨᠠᠨ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠶᠢ ᠱᠠᠭᠠᠷᠳᠠᠨ᠎ᠠ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠬᠢᠨ ᠲᠠᠢ | ᠬᠠᠮᠲᠤ ᠪᠠᠷ ᠳᠤᠮᠳᠠᠳᠤ ᠺᠣᠯᠣᠮᠪᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠠᠬᠢᠭᠤᠯᠵᠤ ᠪᠠᠶᠢᠭᠠᠳ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠨ ᠪᠤᠶᠠᠨ ᠦᠢᠯᠡᠳᠴᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠢᠳᠡᠪᠬᠢ ᠬᠦᠴᠦᠨ ᠨᠡᠮᠡᠷᠢᠯᠡᠨ᠎ᠡ ᠭᠡᠵᠦ ᠵᠢᠭᠠᠵᠤ | ᠭᠠᠷᠭᠠᠪᠠ᠃ | ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠠᠭᠤᠯᠤᠭᠳᠠᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃ | ᠰᠢ ᠶᠢᠨ ᠫᠢᠩ᠂ ᠳᠤᠮᠳᠠᠳᠤ ᠤᠯᠤᠰ ᠺᠣᠯᠣᠮᠪᠢᠶ᠎ᠠ ᠶᠢᠨ ᠪᠡᠶ᠎ᠡ ᠪᠠᠨ ᠳᠠᠭᠠᠭᠠᠵᠤ ᠡᠵᠡᠨ ᠮᠡᠳᠡᠵᠦ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠬᠦ ᠬᠥᠭᠵᠢᠯᠲᠡ ᠶᠢᠨ | ᠵᠠᠮ ᠢ ᠬᠠᠶᠢᠨ ᠰᠦᠪᠡᠭᠴᠢᠯᠡᠬᠦ ᠶᠢ ᠳᠡᠮᠵᠢᠵᠦ᠂ ᠺᠣᠯᠣᠮᠪᠢᠶ᠎ᠠ ᠶᠢᠨ ᠡᠩᠬᠡ ᠲᠠᠶᠢᠪᠤᠩ ᠤᠨ ᠠᠬᠢᠴᠠ ᠶᠢ ᠳᠡᠮᠵᠢᠨ᠎ᠡ᠂ ᠺᠣᠯᠣᠮᠪᠢᠶ᠎ᠠ ᠶᠢᠨ ᠬᠢᠨ ᠪᠦᠭᠦ ᠲᠠᠯ᠎ᠠ ᠶᠢᠨ᠂ | ᠤᠳᠠᠭᠠᠨ ᠳᠠᠭᠠᠭᠠᠮᠠᠭᠠᠢ᠂ ᠦᠷᠭᠦᠯᠵᠢᠯᠡᠬᠦ ᠡᠩᠬᠡ ᠲᠠᠶᠢᠪᠤᠩ ᠢ ᠡᠷᠲᠡᠬᠡᠨ ᠪᠡᠶᠡᠯᠡᠭᠦᠯᠬᠦ ᠶᠢ ᠬᠦᠰᠡᠵᠦ ᠪᠠᠶᠢᠨ᠎ᠠ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ | ᠪᠣᠯᠣᠨ ᠣᠳᠣᠬᠢᠴᠢᠯᠠᠯᠲᠠ ᠶᠢᠨ ᠠᠬᠢᠴᠠ ᠨᠢ ᠺᠣᠯᠣᠮᠪᠢᠶ᠎ᠠ ᠶᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠬᠥᠭᠵᠢᠯᠲᠡ ᠶᠢᠨ ᠰᠢᠨ᠎ᠡ ᠠᠵᠠ ᠲᠣᠭᠢᠶᠠᠯ | ᠠᠪᠴᠢᠷᠠᠬᠤ ᠶᠢ ᠢᠲᠡᠭᠡᠵᠦ ᠪᠠᠶᠢᠨ᠎ᠠ᠃ ᠳᠤᠮᠳᠠᠳᠤ ᠺᠣᠯᠣᠮᠪᠢᠶ᠎ᠠ ᠶᠢᠨ ᠬᠠᠷᠢᠯᠴᠠᠭ᠎ᠠ ᠨᠢ ᠡᠷᠬᠡ ᠲᠡᠭᠰᠢ᠂ ᠬᠠᠷᠢᠯᠴᠠᠨ ᠠᠰᠢᠭᠲᠠᠢ᠂ ᠬᠠᠮᠲᠤ ᠪᠠᠷ ᠠᠰᠢᠭ ᠭᠦᠷᠳᠡᠭᠦ ᠳᠤ | ᠰᠠᠭᠤᠷᠢᠯᠠᠭᠰᠠᠨ | ᠶᠤᠮ᠃ ᠺᠣᠯᠣᠮᠪᠢᠶ᠎ᠠ ᠶᠢᠨ ᠬᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠡᠭᠡ ᠭᠡᠷ ᠪᠦᠯᠢ ᠳᠤ ᠡᠷᠲᠡᠬᠡᠨ ᠣᠷᠣᠯᠴᠠᠵᠤ᠂ ᠬᠠᠮᠲᠤ ᠶᠢᠨ | ᠬᠥᠭᠵᠢᠯ ᠴᠡᠴᠡᠭᠯᠡᠯ ᠢ ᠪᠡᠶᠡᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶᠠᠨ ᠤ ᠬᠤᠯᠢᠮᠠᠭ ᠠᠵᠤ ᠠᠬᠤᠢ ᠶᠢᠨ | ᠵᠥᠪᠯᠡᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠬᠤᠶᠠᠷ ᠲᠠᠯ᠎ᠠ ᠶᠢᠨ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠵᠦ᠂ ᠮᠡᠳᠡᠭᠡ ᠵᠠᠩᠭᠢ ᠴᠢᠮᠡᠭᠡ ᠬᠤᠯᠪᠤᠭ᠎ᠠ᠂ | ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠺᠣᠯᠣᠮᠪᠢᠶ᠎ᠠ ᠶᠢᠨ ᠣᠨᠴᠠᠯᠢᠭ ᠪᠦᠬᠦᠢ ᠨᠡᠩ ᠤᠯᠠᠨ | ᠰᠢᠯᠢᠳᠡᠭ ᠦᠢᠯᠡᠳᠬᠦᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠵᠣᠷᠢᠭᠵᠢᠭᠤᠯᠤᠨ᠎ᠠ᠃ ᠺᠣᠯᠣᠮᠪᠢᠶ᠎ᠠ ᠶᠢᠨ ᠬᠢᠨ ᠤ ᠳᠤᠮᠳᠠᠳᠤ ᠤᠯᠤᠰ ᠤᠨ | ᠳᠤᠷᠠᠳᠤᠭᠰᠠᠨ ᠪᠦᠭᠦ ᠪᠥᠮᠪᠥᠷᠴᠡᠭ ᠤᠨ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠠᠨᠠᠭᠠᠴᠢᠯᠠᠭ᠎ᠠ ᠳᠤ ᠣᠷᠣᠯᠴᠠᠵᠤ᠂ ᠪᠣᠬᠢᠷᠳᠤᠯ | ᠦᠭᠡᠢ ᠬᠥᠭᠵᠢᠯᠲᠡ ᠶᠢᠨ ᠠᠵᠠ ᠲᠤᠭᠢᠶᠠᠯ ᠢ ᠬᠠᠮᠲᠤ ᠪᠠᠷ ᠡᠳ᠋ᠯᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠢᠲᠠᠳ ᠬᠡᠯᠡᠨ ᠤ ᠵᠢᠭᠠᠨ | ᠰᠤᠷᠭᠠᠯᠲᠠ᠂ ᠤᠷᠠᠯᠢᠭ ᠤᠨ ᠪᠦᠯᠭᠦᠮ ᠳᠤᠭᠤᠶᠢᠯᠠᠩ ᠤᠨ ᠬᠠᠷᠢᠯᠴᠠᠨ ᠠᠶᠢᠯᠴᠢᠯᠠᠯᠳᠠ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠴᠢᠩᠭᠠᠳᠬᠠᠵᠤ᠂ ᠬᠤᠣᠷ ᠴᠠᠭᠠᠵᠠᠯᠠᠬᠤ᠂ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠠᠤᠯᠢ | ᠬᠡᠷᠡᠭᠵᠢᠭᠦᠯᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠺᠣᠯᠣᠮᠪᠢᠶ᠎ᠠ ᠶᠢᠨ ᠬᠢᠨ ᠺᠣᠯᠣᠮᠪᠢᠶ᠎ᠠ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ᠂ ᠠᠵᠤ ᠠᠬᠤᠶᠢᠯᠠᠯ | ᠂ ᠪᠠᠶᠢᠭᠤᠯᠤᠮᠵᠢ ᠶᠢᠨ ᠠᠮᠤᠷ ᠲᠦᠪᠰᠢᠨ ᠢ ᠰᠠᠶᠢᠲᠤᠷ ᠪᠠᠲᠤᠯᠠᠬᠤ ᠶᠢ ᠬᠦᠰᠡᠵᠦ ᠪᠠᠶᠢᠨ᠎ᠠ᠃ ᠳᠤᠮᠳᠠᠳᠤ ᠺᠣᠯᠣᠮᠪᠢᠶ᠎ᠠ ᠴᠥᠮ ᠬᠥᠭᠵᠢᠵᠦ ᠪᠠᠶᠢᠭ᠎ᠠ ᠤᠯᠤᠰ ᠮᠥᠨ᠂ | ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠬᠡᠷᠡᠭ ᠶᠠᠪᠤᠳᠠᠯ ᠳᠠᠬᠢ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠺᠣᠯᠣᠮᠪᠢᠶ᠎ᠠ ᠶᠢᠨ ᠬᠢᠨ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ 2025 ᠣᠨ ᠤ | ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠳᠤ ᠪᠠᠶᠠᠷ ᠬᠦᠷᠭᠡᠵᠦ᠂ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ | ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ ᠭᠠᠵᠠᠷ ᠣᠷᠣᠨ ᠤ ᠨᠢᠭᠡ | ᠴᠣᠭᠴᠠᠵᠢᠯᠲᠠ ᠶᠢᠨ ᠠᠬᠢᠴᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠲᠡᠮᠵᠢᠵᠤ᠂ ᠳᠤᠷᠠᠲᠠᠶ᠎ᠠ ᠯᠠᠲ᠋ᠢᠨ ᠠᠮᠧᠷᠢᠺᠠ ᠲᠢᠪ ᠤᠨ ᠬᠢᠨ ᠲᠠᠢ ᠢᠷᠡᠬᠦ ᠵᠢᠯ ᠤᠨ ᠳᠤᠮᠳᠠᠳᠤ | ᠤᠯᠤᠰ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 10 | ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠬᠠᠷᠢᠯᠴᠠᠭ᠎ᠠ ᠶᠢᠨ | ᠲᠣᠭᠲᠠᠭᠤᠨ ᠢᠶᠠᠷ ᠬᠤᠯᠠ | ᠠᠶᠠᠯᠠᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠫᠸᠢᠢᠲ᠋ᠧᠯᠦ᠋ᠸᠧ᠂ ᠤᠯᠠᠨ ᠵᠢᠯ ᠠᠯᠤᠰᠯᠠᠭᠠᠳ ᠳᠠᠬᠢᠨᠲᠠ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠥᠨᠥᠳᠥᠷ ᠤᠨ | ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠳᠤ ᠯᠤᠲᠤ ᠶᠡᠭᠡ ᠬᠤᠪᠢᠷᠠᠯᠲᠠ ᠭᠠᠷᠴᠠᠢ᠂ ᠳᠤᠮᠳᠠᠳᠤ ᠤᠯᠤᠰ ᠤᠨ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ | ᠤᠨᠤᠯ ᠪᠣᠯᠣᠨ ᠦᠢᠯᠡᠳᠦᠯᠭᠡ ᠨᠢ ᠴᠢᠬᠤᠯᠠ ᠰᠡᠩᠬᠡᠷᠡᠭᠦᠯᠬᠦ ᠠᠴᠢ ᠬᠤᠯᠪᠣᠭᠳᠠᠯ ᠲᠠᠢ ᠶᠤᠮ᠃ ᠺᠣᠯᠣᠮᠪᠢᠶ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ | ᠳᠤᠷᠠᠳᠤᠭᠰᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠺᠣᠯᠣᠮᠪᠢᠶ᠎ᠠ ᠳᠤᠮᠳᠠᠳᠤ ᠤᠯᠤᠰ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠤ ᠳᠠᠷᠠᠭ᠎ᠠ᠂ ᠺᠣᠯᠣᠮᠪᠢᠶ᠎ᠠ ᠶᠢᠨ ᠬᠢᠨ ᠳᠤᠷᠠᠲᠠᠶ᠎ᠠ ᠲᠤᠰ ᠪᠡᠶ᠎ᠡ ᠶᠢᠨ ᠣᠷᠣᠨ ᠪᠠᠶᠢᠷᠢ ᠶᠢᠨ | ᠳᠠᠪᠠᠭᠤᠯᠢᠭ ᠪᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠲᠠᠢ ᠵᠣᠯᠭᠠᠭᠤᠯᠵᠤ᠂ ᠰᠠᠭᠤᠷᠢ ᠲᠥᠬᠦᠭᠡᠷᠦᠮᠵᠢ | ᠂ ᠴᠡᠪᠡᠷ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠣᠯᠣᠮᠪᠢᠶ᠎ᠠ ᠳᠤ ᠪᠡᠯᠡ | ᠣᠷᠣᠭᠤᠯᠬᠤ ᠶᠢ ᠪᠠᠶᠠᠷᠯᠠᠨ ᠤᠭᠲᠤᠵᠤ᠂ ᠬᠤᠶᠠᠷ ᠲᠠᠯ᠎ᠠ ᠶᠢᠨ ᠠᠷᠠᠯᠵᠢᠶᠠᠨ ᠤ ᠬᠠᠷᠢᠯᠴᠠᠭ᠎ᠠ ᠶᠢᠨ ᠨᠡᠩ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠂ ᠡᠨᠡ ᠨᠢ | ᠺᠣᠯᠣᠮᠪᠢᠶ᠎ᠠ ᠶᠢᠨ ᠤᠯᠤᠰ ᠤᠨ ᠳᠣᠲᠣᠭᠠᠳᠤ ᠶᠢᠨ ᠡᠩᠬᠡ ᠲᠠᠶᠢᠪᠤᠩ ᠤᠨ ᠠᠬᠢᠴᠠ ᠪᠠᠨ ᠠᠬᠢᠭᠤᠯᠵᠤ᠂ ᠠᠷᠠᠳ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠡᠩᠬᠡ | ᠲᠠᠶᠢᠪᠤᠩ ᠲᠣᠭᠲᠠᠭᠤᠨ ᠪᠣᠯᠣᠨ ᠠᠵᠢᠯ ᠣᠯᠭᠤᠯᠲᠠ ᠶᠢᠨ ᠨᠡᠮᠡᠭᠳᠡᠯ ᠢ ᠪᠡᠶᠡᠯᠡᠭᠦᠯᠬᠦ ᠳᠤ ᠠᠰᠢᠭᠲᠠᠢ ᠪᠥᠭᠡᠳ ᠭᠠᠵᠠᠷ ᠣᠷᠣᠨ ᠪᠣᠯᠣᠨ ᠳᠡᠯᠡᠬᠡᠢ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠦ ᠴᠢᠩᠭᠠᠳᠬᠠᠬᠤ ᠪᠣᠯᠣᠨ᠎ᠠ᠃ ᠺᠣᠯᠣᠮᠪᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠫᠠᠯᠧᠰᠲ᠋ᠠᠶᠢᠨ | ᠢᠰᠷᠧᠯ ᠤᠨ ᠪᠠᠶᠢᠳᠠᠯ ᠵᠡᠷᠭᠡ ᠠᠰᠠᠭᠤᠳᠠᠯ ᠤᠨ ᠲᠤᠬᠠᠢ ᠣᠯᠣᠯᠴᠠᠭ᠎ᠠ ᠪᠠᠨ ᠪᠠᠲᠤᠯᠠᠵᠤ᠂ ᠲᠠᠶᠢᠨ ᠢ ᠵᠣᠭᠰᠣᠭᠠᠵᠤ ᠮᠦᠷᠭᠦᠯᠳᠤᠭᠡᠨ ᠢ ᠰᠢᠢᠳᠪᠦᠷᠢᠯᠡᠬᠦ ᠲᠥᠰᠥᠯ ᠢ | ᠲᠦᠷᠭᠡᠨ ᠡᠷᠢᠵᠦ ᠣᠯᠬᠤ ᠶᠢ ᠠᠬᠢᠭᠤᠯᠤᠨ᠎ᠠ᠃ ᠺᠣᠯᠣᠮᠪᠢᠶ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠬᠦᠷᠢᠶᠡᠯᠡᠵᠦ᠂ | ᠳᠤᠷᠠᠲᠠᠶ᠎ᠠ ᠳᠤᠮᠳᠠᠳᠤ ᠤᠯᠤᠰ | ᠯᠤᠭ᠎ᠠ ᠤᠯᠠᠨ ᠲᠠᠯ᠎ᠠ ᠶᠢᠨ ᠲᠣᠭᠲᠠᠴᠠ ᠶᠢᠨ ᠳᠣᠲᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ᠃ ᠺᠣᠯᠣᠮᠪᠢᠶ᠎ᠠ ᠶᠢᠨ ᠬᠢᠨ ᠯᠠᠲ᠋ᠢᠨ ᠠᠮᠧᠷᠢᠺᠠ ᠲᠢᠪ ᠪᠠ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠳᠤᠷᠠᠲᠠᠶ᠎ᠠ | 2025 ᠣᠨ ᠳᠤ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ | ᠡᠭᠦᠷᠭᠡᠯᠡᠬᠦ ᠠᠵᠠ ᠲᠣᠭᠢᠶᠠᠯ ᠢ ᠠᠰᠢᠭᠯᠠᠵᠤ᠂ ᠯᠠᠲ᠋ᠢᠨ ᠠᠮᠧᠷᠢᠺᠠ ᠲᠢᠪ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠯᠲᠡ ᠶᠢ | ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠠᠵᠤ ᠦᠢᠯᠡᠰ ᠤᠨ ᠪᠡᠯᠡ ᠣᠷᠣᠭᠤᠯᠤᠯᠲᠠ᠂ ᠠᠷᠠᠯᠵᠢᠶ᠎ᠠ᠂ ᠲᠣᠭᠠᠴᠢᠯᠠᠭᠰᠠᠨ ᠠᠵᠤ | ᠠᠬᠤᠢ᠂ ᠪᠣᠬᠢᠷᠳᠤᠯ ᠦᠭᠡᠢ ᠬᠥᠭᠵᠢᠯᠲᠡ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠣᠯ᠂ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ | ᠵᠢᠷᠤᠬᠤ ᠢ ᠬᠠᠮᠲᠤᠪᠠᠷ ᠭᠡᠷᠡᠴᠢᠯᠡᠪᠡ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠺᠣᠯᠣᠮᠪᠢᠶ᠎ᠠ ᠤᠯᠤᠰ ᠤᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠤᠭᠲᠤᠬᠤ ᠶᠣᠰᠣᠯᠠᠯ | ᠶᠠᠪᠤᠭᠤᠯᠪᠠ᠃ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠤᠳᠠᠭ᠎ᠠ ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠶᠣᠰᠣᠯᠠᠪᠠ᠃ ᠬᠤᠶᠠᠷ | ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠺᠣᠯᠣᠮᠪᠢᠶ᠎ᠠ ᠬᠤᠶᠠᠷ ᠤᠯᠤᠰ ᠤᠨ ᠰᠦᠯᠳᠡ | ᠳᠠᠭᠤᠤ ᠶᠢ ᠬᠥᠭᠵᠢᠮᠳᠡᠪᠡ᠃ ᠫᠸᠢᠢᠲ᠋ᠧᠯᠦ᠋ᠸᠧ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠶᠣᠰᠣᠯᠠᠯ ᠤᠨ | ᠠᠩᠭᠢ ᠶᠢ ᠰᠢᠯᠭᠠᠨ ᠦᠵᠡᠬᠦ ᠶᠢᠨ ᠬᠠᠮᠲᠤ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠫᠸᠢᠢᠲ᠋ᠧᠯᠦ᠋ᠸᠧ ᠶᠢ ᠤᠭᠲᠤᠬᠤ | ᠳᠠᠶᠢᠯᠠᠯᠭ᠎ᠠ ᠬᠢᠵᠡᠢ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |