ᠨᠢᠭᠡ᠂ ᠲᠡᠵᠢᠭᠡᠵᠦ ᠪᠠᠶᠢᠬᠤ ᠡᠪᠡᠰᠦ ᠪᠤᠷᠳᠤᠭ᠎ᠠ ᠨᠢ ᠡᠷᠭᠡᠪᠰᠢ ᠰᠢᠮ᠎ᠠ ᠲᠡᠵᠢᠭᠡᠯ ᠤᠨ ᠱᠠᠭᠠᠷᠳᠠᠯᠭ᠎ᠠ ᠶᠢ ᠬᠠᠨᠭ᠍ᠭᠠᠬᠤ ᠭᠡᠷᠡᠭᠳᠠᠢ᠃ ᠲᠦᠯᠯᠡᠭᠦ ᠮᠠᠯ ᠳᠤ ᠤᠭᠤᠷᠠᠭ᠂ | ᠡᠷᠦᠳᠡᠰᠦ᠂ ᠸᠢᠲ᠋ᠠᠮᠢᠨ ᠡᠯᠪᠡᠭ ᠠᠭᠤᠯᠤᠭᠳᠠᠬᠤ ᠨᠠᠷᠢᠯᠢᠭ ᠪᠤᠷᠳᠤᠭ᠎ᠠ ᠬᠢᠭᠡᠳ ᠰᠢᠭᠦᠰᠦᠯᠢᠭ ᠪᠤᠷᠳᠤᠭ᠎ᠠ ᠶᠢ ᠨᠡᠮᠡᠨ ᠲᠡᠵᠢᠭᠡᠵᠦ᠂ ᠲᠦᠯ ᠲᠤᠰᠬᠤ ᠠᠵᠢᠯ ᠤᠨ | ᠤᠷᠤᠭᠰᠢᠳᠠᠢ ᠶᠠᠪᠤᠭᠳᠠᠬᠤ ᠶᠢ ᠪᠠᠳᠤᠯᠠᠬᠤ ᠭᠡᠷᠡᠭᠳᠠᠢ᠃ | ᠬᠤᠶᠠᠷ᠂ ᠬᠠᠮᠢᠶᠠᠷᠤᠯᠳᠠ ᠪᠠᠨ ᠨᠠᠷᠢᠯᠢᠭᠵᠢᠭᠤᠯᠬᠤ ᠭᠡᠷᠡᠭᠳᠠᠢ᠃ ᠬᠠᠰᠢᠶ᠎ᠠ ᠰᠠᠷᠠᠪᠴᠢ ᠪᠠᠨ ᠤᠰᠤ ᠭᠤᠭᠤᠵᠢᠬᠤ ᠦᠭᠡᠢ᠂ ᠬᠠᠭᠤᠷᠠᠢ ᠪᠠᠶᠢᠯᠭᠠᠬᠤ︔ ᠦᠷᠭᠦᠯᠵᠢ | ᠱᠦᠭᠦᠷᠳᠡᠨ ᠴᠡᠪᠡᠷᠯᠡᠵᠦ᠂ ᠪᠠᠭᠠᠰᠤ ᠰᠢᠭᠡᠰᠦ ᠶᠢ ᠨᠢ ᠦᠷᠭᠦᠯᠵᠢ ᠠᠷᠢᠯᠭᠠᠬᠤ︔ ᠬᠠᠰᠢᠶ᠎ᠠ ᠰᠠᠷᠠᠪᠴᠢ ᠶᠢᠨ ᠠᠷᠢᠭᠤᠨ ᠴᠡᠪᠡᠷ ᠬᠠᠭᠤᠷᠠᠢ ᠲᠤᠯᠠᠭᠠᠨ ᠪᠠᠶᠢᠬᠤ ᠶᠢ | ᠪᠠᠳᠤᠯᠠᠨ᠎ᠠ᠃ ᠡᠭᠦᠨ ᠤ ᠬᠠᠮᠳᠤ ᠠᠮᠢᠳᠠᠨ ᠲᠠᠢ ᠤᠶᠢᠷᠠᠳᠬᠤ ᠪᠤᠶᠤ ᠠᠮᠢᠳᠠᠨ ᠤ ᠪᠠᠭᠠᠰᠦ ᠰᠢᠭᠡᠰᠦ ᠶᠢ ᠰᠢᠢᠳᠪᠦᠷᠢᠯᠡᠵᠦ ᠪᠠᠷᠠᠭᠰᠠᠨ ᠤ ᠲᠠᠷᠠᠭ᠎ᠠ ᠰᠠᠪᠤᠡᠭ ᠪᠤᠶᠤ ᠭᠠᠷ | ᠤᠬᠢᠶᠠᠬᠤ ᠰᠢᠩᠭᠡᠨ ᠢᠶᠠᠷ ᠭᠠᠷ ᠢᠶᠠᠨ ᠤᠬᠢᠶᠠᠬᠤ ᠭᠡᠷᠡᠭᠳᠠᠢ᠃ | ᠭᠤᠷᠪᠠ᠂ ᠡᠪᠡᠳᠴᠢᠯᠡᠭᠦ ᠪᠤᠶᠤ ᠭᠡᠭᠡᠯ ᠬᠠᠶᠠᠬᠤ ᠠᠴᠠ ᠰᠡᠷᠭᠡᠶᠢᠯᠡᠨ ᠬᠠᠮᠠᠭᠠᠯᠠᠬᠤ ᠭᠡᠷᠡᠭᠳᠠᠢ᠃ ᠢᠯᠵᠢᠷᠠᠵᠦ ᠴᠢᠨᠠᠷ ᠨᠢ ᠬᠤᠪᠢᠷᠠᠭᠰᠠᠨ᠂ ᠭᠦᠴᠢᠯᠯᠢᠭ ᠤᠨ | ᠬᠡᠮᠵᠢᠶ᠎ᠡ ᠨᠢ ᠶᠡᠭᠡ᠂ ᠭᠦᠯᠳᠡᠭᠦᠦ ᠡᠪᠡᠰᠦ ᠪᠤᠷᠳᠤᠭ᠎ᠠ ᠪᠠᠷ ᠮᠠᠯ ᠢᠶᠠᠨ ᠲᠡᠵᠢᠭᠡᠵᠦ ᠪᠤᠯᠬᠤ ᠦᠭᠡᠢ᠂ ᠮᠦᠰᠦ ᠲᠠᠢ ᠤᠰᠤ ᠪᠠ ᠪᠤᠬᠢᠷ ᠤᠰᠤ ᠪᠠᠷ ᠮᠠᠯ ᠢᠶᠠᠨ ᠤᠰᠤᠯᠠᠵᠦ | ᠪᠤᠯᠬᠤ ᠦᠭᠡᠢ᠂ ᠦᠯᠦᠨ ᠢᠶᠠᠷ ᠤᠰᠤᠯᠠᠵᠦ ᠪᠤᠯᠬᠤ ᠦᠭᠡᠢ᠃ ᠬᠠᠰᠢᠶ᠎ᠠ ᠰᠠᠷᠠᠪᠴᠢ ᠪᠠᠨ ᠲᠤᠭᠳᠠᠭᠰᠠᠨ ᠬᠤᠭᠤᠴᠠᠭ᠎ᠠ ᠲᠠᠢ ᠠᠷᠢᠭᠤᠳᠬᠠᠬᠤ ᠭᠡᠷᠡᠭᠳᠠᠢ᠃ ᠮᠠᠯ ᠤᠨ | ᠭᠠᠳᠠᠷ ᠪᠠᠶᠢᠳᠠᠯ᠂ ᠢᠳᠡᠰᠢᠯᠡᠭᠦ ᠪᠠᠶᠢᠳᠠᠯ᠂ ᠦᠢᠯᠡ ᠭᠦᠳᠡᠯᠦᠯ᠂ ᠢᠯᠭᠠᠳᠠᠰᠤ ᠶᠢᠨ ᠪᠠᠶᠢᠳᠠᠯ ᠵᠡᠷᠭᠡ ᠶᠢ ᠠᠩᠬᠠᠷᠤᠨ ᠠᠵᠢᠭᠯᠠᠵᠦ᠂ ᠤᠨᠴᠠᠭᠠᠢ ᠪᠠᠶᠢᠳᠠᠯ ᠢ ᠤᠯᠵᠦ | ᠮᠡᠳᠡᠪᠡᠯ ᠴᠠᠭ ᠲᠤᠬᠠᠢ ᠳᠤᠨᠢ ᠡᠮᠴᠢᠯᠡᠭᠦ ᠭᠡᠷᠡᠭᠳᠠᠢ᠃ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠭᠦ ᠠᠷᠭ᠎ᠠ ᠭᠡᠮᠵᠢᠶ᠎ᠡ ᠶᠢ ᠰᠠᠶᠢᠳᠤᠷ ᠲᠤᠭᠤᠰᠢᠯᠠᠭᠤᠯᠵᠦ᠂ | ᠭᠠᠳᠠᠨ᠎ᠠ ᠠᠴᠠ ᠬᠢᠵᠢᠭ ᠡᠪᠡᠳᠴᠢᠨ ᠬᠠᠯᠳᠠᠪᠤᠷᠢᠯᠠᠬᠤ ᠶᠢ ᠰᠡᠷᠭᠡᠶᠢᠯᠡᠵᠦ᠂ ᠬᠠᠤᠯᠢ ᠪᠤᠰᠤ ᠬᠤᠳᠠᠯᠳᠤᠭᠠᠴᠢᠨ᠂ ᠲᠡᠷᠭᠡ ᠤᠨᠤᠭ᠎ᠠ ᠤᠷᠤᠵᠦ ᠢᠷᠡᠭᠦ ᠶᠢ | ᠬᠤᠷᠢᠭᠯᠠᠬᠤ ᠶᠢᠨ ᠬᠠᠮᠳᠤ ᠪᠠᠶᠢᠳᠠᠯ ᠢ ᠨᠢ ᠦᠯᠦ ᠮᠡᠳᠡᠭᠦ ᠮᠠᠯ ᠢ ᠲᠤᠷ᠎ᠠ ᠪᠠᠷ ᠢᠶᠠᠨ ᠤᠷᠤᠭᠤᠯᠵᠦ ᠪᠤᠯᠬᠤ ᠦᠭᠡᠢ᠃ ᠲᠠᠷᠢᠯᠭ᠎ᠠ ᠪᠠ ᠬᠤᠷᠤᠬᠠᠢ ᠭᠦᠭᠡᠭᠡᠭᠦ ᠠᠵᠢᠯ ᠢ | ᠰᠠᠶᠢᠳᠤᠷ ᠬᠢᠭᠦ ᠭᠡᠷᠡᠭᠳᠠᠢ᠃ | ᠲᠦᠷᠪᠡ᠂ ᠤᠷᠴᠢᠨ ᠲᠤᠭᠤᠷᠢᠨ ᠤ ᠠᠷᠢᠭᠤᠨ ᠴᠡᠪᠡᠷ ᠢ ᠴᠢᠩᠭᠠᠳᠬᠠᠬᠤ ᠭᠡᠷᠡᠭᠳᠠᠢ᠃ ᠲᠦᠯ ᠲᠤᠰᠬᠤ ᠠᠴᠠ ᠡᠮᠦᠨ᠎ᠡ ᠠᠵᠢᠯ ᠤᠨ ᠬᠤᠪᠴᠠᠰᠤ᠂ ᠠᠮᠠᠪᠴᠢ᠂ | ᠪᠡᠭᠡᠯᠠᠢ ᠪᠠ ᠮᠠᠯᠠᠭᠠᠢ ᠵᠡᠷᠭᠡ ᠶᠢ ᠡᠮᠦᠰᠴᠦ ᠵᠡᠭᠦᠭᠦ ᠶᠢᠨ ᠬᠠᠮᠳᠤ ᠬᠠᠰᠢᠶ᠎ᠠ ᠰᠠᠷᠠᠪᠴᠢ ᠪᠠᠨ ᠲᠦᠢᠯᠪᠤᠷᠢᠳᠠᠢ ᠴᠡᠪᠡᠷᠯᠡᠨ ᠱᠦᠭᠦᠷᠳᠡᠭᠦ ᠪᠠ ᠠᠷᠢᠭᠤᠳᠬᠠᠵᠦ᠂ | ᠲᠦᠯᠯᠡᠭᠰᠡᠨ ᠤ ᠲᠠᠷᠠᠭ᠎ᠠ ᠲᠤᠭᠳᠠᠭᠰᠠᠨ ᠴᠠᠭ ᠲᠤ ᠪᠤᠬᠢᠷ ᠪᠤᠳᠠᠰ ᠢ ᠴᠡᠪᠡᠷᠯᠡᠨ ᠬᠠᠶᠠᠵᠦ᠂ ᠠᠭᠠᠷ ᠨᠡᠪᠳᠡᠷᠡᠭᠦᠯᠭᠦ ᠶᠢᠨ ᠵᠡᠷᠭᠡ ᠪᠠᠷ ᠭᠡᠷᠡᠭᠯᠡᠭᠡᠨ ᠤ ᠪᠠᠭᠠᠵᠢ ᠪᠠᠨ | ᠰᠠᠶᠢᠳᠤᠷ ᠠᠷᠢᠭᠤᠳᠬᠠᠬᠤ ᠭᠡᠷᠡᠭᠳᠠᠢ᠃ ᠭᠦᠮᠦᠨ ᠠᠮᠢᠳᠠᠨ ᠳᠤ ᠬᠠᠮᠳᠤ ᠬᠠᠯᠳᠠᠪᠤᠷᠢᠯᠠᠳᠠᠭ ᠹᠷᠦᠽᠧᠯ ᠡᠪᠡᠳᠴᠢᠨ ᠡᠭᠦᠰᠭᠦ ᠠᠴᠠ ᠰᠡᠷᠭᠡᠶᠢᠯᠡᠭᠦ ᠭᠡᠷᠡᠭᠳᠠᠢ᠃ | ᠲᠠᠪᠤ᠂ ᠲᠡᠵᠢᠭᠡᠵᠦ ᠠᠷᠠᠴᠢᠯᠠᠬᠤ ᠬᠠᠮᠢᠶᠠᠷᠤᠯᠳᠠ ᠶᠢ ᠴᠢᠩᠭᠠᠳᠬᠠᠬᠤ ᠭᠡᠷᠡᠭᠳᠠᠢ᠃ ᠰᠠᠶ᠋ᠢ ᠲᠦᠯᠯᠡᠭᠰᠡᠨ ᠬᠤᠷᠠᠭ᠎ᠠ ᠢᠰᠢᠭᠡ ᠶᠢ ᠴᠠᠭ ᠲᠤᠬᠠᠢ ᠳᠤᠨᠢ ᠠᠮᠠ | ᠬᠠᠮᠠᠷ ᠤᠨ ᠰᠠᠯᠠᠢ ᠶᠢ ᠨᠢ ᠠᠷᠢᠯᠭᠠᠵᠦ᠂ ᠭᠦᠢᠰᠦ ᠶᠢ ᠨᠢ ᠢᠤᠳ᠋ ᠤᠨ ᠬᠠᠨᠳᠠ ᠪᠠᠷ ᠨᠤᠷᠭᠠᠵᠦ ᠠᠷᠢᠭᠤᠳᠬᠠᠨ ᠤᠭᠤᠷᠠᠭ ᠰᠦ ᠭᠦᠭᠦᠭᠦᠯᠦᠨᠡ᠃ ᠡᠭᠡ ᠮᠠᠯ ᠤᠨ | ᠰᠦ ᠶᠢᠨ ᠭᠡᠮᠵᠢᠶ᠎ᠡ ᠶᠢ ᠠᠩᠬᠠᠷᠴᠦ᠂ ᠴᠠᠳᠬᠤᠯᠳᠠ ᠶᠢᠨ ᠪᠠᠶᠢᠳᠠᠯ ᠢ ᠠᠩᠬᠠᠷᠤᠨ᠎ᠠ᠃ ᠴᠠᠭ ᠲᠤᠬᠠᠢ ᠳᠤᠨᠢ ᠬᠤᠷᠠᠭ᠎ᠠ ᠢᠰᠢᠭᠡ ᠶᠢᠨ ᠢᠳᠡᠰᠢᠨ ᠤ ᠪᠠᠶᠢᠳᠠᠯ᠂ | ᠢᠯᠭᠠᠳᠠᠰᠤ ᠵᠡᠷᠭᠡ ᠪᠠᠶᠢᠳᠠᠯ ᠢ ᠠᠵᠢᠭᠯᠠᠬᠤ ᠭᠡᠷᠡᠭᠳᠠᠢ᠃ ᠡᠪᠡᠳᠴᠢᠯᠡᠭᠰᠡᠨ ᠪᠠᠶᠢᠳᠠᠯ ᠢ ᠤᠯᠵᠦ ᠮᠡᠳᠡᠪᠡᠯ ᠴᠠᠭ ᠲᠤᠬᠠᠢ ᠳᠤᠨᠢ ᠲᠤᠰᠠᠭᠠᠷᠯᠠᠵᠦ ᠡᠮᠨᠡᠨ ᠵᠠᠰᠠᠬᠤ ᠭᠡᠷᠡᠭᠳᠠᠢ | ᠃ | ᠵᠢᠷᠭᠤᠭ᠎ᠠ᠂ ᠬᠢᠵᠢᠭ ᠪᠠᠶᠢᠴᠠᠭᠠᠬᠤ ᠬᠢᠨᠠᠨ ᠬᠠᠮᠢᠶᠠᠷᠤᠯᠳᠠ ᠶᠢ ᠴᠢᠩᠭᠠᠳᠬᠠᠬᠤ ᠭᠡᠷᠡᠭᠳᠠᠢ᠃ ᠦᠭᠦᠭᠰᠡᠨ ᠰᠢᠯᠳᠠᠭᠠᠨ ᠨᠢ ᠲᠤᠳᠤᠷᠬᠠᠢ ᠦᠭᠡᠢ ᠠᠮᠢᠳᠠᠨ ᠢ | ᠬᠤᠳᠠᠯᠳᠤᠭᠠᠯᠠᠬᠤ ᠦᠭᠡᠢ᠂ ᠠᠷᠠᠰᠦ ᠶᠢ ᠨᠢ ᠦᠪᠴᠢᠭᠦ ᠦᠭᠡᠢ᠂ ᠢᠳᠡᠭᠦ ᠦᠭᠡᠢ ᠪᠠᠶᠢᠬᠤ ᠭᠡᠷᠡᠭᠳᠠᠢ᠃ ᠦᠭᠦᠭᠰᠡᠨ ᠰᠢᠯᠳᠠᠭᠠᠨ ᠨᠢ ᠲᠤᠳᠤᠷᠬᠠᠢ ᠦᠭᠡᠢ ᠠᠮᠢᠳᠠᠨ ᠤ | ᠦᠭᠦᠳᠡᠯ ᠪᠠ ᠭᠡᠭᠡᠯ ᠬᠠᠶᠠᠭᠰᠠᠨ ᠪᠠᠶᠢᠳᠠᠯ ᠢ ᠤᠯᠵᠦ ᠮᠡᠳᠡᠪᠡᠯ ᠴᠠᠭ ᠲᠤᠬᠠᠢ ᠳᠤᠨᠢ ᠰᠤᠮᠤ ᠪᠠᠯᠭᠠᠰᠤ ᠲᠠᠯᠠᠪᠠᠢ ᠶᠢᠨ ᠮᠠᠯ ᠡᠮᠨᠡᠯᠭᠡ ᠶᠢᠨ ᠰᠠᠯᠠᠭ᠎ᠠ ᠮᠦᠴᠢᠷ ᠲᠤ | ᠮᠡᠳᠡᠭᠦᠯᠭᠦ ᠭᠡᠷᠡᠭᠳᠠᠢ᠃ |