ᠭᠠᠵᠠᠷ ᠰᠢᠷᠤᠢ ᠪᠠᠨ ᠲᠠᠳᠠᠪᠤᠷᠢᠯᠠᠬᠳᠠᠵᠦ ᠨᠤᠷᠠᠭᠠᠨ ᠨᠡᠬᠦᠯᠭᠡᠭᠰᠡᠨ ᠲᠠᠷᠢᠶᠠᠴᠢᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ | ᠳᠤᠰᠠᠳᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠡᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠳᠡ ᠶᠢᠨ ᠬᠠᠤᠯᠢ︾᠂ ︽ᠪᠦᠬᠦᠳᠡ ᠨᠠᠶᠢᠷᠠᠮᠳᠠᠬᠤ | ᠳᠤᠮᠳᠠᠳᠤ ᠠᠷᠡᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠳᠡ ᠶᠢᠨ ᠬᠠᠤᠯᠢ ᠶᠢ ᠬᠡᠷᠡᠭᠵᠢᠬᠦᠯᠬᠦ ᠲᠦᠷᠢᠮ︾ ᠵᠡᠷᠬᠡ ᠬᠠᠤᠯᠢ ᠴᠠᠭᠠᠵᠠ ᠳᠦᠷᠢᠮ ᠳᠤᠬᠳᠠᠭᠠᠯ ᠢ | ᠦᠨᠳᠦᠰᠦᠯᠡᠵᠤ᠂ ᠡᠮᠦᠨᠡᠬᠢ ᠬᠤᠭᠤᠴᠠᠭᠠᠨ ᠤ ᠭᠠᠵᠠᠷ ᠰᠢᠷᠤᠢ ᠶᠢᠨ ᠤᠳᠤᠬᠢ ᠪᠠᠶᠢᠳᠠᠯ ᠤᠨ ᠪᠠᠶᠢᠴᠠᠭᠠᠯᠳᠠ ᠪᠠ ᠨᠡᠶᠢᠬᠡᠮ ᠤᠨ ᠳᠤᠬᠳᠠᠭᠤᠨ ᠪᠠᠶᠢᠳᠠᠯ ᠤᠨ | ᠳᠦᠭᠰᠢᠬᠦᠷᠢ ᠶᠢᠨ ᠦᠨᠡᠯᠡᠯᠳᠡ ᠪᠠᠷ ᠳᠠᠮᠵᠢᠨ᠂ ᠦᠪᠤᠷ ᠮᠤᠩᠭᠤᠯ ᠤᠨ ᠵᠢᠤᠢ ᠰᠢᠶᠠᠩ ᠨᠡᠬᠦᠷᠡᠰᠤᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠶᠠᠩ | ᠲᠠ ᠨᠡᠬᠦᠷᠡᠰᠤᠨ ᠠᠭᠤᠷᠬᠠᠢ ᠶᠢᠨ ᠨᠡᠬᠦᠷᠡᠰᠤᠨ ᠴᠢᠯᠠᠭᠤ ᠶᠢ ᠡᠬᠢ ᠪᠠᠶᠠᠯᠢᠬᠵᠢᠭᠤᠯᠤᠨ ᠶᠡᠷᠦᠩᠬᠡᠶᠢᠯᠡᠨ ᠠᠰᠢᠬᠯᠠᠬᠤ ᠳᠦᠷᠦᠯ ᠵᠦᠢᠯ ᠤᠨ ᠭᠠᠵᠠᠷ ᠰᠢᠷᠤᠢ ᠶᠢ | ᠲᠠᠳᠠᠪᠤᠷᠢᠯᠠᠨ ᠨᠦᠬᠦᠪᠦᠷᠢ ᠤᠯᠭᠤᠵᠤ ᠳᠦᠪᠬᠢᠨᠡᠬᠦᠯᠬᠦ ᠳᠦᠰᠤᠯ ᠤᠨ ᠠᠯᠪᠠᠨ ᠵᠠᠷᠯᠠᠯ ᠢ ᠲᠤᠤᠷᠡᠬᠢ ᠮᠡᠳᠤ ᠨᠡᠶᠢᠳᠡᠯᠡᠪᠡ᠄ | ᠨᠢᠬᠡ᠂ ᠭᠠᠵᠠᠷ ᠰᠢᠷᠤᠢ ᠶᠢ ᠳᠠᠳᠠᠪᠤᠷᠢᠯᠠᠬᠤ ᠬᠦᠷᠢᠶ᠎ᠡ ᠬᠡᠪᠴᠢᠶ᠎ᠡ᠂ ᠵᠤᠷᠢᠯᠭ᠎ᠠ ᠵᠢᠴᠢ ᠭᠠᠵᠠᠷ ᠰᠢᠷᠤᠢ ᠶᠢᠨ ᠤᠳᠤᠬᠢ ᠪᠠᠶᠢᠳᠠᠯ | ᠭᠠᠵᠠᠷ ᠰᠢᠷᠤᠢ ᠶᠢ ᠲᠠᠳᠠᠪᠤᠷᠢᠯᠠᠬᠤ ᠬᠡᠪᠴᠢᠶ᠎ᠠ ᠨᠢ ᠨᠠᠷᠡᠰᠤᠨ ᠪᠠᠯᠭᠠᠰᠤ ᠶᠢᠨ ᠠᠭᠤᠢ ᠶᠢᠨ ᠰᠦᠮ᠎ᠡ ᠳᠤᠰᠬᠤᠨ ᠤ ᠬᠢᠵᠠᠭᠠᠷ ᠲᠤ ᠪᠤᠢ ︵ᠪᠤᠳᠠᠳᠠᠢ ᠭᠠᠵᠠᠷ ᠢ ᠬᠠᠶᠢᠨ | ᠬᠡᠮᠵᠢᠵᠤ ᠵᠠᠭᠠᠬᠯᠠᠨ ᠳᠤᠬᠳᠠᠭᠠᠬᠰᠠᠨ ᠮᠡᠳᠡᠬᠦᠯᠦᠯᠳᠡ ᠠᠴᠠ ᠯᠠᠪᠯᠠᠭᠠᠷᠠᠢ︶᠃ | ᠳᠤᠰ ᠤᠳᠠᠭᠠᠨ ᠤ ᠳᠠᠳᠠᠪᠤᠷᠢᠯᠠᠬᠤ ᠪᠠᠷ ᠪᠠᠶᠢᠭ᠎ᠠ ᠭᠠᠵᠠᠷ ᠰᠢᠷᠤᠢ ᠶᠢᠨ ᠶᠡᠷᠦᠩᠬᠡᠢ ᠳᠠᠯᠠᠪᠠᠢ ᠨᠢ 34.5297 ᠡᠾᠧᠺᠲ᠋ᠠᠷ ᠪᠠᠶᠢᠵᠦ᠂ ᠬᠠᠮᠤᠭ ᠡᠴᠦᠰ ᠤᠨ ᠭᠠᠵᠠᠷ | ᠰᠢᠷᠤᠢ ᠶᠢ ᠳᠠᠳᠠᠪᠤᠷᠢᠯᠠᠬᠤ ᠪᠠᠷ ᠪᠠᠶᠢᠴᠠᠭᠠᠨ ᠲᠤᠭᠳᠠᠭᠠᠵᠦ ᠳᠠᠩᠰᠠᠯᠠᠭᠤᠯᠤᠬᠰᠠᠨ ᠳᠠᠯᠠᠪᠠᠢ ᠪᠠᠷ ᠪᠠᠷᠢᠮᠵᠢᠶ᠎ᠡ ᠪᠤᠯᠭᠠᠨ᠎ᠠ᠃ ᠳᠠᠳᠠᠪᠤᠷᠢᠯᠠᠬᠤ ᠵᠤᠷᠢᠯᠭ᠎ᠠ ᠨᠢ ᠦᠪᠤᠷ | ᠮᠤᠩᠭᠤᠯ ᠤᠨ ᠵᠢᠤᠢ ᠰᠢᠶᠠᠩ ᠨᠡᠬᠦᠷᠡᠰᠤᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠶᠠᠩ ᠲᠠ ᠨᠡᠬᠦᠷᠡᠰᠤᠨ ᠠᠭᠤᠷᠬᠠᠢ ᠶᠢᠨ ᠨᠡᠬᠦᠷᠡᠰᠤᠨ ᠴᠢᠯᠠᠭᠤ | ᠶᠢ ᠡᠬᠢ ᠪᠠᠶᠠᠯᠢᠬᠵᠢᠭᠤᠯᠤᠨ ᠶᠡᠷᠦᠩᠬᠡᠶᠢᠯᠡᠨ ᠠᠰᠢᠬᠯᠠᠬᠤ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠭᠠᠵᠠᠷ ᠪᠤᠯᠭᠠᠨ᠎ᠠ᠃ ᠭᠠᠵᠠᠷ ᠰᠢᠷᠤᠢ ᠶᠢᠨ ᠤᠳᠤᠬᠢ | ᠪᠠᠶᠢᠳᠠᠯ ᠢ ᠭᠠᠵᠠᠷ ᠰᠢᠷᠤᠢ ᠶᠢᠨ ᠪᠠᠶᠢᠴᠠᠭᠠᠯᠳᠠ ᠶᠢᠨ ᠦᠷ᠎ᠡ ᠳ᠋ᠥᠡᠭ ᠢᠶᠠᠷ ᠪᠠᠷᠢᠮᠵᠢᠶᠠᠯᠠᠨ᠎ᠠ᠃ | ᠬᠤᠶᠡᠷ᠂ ᠭᠠᠵᠠᠷ ᠰᠢᠷᠤᠢ ᠶᠢ ᠲᠠᠳᠠᠪᠤᠷᠢᠯᠠᠨ ᠨᠦᠬᠦᠪᠦᠷᠢ ᠤᠯᠭᠤᠬᠤ ᠪᠠᠷᠢᠮᠵᠢᠶ᠎ᠡ᠂ ᠳᠦᠪᠬᠢᠨᠡᠬᠦᠯᠬᠦ ᠠᠷᠭ᠎ᠠ ᠪᠠᠷᠢᠯ᠂ ᠨᠡᠶᠢᠬᠡᠮ ᠤᠨ ᠪᠠᠳᠤᠯᠠᠭ᠎ᠠ ᠵᠡᠷᠬᠡ | ᠶᠠᠪᠤᠳᠠᠯ ᠤᠳ | ︵ᠨᠢᠬᠡ︶ ᠭᠠᠵᠠᠷ ᠰᠢᠷᠤᠢ ᠶᠢᠨ ᠨᠦᠬᠦᠪᠦᠷᠢ ᠶᠢᠨ ᠵᠠᠷᠤᠳᠠᠯ ᠪᠠ ᠳᠦᠪᠬᠢᠨᠡᠬᠦᠯᠬᠦ ᠲᠡᠳᠬᠦᠮᠵᠢ ᠶᠢᠨ ᠵᠠᠷᠤᠳᠠᠯ ᠤᠨ ᠪᠠᠷᠢᠮᠵᠢᠶ᠎ᠡ᠃ ︽ᠦᠪᠤᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠭᠠᠵᠠᠷ ᠰᠢᠷᠤᠢ ᠶᠢ ᠳᠠᠳᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠳᠡᠯᠡᠬᠦ ᠳᠤᠬᠠᠢ ᠦᠪᠤᠷ ᠮᠤᠩᠭᠤᠯ | ᠤᠨ ᠦᠪᠡᠷᠳᠡᠬᠡᠨ ᠵᠠᠰᠠᠬᠤ ᠤᠷᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠳᠢᠩᠬᠢᠮ ᠤᠨ ᠮᠡᠳᠡᠭᠳᠡᠯ︾ ﹇ᠦᠪᠤᠷ ᠵᠠᠰᠠᠭ ᠠᠯᠪᠠᠨ ᠳᠠᠷᠬᠠᠭᠠᠬᠰᠠᠨ ﹇ | 2020﹈ 16 ᠲᠤᠭᠠᠳᠤ﹈ ᠪᠠ ︽ᠭᠠᠵᠠᠷ ᠰᠢᠷᠤᠢ ᠶᠢ ᠳᠠᠳᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠦᠬᠦᠪᠦᠷᠢᠯᠡᠨ ᠳᠤᠬᠳᠠᠭᠠᠬᠤ | ᠨᠦᠬᠦᠪᠦᠷᠢ ᠶᠢᠨ ᠪᠠᠷᠢᠮᠵᠢᠶ᠎ᠡ ᠶᠢ ᠨᠡᠶᠢᠳᠡᠯᠡᠬᠦ ᠳᠤᠬᠠᠢ ᠵᠡᠬᠦᠡᠭᠠᠷ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠳᠠᠮᠵᠢᠭᠤᠯᠤᠨ ᠲᠠᠷᠬᠠᠭᠠᠬᠰᠠᠨ ᠤᠷᠳᠤᠰ | ᠬᠤᠳᠠ ᠶᠢᠨ ᠠᠷᠡᠳ ᠤᠨ ᠵᠠᠰᠠᠭ ᠤᠨ ᠤᠷᠳᠤᠨ ᠤ ᠮᠡᠳᠡᠭᠳᠡᠯ ︾ ︵ᠵᠡᠬᠦᠡᠭᠠᠷ ᠵᠠᠰᠠᠭ ᠳᠠᠷᠬᠠᠭᠠᠬᠰᠠᠨ ﹇2023﹈ 4 ᠲᠤᠭᠠᠳᠤ︶ ᠵᠡᠷᠬᠡ ᠬᠤᠯᠪᠤᠬᠳᠠᠯ ᠪᠦᠬᠦᠢ | ᠪᠢᠴᠢᠭ ᠮᠠᠲ᠋ᠧᠷᠢᠶᠡᠯ ᠤᠨ ᠳᠤᠬᠳᠠᠭᠠᠯ ᠶᠤᠰᠤᠭᠠᠷ᠂ ᠭᠠᠵᠠᠷ ᠰᠢᠷᠤᠢ ᠪᠠᠨ ᠲᠠᠳᠠᠪᠤᠷᠢᠯᠠᠬᠳᠠᠬᠰᠠᠨ ᠨᠠᠷᠠᠰᠤᠨ ᠪᠠᠯᠭᠠᠰᠤ ᠶᠢᠨ ᠠᠭᠤᠢ ᠶᠢᠨ ᠰᠦᠮ᠎ᠡ ᠲᠤᠰᠬᠤᠨ ᠨᠢ | ᠵᠡᠬᠦᠡᠭᠠᠷ ᠬᠤᠰᠢᠭᠤᠨ ᠤ ᠭᠠᠵᠠᠷ ᠰᠢᠷᠤᠢ ᠶᠢ ᠳᠠᠳᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅱᠲᠦᠷᠦᠯ ᠳᠤ ᠬᠠᠷᠢᠶᠠᠯᠠᠬᠳᠠᠵᠦ᠂ ᠭᠠᠵᠠᠷ | ᠰᠢᠷᠤᠢ ᠶᠢᠨ ᠳᠦᠷᠦᠯ ᠤᠨ ᠨᠦᠬᠦᠪᠦᠷᠢ ᠶᠢᠨ ᠪᠠᠷᠢᠮᠵᠢᠶ᠎ᠡ ᠶᠢ ᠨᠢᠬᠡᠳᠦᠯᠳᠡᠢ ᠪᠠᠷ ᠤᠰᠤᠯᠠᠯᠳᠠ ᠶᠢᠨ ᠳᠠᠷᠢᠶ᠎ᠡ 59844 ᠲᠦᠬᠦᠷᠢᠭ \ ᠮᠤ᠋᠂ ᠬᠠᠭᠤᠷᠡᠢ ᠳᠠᠷᠢᠶ᠎ᠡ | 47875 ᠲᠦᠬᠦᠷᠢᠭ \ ᠮᠤ᠋᠂ ᠤᠶᠢᠳᠤ ᠭᠠᠵᠠᠷ 13405 ᠲᠦᠬᠦᠷᠢᠭ \ ᠮᠤ᠋᠂ ᠡᠪᠡᠰᠦᠳᠦ ᠭᠠᠵᠠᠷ 9575 ᠲᠦᠬᠦᠷᠢᠭ \ ᠮᠤ᠋᠂ ᠲᠠᠷᠢᠶᠠᠯᠠᠩ ᠳᠤ ᠬᠡᠷᠡᠭᠯᠡᠬᠦ | ᠪᠤᠰᠤᠳ ᠭᠠᠵᠠᠷ 9575 ᠲᠦᠬᠦᠷᠢᠭ \ ᠮᠤ᠋᠂ ᠪᠦᠳᠦᠬᠡᠨ ᠪᠠᠶᠢᠭᠤᠯᠤᠯᠳᠠ ᠳᠤ ᠬᠡᠷᠡᠭᠰᠡᠬᠦ ᠭᠠᠵᠠᠷ 42130 ᠲᠦᠬᠦᠷᠢᠭ \ ᠮᠤ᠋ ᠂ ᠠᠰᠢᠬᠯᠠᠭᠠᠳᠤᠢ ᠭᠠᠵᠠᠷ | 9575 ᠲᠦᠬᠦᠷᠢᠭ\ ᠮᠤ᠋ ᠪᠠᠷ ᠨᠦᠬᠦᠪᠦᠷᠢᠯᠡᠨ᠎ᠠ᠃ | ︵ᠬᠤᠶᠡᠷ︶ ᠬᠡᠷ ᠪᠠᠶᠢᠰᠢᠩ ᠢ ᠨᠤᠷᠠᠭᠠᠨ ᠨᠡᠬᠦᠯᠬᠡᠵᠤ ᠳᠦᠪᠬᠢᠨᠡᠬᠦᠯᠬᠦ᠂ ᠳᠦᠪᠬᠢᠨᠡᠬᠦᠯᠬᠦ ᠠᠷᠭ᠎ᠠ ᠮᠠᠶ᠋ᠢᠭ ᠵᠢᠴᠢ ᠭᠠᠵᠠᠷ ᠳᠡᠬᠡᠷᠡᠬᠢ ᠳᠠᠭᠠᠯᠳᠠ ᠪᠤᠳᠠᠰ ᠤᠨ | ᠨᠦᠬᠦᠪᠦᠷᠢ ᠶᠢᠨ ᠪᠠᠷᠢᠮᠵᠢᠶ᠎ᠡ᠃ ︽ᠭᠠᠵᠠᠷ ᠰᠢᠷᠤᠢ ᠶᠢ ᠳᠠᠳᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠦᠬᠦᠪᠦᠷᠢᠯᠡᠨ ᠳᠤᠬᠳᠠᠭᠠᠬᠤ | ᠨᠦᠬᠦᠪᠦᠷᠢ ᠶᠢᠨ ᠪᠠᠷᠢᠮᠵᠢᠶ᠎ᠡ ᠶᠢ ᠨᠡᠶᠢᠳᠡᠯᠡᠬᠦ ᠳᠤᠬᠠᠢ ᠵᠡᠬᠦᠡᠭᠠᠷ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠳᠠᠮᠵᠢᠭᠤᠯᠤᠨ ᠲᠠᠷᠬᠠᠭᠠᠬᠰᠠᠨ ᠤᠷᠳᠤᠰ | ᠬᠤᠳᠠ ᠶᠢᠨ ᠠᠷᠡᠳ ᠤᠨ ᠵᠠᠰᠠᠭ ᠤᠨ ᠤᠷᠳᠤᠨ ᠤ ᠮᠡᠳᠡᠭᠳᠡᠯ︾ ︵ᠵᠡᠬᠦᠡᠭᠠᠷ ᠵᠠᠰᠠᠭ ᠠᠯᠪᠠᠨ ᠳᠠᠷᠬᠠᠭᠠᠬᠰᠠᠨ ﹇2023﹈ 4 ᠲᠤᠭᠠᠳᠤ︶ ᠵᠢᠴᠢ ᠬᠤᠯᠪᠤᠬᠳᠠᠯ | ᠪᠦᠬᠦᠢ ᠪᠢᠴᠢᠭ ᠮᠠᠲ᠋ᠧᠷᠢᠶᠡᠯ ᠶᠤᠰᠤᠭᠠᠷ ᠬᠡᠷᠡᠭᠵᠢᠬᠦᠯᠦᠨ᠎ᠡ᠃ | ︵ᠭᠤᠷᠪᠡ︶ ᠨᠡᠶᠢᠬᠡᠮ ᠤᠨ ᠪᠠᠳᠤᠯᠠᠭ᠎ᠠ᠃ ᠭᠠᠵᠠᠷ ᠰᠢᠷᠤᠢ ᠪᠠᠨ ᠲᠠᠳᠠᠪᠤᠷᠢᠯᠠᠬᠳᠠᠬᠰᠠᠨ ᠲᠠᠷᠢᠶᠠᠴᠢᠳ ︽ ︿ᠵᠡᠬᠦᠡᠭᠠᠷ ᠬᠤᠰᠢᠭᠤᠨ ᠤ ᠭᠠᠵᠠᠷ ᠰᠢᠷᠤᠢ ᠪᠠᠨ | ᠲᠠᠳᠠᠪᠤᠷᠢᠯᠠᠭᠳᠠᠬᠰᠠᠨ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠵᠢᠨᠲ᠋ᠠᠭᠠᠳᠬᠠᠯ ᠤᠨ ᠳᠦᠷᠦ ᠶᠢᠨ ᠪᠤᠳᠤᠯᠭ᠎ᠠ ᠶᠢᠨ ᠳᠤᠬᠢᠷᠠᠭᠤᠯᠤᠯᠳᠠ ᠬᠢᠬᠦ ᠶᠢ ᠬᠡᠷᠡᠭᠵᠢᠬᠦᠯᠬᠦ | ᠳᠦᠰᠤᠯ﹀ ᠢ ᠲᠠᠷᠤᠮᠠᠯᠯᠠᠨ ᠳᠠᠷᠬᠠᠭᠠᠬᠤ ᠳᠤᠬᠠᠢ ᠵᠡᠬᠦᠡᠭᠠᠷ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ︾ ︵ᠵᠡᠬᠦᠡᠭᠠᠷ ᠵᠠᠰᠠᠭ | ᠠᠯᠪᠠᠨ ᠳᠠᠷᠬᠠᠭᠠᠬᠰᠠᠨ ﹇2021﹈ 110 ᠲᠤᠭᠠᠳᠤ︶ ᠶᠤᠰᠤᠭᠠᠷ ᠭᠠᠵᠠᠷ ᠰᠢᠷᠤᠢ ᠪᠠᠨ ᠠᠯᠳᠠᠬᠰᠠᠨ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠤᠷᠤᠯᠴᠠᠵᠦ᠂ ᠰᠠᠭᠤᠭ᠎ᠠ ᠭᠠᠵᠠᠷ ᠤᠨ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠤᠬᠢᠶᠠᠨ ᠪᠠᠶᠢᠭᠤᠯᠤᠨ | ᠬᠡᠷᠡᠭᠵᠢᠬᠦᠯᠦᠨ᠎ᠡ᠃ | ᠭᠤᠷᠪᠡ᠂ ᠭᠠᠵᠠᠷ ᠰᠢᠷᠤᠢ ᠳᠠᠳᠠᠪᠤᠷᠢᠯᠠᠬᠤ ᠠᠵᠢᠯ ᠤᠨ ᠶᠠᠪᠤᠴᠠ | ︽ᠵᠡᠬᠦᠡᠭᠠᠷ ᠬᠤᠰᠢᠭᠤᠨ ᠤ ᠬᠦᠳᠡᠭᠡ ᠳᠤᠰᠬᠤᠨ ᠤ ᠬᠠᠮᠳᠤ ᠶᠢᠨ ᠭᠠᠵᠠᠷ ᠰᠢᠷᠤᠢ ᠶᠢ ᠤᠷᠢᠳᠴᠢᠯᠠᠨ ᠳᠠᠳᠠᠪᠤᠷᠢᠯᠠᠬᠤ ︵ᠬᠡᠷᠡᠭᠯᠡᠬᠦ︶ ᠠᠵᠢᠯ ᠤᠨ ᠶᠠᠪᠤᠴᠠ ᠶᠢ | ᠳᠠᠷᠤᠮᠠᠯᠯᠠᠨ ᠳᠠᠷᠬᠠᠭᠠᠬᠤ ᠳᠤᠬᠠᠢ ᠵᠡᠬᠦᠡᠭᠠᠷ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠮᠡᠳᠡᠭᠳᠡᠯ︾ ︵ ᠵᠡᠬᠦᠡᠭᠠᠷ ᠵᠠᠰᠠᠭ ᠳᠠᠷᠬᠠᠭᠠᠬᠰᠠᠨ ﹇2017﹈ | 15 ᠳᠤᠭᠠᠳᠤ︶ ᠤᠨ ᠳᠤᠬᠳᠠᠭᠠᠯ ᠶᠤᠰᠤᠭᠠᠷ ᠬᠡᠷᠡᠭᠵᠢᠬᠦᠯᠦᠨ᠎ᠡ᠃ | ᠳᠦᠷᠪᠡ᠂ ᠨᠦᠬᠦᠪᠦᠷᠢ ᠶᠢᠨ ᠲᠠᠩᠰᠠᠯᠠᠯᠳᠠ | ᠳᠤᠰ ᠠᠯᠪᠠᠨ ᠵᠠᠷᠯᠠᠯ ᠢ ᠨᠡᠶᠢᠳᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠤᠳᠤᠷ᠎ᠡ᠂ ᠭᠠᠵᠠᠷ ᠰᠢᠷᠤᠢ ᠲᠠᠳᠠᠪᠤᠷᠢᠯᠠᠬᠳᠠᠬᠤ ᠪᠠᠷ ᠪᠠᠶᠢᠭ᠎ᠠ ᠬᠡᠪᠴᠢᠶᠡᠨ | ᠳᠤᠳᠤᠷᠡᠬᠢ ᠦᠮᠴᠢᠯᠡᠯ ᠤᠨ ᠡᠷᠬᠡ ᠲᠠᠢ ᠬᠦᠮᠦᠨ᠂ ᠬᠡᠷᠡᠭᠯᠡᠬᠦ ᠡᠷᠬᠡ ᠲᠠᠢ ᠬᠦᠮᠦᠨ ᠵᠢᠴᠢ ᠭᠠᠵᠠᠷ ᠳᠡᠬᠡᠷᠡᠬᠢ ᠳᠠᠭᠠᠯᠳᠠ ᠪᠤᠳᠠᠰ ᠤᠨ ᠦᠮᠴᠢᠯᠡᠯ ᠤᠨ ᠡᠷᠬᠡ ᠲᠠᠢ | ᠬᠦᠮᠦᠨ ᠨᠢ ᠬᠤᠯᠪᠤᠬᠳᠠᠯ ᠪᠦᠬᠦᠢ ᠬᠡᠷᠡᠴᠢᠯᠡᠬᠦ ᠮᠠᠲ᠋ᠧᠷᠢᠶᠡᠯ ᠢᠶᠠᠨ ᠠᠪᠴᠤ᠂ ᠰᠠᠭᠤᠭ᠎ᠠ ᠭᠠᠵᠠᠷ ᠤᠨ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠪᠤᠶᠤ ᠭᠠᠵᠠᠷ ᠰᠢᠷᠤᠢ ᠪᠠᠨ ᠳᠠᠳᠠᠪᠤᠷᠢᠯᠠᠬᠳᠠᠬᠰᠠᠨ ᠲᠤᠰᠬᠤᠨ ᠳᠤ ᠬᠦᠷᠴᠤ ᠨᠦᠬᠦᠪᠦᠷᠢ ᠶᠢᠨ ᠲᠠᠩᠰᠠᠯᠠᠯᠳᠠ ᠬᠢᠯᠬᠡᠵᠦ᠂ ᠬᠤᠭᠤᠴᠠᠭ᠎ᠠ ᠨᠢ ᠬᠡᠳᠦᠷᠡᠬᠡᠳ | ᠨᠦᠬᠦᠪᠦᠷᠢ ᠶᠢᠨ ᠲᠠᠩᠰᠠᠯᠠᠯᠳᠠ ᠬᠢᠯᠬᠡᠭᠰᠡᠨ ᠦᠬᠡᠢ ᠪᠠᠶᠢᠪᠠᠯ᠂ ᠡᠷᠬᠡ ᠪᠠᠨ ᠰᠠᠨᠠᠭᠠᠴᠢᠯᠠᠭ᠎ᠠ ᠲᠠᠢ ᠬᠠᠶᠠᠬᠰᠠᠨ ᠢᠶᠠᠷ ᠲᠤᠭᠠᠴᠠᠨ᠎ᠠ᠃ | ᠳᠠᠪᠤ ᠂ ᠤᠨᠳᠤᠤ ᠰᠠᠨᠠᠯ ᠤᠨ ᠬᠠᠷᠢᠭᠤ ᠲᠤᠰᠬᠠᠯ | ᠭᠠᠵᠠᠷ ᠰᠢᠷᠤᠢ ᠪᠠᠨ ᠳᠠᠳᠠᠪᠤᠷᠢᠯᠠᠭᠤᠯᠬᠤ ᠪᠠᠷ ᠪᠠᠶᠢᠭ᠎ᠠ ᠬᠦᠳᠡᠭᠡ ᠳᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ | ᠵᠢᠴᠢ ᠪᠤᠰᠤᠳ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ᠂ ᠬᠡᠷᠪᠡ ᠭᠠᠵᠠᠷ ᠰᠢᠷᠤᠢ ᠶᠢ ᠲᠠᠳᠠᠪᠤᠷᠢᠯᠠᠨ ᠨᠦᠬᠦᠪᠦᠷᠢ ᠤᠯᠭᠤᠵᠤ ᠳᠦᠪᠬᠢᠨᠡᠬᠦᠯᠬᠦ ᠲᠦᠰᠤᠯ ᠨᠢ | ᠬᠠᠤᠯᠢ ᠴᠠᠭᠠᠵᠠ᠂ ᠬᠠᠤᠯᠢ ᠳᠦᠷᠢᠮ ᠳᠤ ᠨᠡᠶᠢᠴᠡᠬᠦ ᠦᠬᠡᠢ ᠬᠡᠵᠤ ᠦᠵᠡᠪᠡᠯ᠂ ᠳᠤᠰ ᠠᠯᠪᠠᠨ ᠵᠠᠷᠯᠠᠯ ᠢ ᠨᠡᠶᠢᠳᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ | ᠳᠤᠳᠤᠷ᠎ᠡ ᠪᠢᠴᠢᠭ ᠤᠨ ᠬᠡᠯᠪᠡᠷᠢ ᠪᠠᠷ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠡ ᠳᠤ ᠬᠡᠷᠡᠴᠢᠯᠡᠭᠡ ᠰᠤᠨᠤᠰᠬᠤ ᠭᠤᠶᠤᠴᠢᠯᠠᠯ ᠭᠠᠷᠭᠠᠬᠤ ᠬᠡᠷᠡᠭᠳᠡᠢ | ᠃ ᠬᠤᠭᠤᠴᠠᠭ᠎ᠠ ᠨᠢ ᠬᠡᠳᠦᠷᠡᠬᠡᠳ ᠳᠤᠷᠠᠳᠤᠬᠰᠠᠨ ᠦᠬᠡᠢ ᠪᠠᠶᠢᠪᠠᠯ᠂ ᠬᠡᠷᠡᠴᠢᠯᠡᠭᠡ ᠰᠤᠨᠤᠰᠬᠤ ᠶᠢ ᠬᠠᠶᠠᠬᠰᠠᠨ ᠢᠶᠠᠷ ᠲᠤᠭᠠᠴᠠᠨ᠎ᠠ᠃ | ᠵᠡᠬᠦᠡᠭᠠᠷ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ | 2023 ᠤᠨ ᠤ 7 ᠰᠠᠷ᠎ᠠ ᠶᠢᠨ 7 ᠤ ᠡᠳᠦᠷ | |