10 ᠰᠠᠷ᠎ᠠ ᠶᠢᠨ 23 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠸᠠᠩ | ᠭᠦᠸᠧ ᠴᠢᠤᠸᠠᠨ ᠤᠷᠢᠳ ᠬᠤᠵᠢᠳ ᠱᠢ ᠡᠯ ᠯᠢᠶᠠᠨ ᠴᠧᠩ ᠰᠢᠶᠠᠩ ᠤᠨ ᠨᠠᠰᠤᠲᠠᠨ ᠢ ᠠᠰᠠᠷᠠᠬᠤ ᠬᠦᠷᠢᠶᠡᠯᠡᠩ᠂ ᠰᠠᠨ ᠰᠦᠩ ᠲᠥᠬᠦᠭᠡᠷᠦᠮᠵᠢᠲᠦ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠬᠦᠭᠡᠪᠤᠷ ᠲᠣᠰᠬᠤᠨ ᠤ ᠡᠷᠤᠭᠡ ᠶᠢᠨ ᠵᠣᠷᠯᠣᠩ ᠢ ᠥᠭᠡᠷᠡᠴᠢᠯᠡᠬᠦ ᠪᠦᠲᠦᠭᠡᠨ ᠪᠠᠶᠢᠭᠤᠯᠤᠯᠲᠠ ᠶᠢᠨ ᠴᠡᠭ᠂ | ᠪᠤᠷᠤᠳᠤᠬᠤᠢ ᠰᠤᠮᠤ ᠶᠢᠨ ᠠᠮᠢ ᠠᠬᠤᠢ ᠶᠢᠨ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ᠂ ᠬᠤᠸᠠ ᠵᠢᠶᠠᠨ ᠲᠣᠰᠬᠤᠨ ᠤ | ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢᠨ ᠲᠠᠷᠬᠠᠭᠠᠯᠲᠠ ᠶᠢᠨ ᠴᠡᠭ᠂ ᠠᠷᠢᠭᠤᠨ ᠴᠡᠪᠡᠷ ᠳᠤᠯᠠᠭᠠᠯᠠᠭ᠎ᠠ ᠶᠢᠨ ᠵᠢᠱᠢᠶ᠎ᠡ ᠦᠵᠡᠭᠦᠯᠬᠦ ᠦᠭᠡᠷᠡᠴᠢᠯᠡᠨ ᠵᠠᠰᠠᠬᠤ ᠴᠡᠭ | ᠲᠤ ᠬᠦᠷᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ᠂ ᠤᠳᠤ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠵᠡᠷᠭᠡ ᠠᠵᠢᠯ ᠤᠳ ᠢ ᠪᠠᠶᠢᠴᠠᠭᠠᠨ ᠰᠤᠳᠤᠯᠤᠬᠰᠠᠨ ᠤ ᠬᠠᠮᠲᠤ ᠵᠠᠷᠢᠮ ᠶᠠᠳᠠᠭᠤ ᠠᠴᠠ | ᠠᠩᠭᠢᠵᠢᠷᠠᠭᠰᠠᠨ ᠤᠯᠠᠨ ᠲᠦᠮᠡᠨ ᠢ ᠠᠰᠠᠭᠤᠨ ᠰᠤᠷᠪᠤᠯᠵᠢᠯᠠᠪᠠ᠃ | 10 ᠰᠠᠷ᠎ᠠ ᠶᠢᠨ23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ | ᠸᠠᠩ ᠭᠦᠸᠧ ᠴᠢᠤᠸᠠᠨ ᠱᠢ ᠡᠯ ᠯᠢᠶᠠᠨ ᠴᠧᠩ ᠰᠢᠶᠠᠩ ᠤᠨ ᠪᠠᠷᠠᠭᠤᠨ ᠴᠠᠶᠢᠳᠠᠮ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠬᠠᠨ ᠸᠧᠢ ᠪᠢᠩ ᠤᠨ | ᠭᠡᠷ ᠲᠤ ᠬᠦᠷᠴᠦ᠂ ᠦᠢᠯᠡᠳᠪᠦᠷᠢᠯᠡᠯ ᠠᠮᠢᠳᠤᠷᠠᠯ ᠤᠨ ᠣᠶᠢᠷ᠎ᠠ ᠶᠢᠨ ᠪᠠᠶᠢᠳᠠᠯ ᠢ ᠨᠢ ᠣᠶᠢᠯᠠᠭᠠᠪᠠ᠃ ᠾᠧ ᠽᠢ ᠯᠦᠩ ᠰᠡᠭᠦᠳᠡᠷᠯᠡᠪᠡ | ᠸᠠᠩ ᠭᠦᠸᠧ ᠴᠢᠤᠸᠠᠨ ᠬᠡᠯᠡᠬᠦ ᠳᠡᠭᠡᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡ ᠣᠷᠣᠭᠤᠯᠤᠯᠲᠠ ᠶᠢᠨ ᠬᠦᠴᠤᠯᠡᠴᠡ ᠪᠠᠨ ᠲᠠᠰᠤᠷᠠᠯᠲᠠ | ᠦᠭᠡᠢ ᠨᠡᠮᠡᠭᠳᠡᠬᠦᠯᠵᠤ᠂ ᠤᠳᠤ ᠦᠶ᠎ᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠬᠳᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠨᠠᠰᠤᠲᠠᠶᠢᠴᠤᠳ ᠤᠨ ᠬᠠᠮᠤᠭ ᠠᠴᠠ ᠠᠩᠬᠠᠷᠴᠤ ᠪᠠᠶᠢᠭ᠎ᠠ ᠡᠷᠡᠭᠦᠯ ᠮᠡᠨᠳᠦ ᠡᠮ ᠡᠮᠨᠡᠯᠭᠡ᠂ ᠠᠮᠢᠳᠤᠷᠠᠯ ᠤᠨ ᠬᠠᠷᠠᠭᠠᠯᠵᠠᠯ ᠵᠡᠷᠭᠡ ᠠᠰᠠᠭᠤᠳᠠᠯ ᠢ ᠦᠨᠡᠨᠬᠦ ᠰᠠᠶᠢᠲᠤᠷ | ᠰᠢᠢᠳᠪᠦᠷᠢᠯᠡᠬᠦ ᠬᠡᠷᠡᠭᠲᠡᠢ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠨᠠᠰᠤᠲᠠᠶᠢᠴᠤᠳ ᠢ ᠪᠥᠬᠦ ᠲᠠᠯ᠎ᠠ ᠪᠠᠷ ᠬᠠᠯᠠᠮᠵᠢᠯᠠᠨ ᠬᠠᠶᠢᠷᠠᠯᠠᠵᠤ᠂ ᠨᠠᠰᠤᠲᠠᠶᠢᠴᠤᠳ ᠤᠨ ᠦᠵᠡᠵᠦ ᠰᠣᠨᠢᠷᠬᠠᠬᠤ ᠳᠤᠷᠠᠲᠠᠢ ᠰᠣᠶᠣᠯ ᠪᠡᠶ᠎ᠡ ᠶᠢᠨ ᠲᠠᠮᠢᠷ ᠵᠤᠭ᠎ᠠ | ᠴᠡᠩᠭᠡᠯ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠦᠨᠡᠨ ᠰᠡᠳᠬᠢᠯ | ᠠᠴᠠ ᠪᠠᠨ ᠰᠠᠶᠢᠲᠤᠷ ᠬᠢᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠳᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠭᠡᠷᠡᠭᠳᠡᠢ᠃ | ᠡᠷᠤᠭᠡ ᠶᠢᠨ ᠵᠣᠷᠯᠣᠩ ᠢ ᠥᠭᠡᠷᠡᠴᠢᠯᠡᠬᠦ ᠶᠢ ᠠᠬᠢᠭᠤᠯᠬᠤ᠂ ᠠᠷᠢᠭᠤᠨ ᠴᠡᠪᠡᠷ ᠳᠤᠯᠠᠭᠠᠯᠠᠭ᠎ᠠ ᠶᠢ ᠳᠡᠯᠭᠡᠷᠡᠭᠦᠯᠬᠦ ᠠᠵᠢᠯ ᠢ ᠭᠠᠵᠠᠷ ᠤᠷᠤᠨ ᠳᠤᠨᠢ ᠲᠣᠬᠢᠷᠠᠭᠤᠯᠤᠨ | ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠴᠢᠨᠠᠷᠵᠢᠯ ᠢ ᠪᠦᠲᠦᠮᠵᠢᠲᠡᠢ | ᠳᠡᠭᠡᠭᠰᠢᠯᠡᠭᠦᠯᠵᠦ᠂ ᠰᠢᠲᠠᠭᠠᠯᠭ᠎ᠠ ᠶᠢᠨ ᠨᠡᠭᠦᠷᠡᠰᠦ ᠶᠢᠨ ᠰᠤᠯᠠ ᠵᠠᠳᠠᠭᠠᠢ ᠰᠢᠲᠠᠭᠠᠯᠭ᠎ᠠ ᠶᠢᠨ ᠪᠣᠬᠢᠷᠲᠤᠯ ᠢ ᠪᠠᠭᠠᠰᠬᠠᠨ᠂ ᠥᠭᠡᠷᠡᠴᠢᠯᠡᠨ ᠪᠠᠶᠢᠭᠤᠯᠬᠤ ᠶᠠᠪᠤᠴᠠ ᠳᠤ | ᠪᠠᠷᠢᠮᠵᠢᠶ᠎ᠠ ᠶᠢ ᠴᠢᠩᠳᠠᠯᠠᠵᠤ᠂ ᠶᠠᠰᠤ ᠴᠢᠨᠠᠷ ᠢ ᠴᠢᠩᠭ᠎ᠠ ᠠᠳᠬᠤᠨ᠂ ᠲᠦᠷᠦᠯ ᠵᠦᠢᠯ ᠤᠨ ᠨᠥᠬᠦᠪᠦᠷᠢ ᠵᠢᠴᠢ ᠬᠤᠶᠢᠰᠢᠳᠠ ᠶᠢᠨ ᠪᠠᠲᠤᠯᠠᠭ᠎ᠠ ᠦᠢᠯᠡᠴᠢᠯᠡᠭᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠵᠢᠩᠬᠢᠨᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠶᠢ ᠪᠠᠲᠤᠯᠠᠬᠤ | ᠬᠡᠷᠡᠭᠲᠡᠢ᠃ | ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠭᠦᠢᠴᠡᠳ | ᠪᠡᠯᠡᠳᠬᠡᠵᠦ᠂ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢ ᠲᠠᠷᠬᠠᠭᠠᠬᠤ ᠠᠵᠢᠯ ᠢ ᠲᠥᠪ ᠭᠤᠣᠯᠴᠢ ᠵᠦᠢ ᠵᠣᠬᠢᠰᠲᠠᠢ ᠰᠠᠶᠢᠲᠤᠷ ᠬᠢᠵᠦ᠂ ᠰᠠᠭᠤᠭᠠᠯᠢ ᠠᠷᠠᠳ ᠤᠨ | ᠡᠪᠦᠯ ᠢ ᠳᠤᠯᠠᠭᠠᠨ ᠥᠩᠭᠡᠷᠡᠭᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ | ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠢᠳᠡᠪᠬᠢᠲᠡᠢ ᠪᠠᠷ ᠬᠥᠲᠥᠯᠥᠨ | ᠵᠢᠯᠤᠭᠤᠳᠬᠤ ᠪᠠ ᠲᠡᠳᠬᠦᠨ ᠳᠡᠮᠵᠢᠵᠦ᠂ ᠳᠠᠭᠠᠭᠤᠯᠤᠬᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ | ᠳᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠪᠡ᠃ | ᠵᠢᠷᠤᠭ ᠄10 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ | ᠳᠠᠷᠤᠭ᠎ᠠ ᠸᠠᠩ ᠭᠦᠸᠧ ᠴᠢᠤᠸᠠᠨ ᠱᠢ ᠡᠯ ᠯᠢᠶᠠᠨ ᠴᠧᠩ ᠰᠢᠶᠠᠩ ᠤᠨ ᠨᠠᠰᠤᠲᠠᠨ ᠢ ᠠᠰᠠᠷᠠᠬᠤ ᠬᠦᠷᠢᠶᠡᠯᠡᠩ ᠳᠤ ᠣᠳᠣᠬᠢᠴᠢᠯᠠᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠳᠤᠬᠳᠠᠯᠴᠠᠭ᠎ᠠ ᠶᠢᠨ ᠪᠠᠶᠢᠭᠤᠯᠤᠯᠲᠠ ᠶᠢ ᠪᠠᠶᠢᠴᠠᠭᠠᠨ ᠰᠤᠳᠤᠯᠤᠭᠰᠠᠨ ᠪᠥᠭᠡᠳ ᠪᠤᠯᠭᠤᠭᠠᠨ ᠳᠤᠬᠤᠨᠢᠭᠤᠯᠭ᠎ᠠ ᠬᠢᠪᠡ᠃ ᠾᠧ | ᠽᠢ ᠯᠦᠩ ᠰᠡᠭᠦᠳᠡᠷᠯᠡᠪᠡ | ᠸᠠᠩ ᠭᠦᠸᠧ ᠴᠢᠤᠸᠠᠨ ᠭᠡᠯᠡᠬᠦ ᠳᠡᠭᠡᠨ᠂ ᠬᠠᠷᠢᠶ᠎ᠠ ᠭᠠᠵᠠᠷ ᠤᠨ ᠰᠢᠶᠠᠩ ᠪᠠᠯᠭᠠᠰᠤ ᠪᠣᠯᠣᠨ ᠬᠠᠪᠰᠤᠷᠤᠨ ᠲᠡᠳᠬᠦᠬᠦ ᠨᠢᠭᠡᠴᠢ ᠶᠢᠨ ᠬᠢᠨ ᠶᠠᠳᠠᠭᠤ ᠠᠴᠠ | ᠠᠩᠭᠢᠵᠢᠷᠠᠬᠰᠠᠨ ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠠᠩᠬᠠᠷᠤᠨ ᠬᠠᠯᠠᠮᠵᠢᠯᠠᠵᠤ᠂ ᠠᠰᠠᠭᠤᠨ ᠰᠤᠷᠪᠤᠯᠵᠢᠯᠠᠵᠤ ᠬᠢᠨᠠᠨ ᠬᠡᠮᠵᠢᠬᠦ ᠶᠢ | ᠴᠢᠩᠭᠠᠳᠬᠠᠵᠤ᠂ ᠶᠠᠳᠠᠭᠤ ᠠᠴᠠ ᠠᠩᠭᠢᠵᠢᠷᠠᠬᠰᠠᠨ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠪᠣᠯᠣᠨ ᠠᠵᠢᠯ ᠣᠯᠭᠤᠯᠲᠠ ᠶᠢ ᠠᠬᠢᠭᠤᠯᠬᠤ ᠪᠠᠷ ᠭᠤᠣᠯᠳᠠᠭᠤᠯᠵᠤ᠂ | ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ | ᠲᠠᠰᠤᠷᠠᠯᠲᠠ ᠦᠭᠡᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠬᠤ ᠶᠢ ᠪᠠᠲᠤᠯᠠᠬᠤ ᠬᠡᠷᠡᠭᠲᠡᠢ᠃ ᠠᠮᠢ ᠠᠬᠤᠢ ᠶᠢᠨ ᠤᠰᠤᠨ ᠤ | ᠡᠬᠢ ᠰᠤᠷᠪᠤᠯᠵᠢ ᠶᠢᠨ ᠢᠨᠵᠧᠨᠧᠷᠢᠩ ᠤᠨ ᠬᠤᠭᠤᠯᠠᠢ ᠳᠤᠤᠷ ᠤᠨ ᠳᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠬᠠᠳᠠᠭᠠᠯᠠᠵᠤ ᠲᠡᠭᠡᠭᠡᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠳᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠤᠤᠭᠤᠬᠤ | ᠤᠰᠤ᠂ ᠤᠰᠤ ᠬᠡᠷᠡᠭᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ ᠭᠡᠪᠡ᠃ | | | |