| | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 24 ᠤ ᠴᠠᠬᠢᠯᠭᠠᠨ ᠮᠡᠳᠡᠭᠡ ᠳᠤᠮᠳᠠᠳᠤ ᠶᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ | ᠬᠠᠯᠠᠭᠤᠨ ᠪᠠᠶᠠᠷ ᠬᠦᠷᠭᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠪᠦᠬᠦ ᠺᠠᠳ᠋ᠷ ᠠᠵᠢᠯᠲᠠᠨ ᠠᠵᠢᠯᠴᠢᠨ ᠪᠣᠯᠣᠨ ᠪᠦᠬᠦ ᠤᠯᠤᠰ ᠤᠨ | ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠪᠣᠯ ᠨᠠᠮ ᠤᠨ ᠨᠢᠭᠡᠳᠦᠮᠡᠯ ᠹᠷᠣᠨᠲ ᠤᠨ ᠠᠵᠢᠯ ᠪᠣᠯᠣᠨ | ᠠᠵᠤ ᠠᠬᠤᠢ ᠶᠢᠨ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ 70 ᠵᠢᠯ ᠤᠨ ᠲᠤᠷᠰᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠢᠮᠠᠭᠲᠠ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ ᠠᠵᠢᠯ ᠳᠤ ᠦᠢᠯᠡᠴᠢᠯᠡᠬᠦ ᠶᠢᠨ ᠲᠣᠭᠤᠷᠢᠨ ᠳᠤ ᠰᠢᠨ᠎ᠡ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ᠂ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠠᠭᠤᠤ ᠶᠡᠭᠡ ᠦᠢᠯᠡᠳᠦᠯᠭᠡ ᠳᠤᠮᠳᠠ ᠴᠢᠬᠤᠯᠠ | ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ | ᠦᠶ᠎ᠡ ᠰᠢᠨ᠎ᠡ ᠠᠶᠠᠨ ᠵᠠᠮ ᠳᠤ ᠨᠠᠮ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠦᠵᠡᠯ ᠰᠠᠨᠠᠭ᠎ᠠ ᠤᠯᠤᠰ ᠲᠦᠷᠦ ᠶᠢᠨ | ᠵᠢᠯᠣᠭᠤᠳᠤᠮᠵᠢ ᠶᠢ ᠴᠢᠩᠭᠠᠳᠬᠠᠬᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠢᠲᠡᠭᠡᠯ ᠵᠣᠷᠢᠭ ᠢᠶᠠᠨ ᠬᠥᠪᠴᠢᠯᠡᠨ᠂ ᠬᠥᠮᠥᠰ ᠤᠨ ᠰᠡᠳᠬᠢᠯ ᠢ | ᠨᠢᠭᠲᠠᠷᠠᠭᠤᠯᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠨᠠᠮ ᠤᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠭᠦᠯᠵᠦ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠪᠡ᠃ ᠥᠷᠭᠡᠨ ᠤᠯᠠᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠨᠡᠨ ᠬᠦ ᠲᠤᠭᠤᠰᠢᠯᠠᠭᠤᠯᠵᠤ᠂ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ | ᠦᠢᠯᠡᠰ ᠪᠣᠰᠬᠠᠵᠤ ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠬᠤ ᠬᠡᠪ ᠳᠠᠭᠤᠷᠢᠶᠠᠯ ᠪᠣᠯᠬᠤ ᠪᠠᠷ ᠴᠢᠷᠮᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃ | ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 24 ᠤ ᠡᠳᠦᠷ | ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ | ᠲᠤᠰᠬᠠᠶᠢᠯᠠᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠣᠶ ᠳᠤ ᠪᠠᠶᠠᠷ ᠤᠨ ᠵᠠᠬᠢᠳᠠᠯ ᠢᠯᠡᠭᠡᠵᠦ᠂ ᠪᠦᠬᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠨᠤᠲᠠᠯᠠᠵᠤ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠠᠵᠢᠯ ᠤᠨ ᠠᠴᠢ ᠬᠤᠯᠪᠣᠭᠳᠠᠯ᠂ ᠴᠢᠭᠯᠡᠯ᠂ ᠭᠤᠣᠯ ᠰᠡᠳᠦᠪ᠂ ᠡᠭᠦᠷᠭᠡ ᠶᠢ ᠲᠣᠳᠣᠷᠬᠠᠶᠢᠯᠠᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠮᠥᠰ ᠲᠤ ᠨᠠᠨᠳᠢᠨ ᠬᠦᠰᠡᠯ ᠨᠠᠶᠢᠳᠠᠯᠭ᠎ᠠ ᠪᠠ ᠲᠣᠳᠣᠷᠬᠠᠢ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠰᠠᠶᠢᠲᠤᠷ ᠬᠢᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ | ᠦᠨᠳᠦᠰᠦᠨ ᠵᠢᠷᠤᠮᠯᠠᠯ ᠬᠠᠩᠭᠠᠪᠠ᠃ ᠪᠢᠳᠠ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ | ᠬᠡᠷᠡᠭᠲᠡᠢ ᠭᠡᠵᠦ ᠢᠯᠡᠳᠬᠡᠪᠡ᠃ | ᠸᠠᠩ ᠬᠤ᠋ ᠨᠢᠩ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯ ᠨᠠᠮ ᠤᠨ ᠤᠳᠤᠷᠢᠳᠤᠭᠰᠠᠨ ᠠᠷᠠᠳ ᠤᠨ ᠪᠦᠯᠬᠦᠮ ᠪᠣᠯᠣᠨ ᠬᠤᠳᠠᠯᠳᠤᠭᠠᠴᠢᠳ ᠤᠨ | ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠢᠯᠡᠰ ᠪᠣᠯ ᠨᠠᠮ ᠪᠣᠯᠣᠨ ᠤᠯᠤᠰ ᠤᠨ ᠦᠢᠯᠡᠰ ᠤᠨ ᠴᠢᠬᠤᠯᠠ | ᠪᠦᠷᠢᠯᠳᠦᠭᠦᠨ ᠬᠡᠰᠡᠭ ᠪᠣᠯᠣᠨ᠎ᠠ᠃ ᠰᠢᠨ᠎ᠡ ᠠᠶᠠᠨ ᠳᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠣᠨ ᠤᠯᠤᠰ ᠤᠨ ᠭᠤᠣᠯ ᠡᠭᠦᠷᠭᠡ ᠶᠢ ᠪᠠᠲᠤ | ᠡᠵᠡᠮᠳᠡᠵᠦ᠂ ᠢᠲᠡᠭᠡᠬᠦ᠂ ᠪᠦᠯᠬᠦᠮᠳᠡᠬᠦ᠂ ᠦᠢᠯᠡᠴᠢᠯᠡᠬᠦ᠂ ᠬᠥᠲᠥᠯᠥᠨ ᠵᠢᠯᠤᠭᠤᠳᠬᠤ᠂ ᠰᠤᠷᠭᠠᠨ ᠬᠥᠮᠥᠵᠢᠭᠦᠯᠬᠦ ᠴᠢᠭᠯᠡᠯᠲᠡ ᠶᠢ ᠪᠠᠷᠢᠮᠲᠠᠯᠠᠵᠤ᠂ ︽ᠬᠤᠶᠠᠷ ᠡᠷᠡᠭᠦᠯ | ᠮᠡᠨᠳᠤ︾ ᠶᠢ ᠠᠬᠢᠭᠤᠯᠬᠤ ᠠᠵᠢᠯ ᠲᠠᠢ ᠨᠢᠭᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠬᠦᠴᠦᠨ ᠴᠢᠳᠠᠯ ᠢᠶᠠᠨ ᠬᠠᠮᠲᠤᠳᠬᠠᠵᠤ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ | ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠡᠷᠡᠰ ᠭᠤᠶᠢᠪᠢᠰᠢ ᠦᠭᠡᠢ ᠪᠠᠷ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠤᠬᠠᠮᠰᠠᠷ ᠠᠴᠠ ᠪᠠᠨ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ | ᠦᠢᠯᠡᠰ ᠪᠣᠰᠬᠠᠵᠤ ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠬᠤ ᠬᠡᠪ ᠳᠠᠭᠤᠷᠢᠶᠠᠯ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠣᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ | ᠭᠤᠣᠯ ᠠᠵᠢᠯ ᠢᠶᠠᠨ ᠪᠠᠲᠤ ᠰᠠᠬᠢᠵᠤ᠂ ᠠᠵᠤ ᠦᠢᠯᠡᠰ ᠢᠶᠠᠨ ᠬᠦᠴᠦᠷᠬᠡᠭᠵᠢᠭᠦᠯᠬᠦ ᠬᠡᠷᠡᠭᠲᠡᠢ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠠᠷᠠᠳ ᠲᠦᠮᠡᠨ ᠳᠤ ᠨᠡᠩ ᠰᠠᠶᠢᠨ ᠪᠤᠶᠠᠨ | ᠦᠢᠯᠡᠳᠬᠦ ᠬᠡᠷᠡᠭᠲᠡᠢ᠃ ᠤᠯᠤᠰ ᠲᠦᠷᠦ ᠪᠠᠷ ᠬᠤᠯᠪᠣᠭ᠎ᠠ ᠪᠠᠶᠢᠭᠤᠯᠬᠤ᠂ ᠪᠦᠯᠬᠦᠮᠳᠡᠨ ᠬᠤᠯᠪᠣᠭ᠎ᠠ ᠪᠠᠶᠢᠭᠤᠯᠬᠤ᠂ ᠦᠢᠯᠡᠴᠢᠯᠡᠭᠡ ᠪᠠᠷ ᠬᠤᠯᠪᠣᠭ᠎ᠠ ᠪᠠᠨ ᠮᠠᠨᠳᠤᠭᠤᠯᠬᠤ᠂ | ᠥᠭᠡᠷᠡᠴᠢᠯᠡᠯᠲᠡ ᠪᠠᠷ ᠬᠤᠯᠪᠣᠭ᠎ᠠ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ | ᠢᠮᠠᠭᠲᠠ ᠪᠠᠷᠢᠮᠲᠠᠯᠠᠨ ᠴᠢᠩᠭᠠᠳᠬᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠥᠭᠦᠷᠭᠡ ᠬᠤᠯᠪᠣᠭᠠᠰᠤ ᠪᠠ ᠬᠠᠪᠰᠤᠷᠤᠭᠴᠢ ᠶᠢᠨ ᠦᠢᠯᠡᠳᠦᠯ ᠢ ᠨᠡᠩ | ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠲᠠᠢ | ᠹᠧᠩ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ | ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠰᠢᠦᠢ ᠯᠢᠦ ᠫᠢᠩ ᠤᠷᠢᠳ ᠬᠤᠵᠢᠳ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ | ᠠᠷᠠᠳ ᠤᠨ ᠪᠦᠯᠬᠦᠮ ᠢ ᠲᠥᠯᠥᠭᠡᠯᠡᠨ ᠪᠠᠶᠠᠷ ᠤᠨ ᠦᠭᠡ ᠬᠡᠯᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠯᠢᠦ | ᠭᠦᠸᠧ ᠵᠦᠩ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ | ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠶᠦᠩ ᠶᠡᠭᠡ ᠬᠤᠷᠠᠯ ᠳᠤ ᠣᠷᠣᠯᠴᠠᠪᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ ᠶᠡᠭᠡ ᠬᠤᠷᠠᠯ ᠢ ᠡᠷᠬᠢᠯᠡᠪᠡ᠃ | ᠶᠡᠭᠡ ᠬᠤᠷᠠᠯ ᠠᠴᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ | ᠰᠠᠶᠢᠰᠢᠶᠠᠪᠠ᠃ | ᠬᠤᠷᠠᠯ ᠠᠴᠠ ᠡᠮᠦᠨ᠎ᠡ᠂ ᠸᠠᠩ ᠬᠤ᠋ ᠨᠢᠩ ᠵᠡᠷᠭᠡ ᠤᠳᠤᠷᠢᠳᠬᠤ ᠨᠥᠬᠦᠳ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠤᠳᠤᠷᠢᠳᠬᠤ | ᠪᠠᠭ ᠤᠨ ᠪᠦᠷᠢᠯᠳᠦᠭᠦᠨ ᠵᠢᠴᠢ ᠬᠥᠬᠢᠭᠦᠯᠦᠭᠳᠡᠨ ᠰᠠᠶᠢᠰᠢᠶᠠᠭᠳᠠᠭᠰᠠᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠶᠢᠨ | ᠲᠥᠯᠥᠭᠡᠯᠡᠭᠴᠢ ᠪᠣᠯᠣᠨ ᠲᠡᠷᠢᠭᠦᠨ ᠤ ᠠᠵᠢᠯᠲᠠᠳ ᠲᠠᠢ ᠠᠭᠤᠯᠵᠠᠵᠠᠢ᠃ | ᠲᠥᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ | ᠬᠠᠷᠢᠭᠤᠴᠠᠯᠭᠠᠲᠠᠨ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠶᠢᠨ ᠬᠠᠷᠢᠭᠤᠴᠠᠯᠭᠠᠲᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠰᠢᠰᠲ᠋ᠧᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠲᠥᠯᠥᠭᠡᠯᠡᠭᠴᠢ᠂ ᠬᠥᠬᠢᠭᠦᠯᠦᠯ ᠭᠥᠷᠳᠡᠭᠰᠡᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠰᠢᠰᠲ᠋ᠧᠮ ᠤᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠪᠠ ᠲᠡᠷᠢᠭᠦᠨ ᠤ ᠠᠵᠢᠯᠲᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ | ᠲᠥᠯᠥᠭᠡᠯᠡᠭᠴᠢ ᠶᠡᠭᠡ ᠬᠤᠷᠠᠯ ᠳᠤ ᠣᠷᠣᠯᠴᠠᠪᠠ᠃ | |