10 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ | ᠸᠠᠩ ᠭᠦᠸᠧ ᠴᠢᠤᠸᠠᠨ ᠤᠷᠢᠳ ᠬᠤᠵᠢᠳ ᠯᠦᠩᠺᠧᠦ ᠪᠠᠯᠭᠠᠰᠤᠨ ᠤ ᠮᠤᠷᠢᠨᠬᠠᠰᠢᠶᠠ ᠲᠣᠰᠬᠤᠨ ᠂ ᠬᠦᠡᠭᠬᠡ ᠶᠢᠨ ᠰᠢᠯᠢ ᠲᠣᠰᠬᠤᠨ ᠂ ᠱᠠ ᠶᠧ ᠼᠦᠨ ᠲᠣᠰᠬᠤᠨ ᠂ | ᠸᠧᠢ ᠵᠢᠶᠠ ᠮᠣᠣ ᠪᠠᠯᠭᠠᠰᠤ ᠶᠢᠨ ᠨᠡᠶᠢᠭᠡᠮ ᠲᠣᠭᠤᠷᠢᠭ ᠤᠨ ᠠᠵᠢᠯᠯᠠᠭᠠᠨ ᠤ ᠲᠦᠪ ᠪᠠ ᠵᠦᠵᠢᠶᠠᠩ ᠺᠣᠮᠫᠠᠨᠢ ᠶᠢᠨ ᠰᠢᠨ᠎ᠡ ᠪᠠᠷ ᠪᠠᠶᠢᠭᠤᠯᠬᠤ ᠠᠮᠢᠳᠤᠷᠠᠯ ᠤᠨ | ᠲᠣᠭᠤᠷᠢᠭ ᠤᠨ ᠪᠠᠷᠢᠯᠭ᠎ᠠ ᠶᠢᠨ ᠰᠤᠩᠭᠤᠬᠰᠠᠨ ᠭᠠᠵᠠᠷ ᠂ ᠵᠢᠶᠠᠨ ᠲᠸᠤ ᠤᠯᠤᠰ ᠤᠨ ᠴᠠᠬᠢᠯᠭᠠᠨ ᠬᠦᠴᠦᠨ ᠤ ᠴᠠᠩ ᠲᠠᠨ ᠴᠠᠬᠢᠯᠭᠠᠨ ᠤ ᠦᠢᠯᠡᠳᠪᠦᠷᠢ ᠶᠢᠨ ᠲᠦᠷᠦᠯ | ᠵᠦᠢᠯ ᠂ ᠸᠧᠢ ᠵᠢᠶᠠ ᠮᠣᠣ ᠪᠠᠯᠭᠠᠰᠤᠨ ᠲᠣᠭᠤᠷᠢᠭ ᠤᠨ ᠵᠠᠮ ᠱᠤᠭᠤᠮ ᠥᠭᠡᠷᠡᠴᠢᠯᠡᠬᠦ ᠪᠠᠷᠢᠯᠭ᠎ᠠ ᠶᠢᠨ ᠲᠦᠷᠦᠯ ᠵᠦᠢᠯ ᠤᠨ ᠠᠬᠤᠢ ᠲᠠᠯᠠᠪᠠᠢ ᠳᠤ ᠬᠦᠷᠴᠤ ᠂ | ᠲᠣᠰᠬᠤᠨ ᠤ ᠬᠠᠮᠲᠤ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ | ᠦᠷ᠎ᠡ ᠪᠦᠲᠦᠭᠡᠯ ᠢ ᠬᠢᠨᠠᠨ ᠰᠢᠯᠭᠠᠵᠤ ᠰᠢᠯᠭᠠᠨ ᠬᠤᠷᠢᠶᠠᠬᠤ ᠠᠵᠢᠯ ᠢ ᠪᠠᠬᠢᠵᠢᠬᠦᠯᠦᠨ ᠦᠷᠬᠡᠳᠬᠡᠬᠦ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠦ ᠂ ᠵᠠᠷᠢᠮ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠠᠰᠠᠭᠤᠨ | ᠰᠤᠷᠪᠤᠯᠵᠢᠯᠠᠪᠠ ᠃ | 10 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ | ᠸᠠᠩ ᠭᠦᠸᠧ ᠴᠢᠦᠸᠠᠨ ᠯᠦᠩᠺᠧᠦ ᠪᠠᠯᠭᠠᠰᠤᠨ ᠳᠤ ᠬᠦᠷᠴᠤ ᠬᠠᠲᠤᠨ ᠭᠤᠣᠯ ᠤᠨ ᠰᠢ ᠺᠸᠤ ᠴᠢᠩ ᠵᠤᠭᠠᠴᠠᠯ ᠤᠨ ᠬᠥᠭᠵᠢᠯᠲᠡ ᠶᠢᠨ ᠲᠦᠷᠦᠯ ᠵᠦᠢᠯ ᠳᠤ | ᠪᠠᠶᠢᠴᠠᠭᠠᠨ ᠰᠤᠳᠤᠯᠤᠯᠳᠠ ᠬᠢᠪᠠ ᠃ | 10 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ | ᠸᠠᠩ ᠭᠦᠸᠧ ᠴᠢᠤᠸᠠᠨ ᠯᠦᠩᠺᠧᠦ ᠪᠠᠯᠭᠠᠰᠤᠨ ᠤ ᠱᠠ ᠶᠧ ᠼᠦᠨ ᠲᠣᠰᠬᠤᠨ ᠳᠤ ᠬᠦᠷᠴᠤ ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ | ᠦᠷ᠎ᠡ ᠪᠦᠲᠦᠭᠡᠯ ᠢ ᠬᠢᠨᠠᠨ ᠰᠢᠯᠭᠠᠵᠤ ᠰᠢᠯᠭᠠᠨ ᠬᠤᠷᠢᠶᠠᠬᠤ ᠠᠵᠢᠯ ᠢ ᠪᠠᠬᠢᠵᠢᠭᠦᠯᠦᠨ ᠦᠷᠬᠡᠳᠬᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠠ ᠃ ᠾᠧ ᠽᠢ | ᠯᠦᠩ ᠰᠡᠭᠦᠳᠡᠷᠯᠡᠪᠡ | ᠸᠠᠩ ᠭᠦᠸᠧ ᠴᠢᠤᠸᠠᠨ ᠬᠡᠯᠡᠬᠦ ᠳᠡᠭᠡᠨ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠰᠠᠶᠢᠲᠤᠷ | ᠬᠥᠭᠵᠢᠭᠦᠯᠵᠦ ᠂ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢ ᠰᠠᠶᠢᠳᠤᠷ ᠠᠮᠢᠳᠤᠯᠢᠭ ᠬᠡᠷᠡᠭᠯᠡᠵᠦ ᠂ ᠰᠣᠶᠣᠯ ᠵᠤᠭᠠᠴᠠᠯ ᠤᠨ ᠠᠵᠤ ᠦᠢᠯᠡᠰ ᠪᠠ | ᠲᠣᠰᠬᠤᠨ ᠤ ᠬᠠᠮᠲᠤ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ ᠂ ᠲᠣᠰᠬᠤᠨ ᠤ ᠠᠷᠠᠳ ᠤᠨ ᠰᠤᠯᠠ ᠰᠡᠯᠡᠬᠦᠦ ᠡᠬᠢ | ᠪᠠᠶᠠᠯᠢᠭ ᠢ ᠪᠥᠬᠦ ᠲᠠᠯ᠎ᠠ ᠪᠠᠷ ᠠᠮᠢᠳᠤᠯᠢᠭ ᠪᠤᠯᠭᠠᠵᠦ ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠥᠪᠡᠷᠮᠢᠴᠡ ᠣᠨᠴᠠᠯᠢᠭ ᠪᠦᠬᠦᠢ ᠬᠡᠪ | ᠵᠠᠭᠪᠤᠷ ᠢ ᠴᠢᠷᠮᠠᠶᠢᠨ ᠪᠣᠶ ᠪᠣᠯᠭᠠᠵᠤ ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠣᠯᠠᠨ ᠠᠷᠭ᠎ᠠ ᠵᠠᠮ ᠢᠶᠠᠷ ᠠᠬᠢᠭᠤᠯᠬᠤ ᠬᠡᠷᠡᠭᠲᠡᠢ ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠵᠦ ᠬᠠᠪᠰᠤᠷᠤᠨ ᠲᠡᠳᠬᠦᠬᠦ ᠠᠵᠢᠯ ᠢ ᠦᠨᠡᠨᠬᠦ ᠰᠠᠶᠢᠲᠤᠷ ᠬᠢᠵᠦ ᠂ ︽ ᠭᠤᠷᠪᠠ ᠶᠢ ᠪᠠᠲᠤᠯᠠᠬᠤ ︾ ᠪᠠ ᠤᠰᠤ ᠤᠮᠳᠠ ᠶᠢᠨ ᠠᠮᠤᠷ ᠲᠦᠪᠰᠢᠨ ᠢ ᠬᠦᠴᠦᠯᠡᠨ | ᠳᠡᠭᠡᠭᠰᠢᠯᠡᠭᠦᠯᠵᠦ ᠂ ᠶᠠᠳᠠᠭᠤ ᠠᠴᠠ ᠠᠩᠭᠢᠵᠢᠷᠠᠬᠰᠠᠨ ᠤᠯᠠᠨ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠃ | ᠬᠥᠳᠡᠭᠡ ᠲᠣᠰᠬᠤᠨ ᠤ ᠲᠥᠪᠯᠡᠷᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠶᠡᠭᠡ ᠪᠠᠷ ᠬᠥᠭᠵᠢᠭᠦᠯᠦᠨ ᠪᠦᠲᠦᠭᠡᠨ ᠪᠠᠶᠢᠭᠤᠯᠵᠤ ᠂ ᠬᠥᠳᠡᠭᠡ | ᠲᠣᠰᠬᠤᠨ ᠤ ᠭᠤᠤᠨᠢ ᠭᠠᠭᠴᠠ ᠨᠠᠰᠤᠳᠠᠨ ᠤ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ ᠂ ᠥᠲᠡᠯᠦᠭᠡ ᠨᠠᠰᠤᠨ ᠤ | ᠠᠮᠢᠳᠤᠷᠠᠯ ᠤᠨ ᠬᠢᠨᠢ ᠵᠣᠯ ᠵᠢᠷᠭᠠᠯ ᠲᠠᠢ ᠂ ᠠᠮᠤᠷ ᠠᠮᠤᠭᠤᠯᠠᠩ ᠪᠠᠶᠢᠬᠤ ᠶᠢ ᠪᠠᠲᠤᠯᠠᠬᠤ ᠬᠡᠷᠡᠭᠲᠡᠢ ᠃ | ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠲᠡᠭᠡᠷ᠎ᠠ ᠠᠩᠬᠠᠷᠤᠯ ᠢᠶᠠᠨ ᠲᠥᠪᠯᠡᠷᠡᠭᠦᠯᠵᠦ ᠂ ᠠᠵᠤ ᠠᠬᠤᠶᠢᠯᠠᠯ ᠢ ᠪᠥᠬᠦ | ᠬᠦᠴᠦᠨ ᠢᠶᠠᠷ ᠢᠶᠠᠨ ᠬᠠᠪᠰᠤᠷᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠰᠢᠢᠳᠪᠦᠷᠢᠯᠡᠵᠦ ᠂ ᠭᠤᠣᠯᠳᠠᠯᠭ᠎ᠠ ᠲᠠᠢ ᠡᠨᠧᠷᠭᠢ ᠶᠢᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠢ ᠃ | ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤ ᠪᠠᠷ ᠪᠠᠶᠢᠭᠤᠯᠬᠤ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ ᠂ ᠡᠮᠦᠨᠡᠬᠢ | ᠬᠤᠭᠤᠴᠠᠭᠠᠨ ᠤ ᠭᠠᠷ ᠭᠦᠢᠴᠡᠳᠭᠡᠯ ᠢ ᠴᠢᠩᠭ᠎ᠠ ᠠᠳᠬᠤᠵᠤ ᠂ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ ᠢᠵᠢ | ᠪᠦᠷᠢᠳᠦᠬᠦᠯᠵᠦ ᠂ ᠲᠦᠷᠦᠯ ᠵᠦᠢᠯ ᠢ ᠠᠯᠢ ᠲᠦᠷᠬᠡᠨ ᠢᠶᠠᠷ ᠨᠠᠶᠢᠳᠠᠪᠤᠷᠢᠵᠢᠭᠤᠯᠤᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ | ᠴᠢᠩᠭᠠᠳᠬᠠᠵᠤ ᠂ ᠪᠠᠷᠢᠯᠭ᠎ᠠ ᠶᠢᠨ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠂ ᠸᠧᠢ ᠵᠢᠶᠠ ᠮᠣᠣ ᠪᠠᠯᠭᠠᠰᠤᠨ ᠲᠣᠭᠤᠷᠢᠭ ᠤᠨ ᠵᠠᠮ | ᠱᠤᠭᠤᠮ ᠢ ᠥᠭᠡᠷᠡᠴᠢᠯᠡᠬᠦ ᠪᠠᠷᠢᠯᠭ᠎ᠠ ᠶᠢᠨ ᠲᠦᠷᠦᠯ ᠵᠦᠢᠯ ᠢ ᠡᠷᠲᠡᠬᠡᠨ ᠪᠠᠶᠢᠭᠤᠯᠤᠨ ᠲᠡᠷᠭᠡ ᠨᠡᠪᠲᠡᠷᠡᠭᠦᠯᠬᠦ ᠶᠢ ᠠᠬᠢᠭᠤᠯᠬᠤ ᠬᠡᠷᠡᠭᠲᠡᠢ ᠬᠡᠪᠡ ᠃ | 10 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ | ᠸᠠᠩ ᠭᠦᠸᠧ ᠴᠢᠤᠸᠠᠨ ᠯᠦᠩᠺᠧᠦ ᠪᠠᠯᠭᠠᠰᠤᠨ ᠤ ᠱᠠ ᠶᠧ ᠼᠦᠨ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠯᠢᠦ ᠷᠦᠩ ᠬᠤᠸᠠ ᠶᠢᠨ ᠬᠢᠨ ᠳᠤ | ᠬᠦᠷᠴᠦ ᠠᠰᠠᠭᠤᠨ ᠰᠤᠷᠪᠤᠯᠵᠢᠯᠠᠪᠠ ᠃ ᠾᠧ ᠽᠢ ᠯᠦᠩ ᠰᠡᠭᠦᠳᠡᠷᠯᠡᠪᠡ | ᠶᠠᠳᠠᠭᠤ ᠠᠴᠠ ᠠᠩᠭᠢᠵᠢᠷᠠᠭᠰᠠᠨ ᠡᠷᠦᠬᠡ ᠪᠠᠷ ᠬᠦᠷᠴᠤ ᠰᠤᠷᠪᠤᠯᠵᠢᠯᠠᠬᠤ ᠦᠶ᠎ᠠ ᠳᠤ ᠂ ᠸᠠᠩ ᠭᠦᠸᠧ ᠴᠢᠤᠸᠠᠨ ᠠᠬᠤᠢ ᠲᠠᠯᠠᠪᠡᠢ ᠳᠤ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠣᠷᠣᠨ ᠰᠠᠭᠤᠴᠠ ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠠᠮᠢᠳᠤᠷᠠᠯ ᠤᠨ ᠪᠠᠲᠤᠯᠠᠭ᠎ᠠ ᠶᠢᠨ ᠪᠠᠶᠢᠳᠠᠯ ᠢ ᠪᠠᠶᠢᠴᠠᠭᠠᠨ | ᠦᠵᠡᠭᠰᠡᠨ ᠪᠥᠭᠡᠳ ᠲᠡᠳᠡᠨ ᠲᠠᠢ ᠳᠣᠲᠣᠨᠣ ᠪᠠᠷ ᠶᠠᠷᠢᠯᠴᠠᠵᠤ ᠂ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠂ ᠣᠷᠣᠯᠭ᠎ᠠ ᠶᠢᠨ ᠪᠠᠶᠢᠳᠠᠯ ᠪᠠ ᠰᠤᠷᠭᠠᠨ ᠬᠥᠮᠦᠵᠢᠯ ᠂ | ᠡᠮ ᠡᠮᠨᠡᠯᠭᠡ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠨᠠᠷᠢᠨ ᠠᠰᠠᠭᠤᠨ ᠯᠠᠪᠯᠠᠪᠠ ᠃ ᠸᠠᠩ ᠭᠦᠸᠧ ᠴᠢᠤᠸᠠᠨ ᠬᠠᠮᠢᠶ᠎ᠠ ᠪᠦᠬᠦᠢ | ᠬᠠᠷᠢᠭᠤᠴᠠᠯᠭ᠎ᠠ ᠶᠢᠨ ᠬᠦᠮᠦᠨ ᠢ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠠᠩᠬᠠᠷᠤᠨ ᠬᠠᠯᠠᠮᠵᠢᠯᠠᠵᠤ ᠂ | ᠠᠰᠠᠭᠤᠨ ᠰᠤᠷᠪᠤᠯᠵᠢᠯᠠᠵᠤ ᠬᠢᠨᠠᠨ ᠬᠡᠮᠵᠢᠬᠦ ᠠᠵᠢᠯ ᠢ ᠪᠠᠶᠢᠡᠭᠭᠤᠵᠢᠭᠤᠯᠤᠨ ᠥᠷᠨᠢᠭᠦᠯᠵᠦ ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠶᠠᠳᠠᠭᠤ ᠠᠴᠠ | ᠠᠩᠭᠢᠵᠢᠷᠠᠭᠰᠠᠨ ᠤᠯᠠᠨ ᠲᠦᠮᠡᠨ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠂ ᠬᠦᠴᠦᠲᠡᠢ ᠠᠵᠢᠯᠯᠠᠭ᠎ᠠ ᠂ ᠯᠠᠪᠳᠠᠭᠤᠨ ᠪᠠᠲᠤᠲᠠᠢ ᠠᠷᠭ᠎ᠠ | ᠪᠠᠷᠢᠯ ᠢᠶᠠᠷ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠬᠠᠪᠰᠤᠷᠤᠨ ᠣᠷᠣᠯᠭ᠎ᠠ ᠪᠠᠨ ᠨᠡᠮᠡᠭᠳᠡᠭᠦᠯᠦᠨ ᠣᠷᠣᠯᠭ᠎ᠠ ᠡᠭᠦᠳᠴᠦ ᠂ ᠬᠡᠪᠴᠢᠶᠡᠵᠢᠯ ᠤᠨ ᠴᠢᠨᠠᠷᠲᠠᠢ | ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠠᠬᠢᠪᠠ ᠃ | |