︿︿ᠲᠠᠪᠤᠨ ᠦᠩᠭᠡ ᠶᠢᠨ ᠬᠠᠳᠠᠭ﹀﹀ ᠤᠨ ᠮᠦᠨ ᠴᠢᠨᠠᠷ
ᠨᠡᠶᠢᠲᠡᠯᠡᠭᠰᠡᠨ ᠴᠠᠭ᠄
2023/10/27
 ᠴᠡᠩᠬᠡᠷ ᠬᠠᠳᠠᠭ      ᠮᠥᠩᠬᠡ ᠲᠡᠭᠷᠢ ᠶᠢᠨ ᠥᠩᠭᠡ᠂ ᠠᠮᠤᠷ ᠲᠠᠶᠢᠪᠤᠩ ᠤᠨ ᠪᠡᠯᠭᠡᠳᠡᠯ᠂ ᠠᠯᠢᠪᠠ ᠬᠤᠣᠷᠯᠠᠯ ᠦᠢᠯᠡᠳᠬᠦ ᠬᠤᠤᠷᠲᠠᠨ ᠲᠠᠶᠢᠰᠤᠨ ᠪᠦᠭᠦᠳᠡ ᠶᠢ ᠭᠡᠰᠭᠡᠨ ᠴᠡᠩᠬᠡᠷᠯᠡᠭᠦᠯᠬᠦ ᠦᠢᠯᠡ ᠶᠢ ᠪᠦᠲᠦᠭᠡᠨ᠎ᠡ᠃ ᠴᠡᠩᠬᠡᠷ ᠦᠩᠭᠡ ᠶᠢᠨ ᠬᠠᠳᠠᠭ ᠢ ᠲᠦᠭᠡᠮᠡᠯ ᠬᠡᠷᠡᠭᠯᠡᠳᠡᠭ ᠪᠦᠭᠡᠳ ᠥᠪᠡᠷ ᠬᠤᠭᠤᠷᠤᠨᠳᠤ ᠪᠠᠨ ᠠᠬ᠎ᠠ ᠳᠡᠭᠦᠦᠰ ᠲᠡᠭᠡᠨ ᠪᠠᠷᠢᠵᠤ ᠵᠣᠯᠭᠠᠳᠠᠭ᠃ ᠰᠢᠷ᠎ᠠ ᠬᠠᠳᠠᠭ      ᠠᠯᠢᠪᠠ ᠮᠠᠭᠤ ᠪᠦᠬᠦᠨ ᠢ ᠵᠠᠶᠢᠯᠠᠭᠤᠯᠵᠤ᠂ ᠴᠤᠭ ᠵᠣᠯᠪᠤᠭ᠎ᠠ᠂ ᠨᠠᠰᠤ ᠪᠤᠶᠠᠨ᠂ ᠲᠡᠭᠦᠰ ᠡᠳ᠋ᠯᠡᠯ᠂ ᠢᠷᠠᠭᠤ ᠠᠯᠳᠠᠷ᠂ ᠱᠠᠰᠢᠨ ᠤ ᠢᠵᠠᠭᠤᠷ ᠥᠨᠳᠦᠰᠦ ᠶᠢ ᠰᠢᠨ᠎ᠡ ᠶᠢᠨ ᠰᠠᠷ᠎ᠠ ᠮᠡᠲᠦ ᠳᠡᠯᠭᠡᠷᠡᠭᠦᠯᠬᠦ ᠦᠢᠯᠡ ᠶᠢ ᠪᠦᠲᠦᠭᠡᠨ᠎ᠡ᠃ ᠰᠢᠷ᠎ᠠ ᠥᠩᠭᠡ ᠶᠢᠨ ᠬᠠᠳᠠᠭ ᠢ ᠪᠠᠭᠰᠢ ᠳᠠᠭᠠᠨ ᠪᠠᠷᠢᠳᠠᠭ ᠪᠦᠭᠡᠳ ᠥᠭᠡᠷ᠎ᠡ ᠬᠦᠮᠦᠨ ᠳᠤ ᠪᠠᠷᠢᠳᠠᠭ ᠦᠭᠡᠢ᠃ ᠴᠠᠭᠠᠨ ᠬᠠᠳᠠᠭ      ᠡᠬᠡ ᠶᠢᠨ ᠰᠦᠨ ᠤ ᠦᠩᠭᠡ ᠲᠠᠢ᠂ ᠰᠡᠳᠬᠢᠯ ᠠᠷᠢᠭᠤᠨ᠂ ᠪᠣᠳᠢ ᠰᠡᠳᠬᠢᠯ ᠲᠠᠢ᠂ ᠥᠭᠯᠢᠭᠡᠴᠢ ᠪᠤᠶᠠᠨ ᠲᠠᠢ ᠬᠠᠷᠠᠩᠭᠤᠢ ᠶᠢ ᠭᠡᠶᠢᠭᠦᠯᠳᠡᠭ ᠠᠮᠤᠷᠯᠠᠩᠭᠤᠢ ᠥᠩᠭᠡ ᠤᠴᠢᠷ ᠡᠪᠡᠳᠴᠢᠨ᠂ ᠪᠠᠷᠴᠢᠳ᠂ ᠠᠳᠠ ᠲᠦᠢᠳᠬᠡᠷ᠂ ᠬᠤᠯᠠᠭᠠᠢ ᠳᠡᠭᠡᠷᠡᠮ ᠢ ᠠᠷᠢᠯᠭᠠᠬᠤ᠂ ᠰᠠᠨᠠᠭᠰᠠᠨ ᠵᠦᠢᠯ ᠢ ᠪᠦᠲᠦᠭᠡᠬᠦ ᠳᠤ ᠪᠡᠯᠭᠡᠳᠡᠳᠡᠭ᠃ ᠴᠠᠭᠠᠨ ᠥᠩᠭᠡ ᠶᠢᠨ ᠬᠠᠳᠠᠭ ᠢ ᠬᠠᠮᠤᠭ ᠤᠨ ᠰᠠᠶᠢᠨ ᠰᠠᠶᠢᠬᠠᠨ᠂ ᠬᠦᠨᠳᠦᠳᠬᠡᠳᠡᠭ ᠬᠦᠮᠦᠨ ᠳᠡᠭᠡᠨ ᠡᠷᠭᠦᠨ ᠪᠠᠷᠢᠳᠠᠭ᠃ ᠤᠯᠠᠭᠠᠨ ᠬᠠᠳᠠᠭ      ᠭᠠᠯ ᠭᠤᠯᠤᠮᠲᠠ ᠪᠠᠳᠠᠷᠠᠨ ᠳᠡᠭᠡᠭᠰᠢᠯᠡᠬᠦ ᠶᠢᠨ ᠪᠡᠯᠭᠡᠳᠡᠯ᠃ ᠶᠢᠷᠲᠢᠨᠴᠦ ᠶᠢᠨ ᠶᠢᠰᠦᠨ ᠬᠦᠰᠡᠯ ᠢ ᠪᠦᠲᠦᠭᠡᠬᠦ ᠪᠦᠬᠦ ᠵᠦᠢᠯ ᠢ ᠦᠪᠡᠷ ᠲᠡᠭᠡᠨ ᠪᠤᠶᠤ ᠨᠠᠰᠢ ᠪᠠᠨ ᠬᠤᠷᠢᠶᠠᠬᠤ ᠵᠦᠢᠯ ᠢ ᠪᠦᠲᠦᠭᠡᠨ᠎ᠡ᠃ ᠪᠤᠷᠬᠠᠨ ᠱᠠᠰᠢᠨ ᠤ ᠲᠠᠪᠤᠨ ᠮᠠᠬᠠᠪᠤᠳ ᠤᠨ ᠲᠤᠰᠬᠠᠢ ᠦᠢᠯᠡ ᠳᠤ ᠬᠡᠷᠡᠭᠯᠡᠳᠡᠭ ᠪᠦᠭᠡᠳ ᠬᠦᠮᠦᠰ ᠲᠤ ᠵᠣᠯᠭᠠᠳᠠᠭ ᠦᠭᠡᠢ᠃ ᠨᠣᠭᠤᠭᠠᠨ ᠬᠠᠳᠠᠭ      ᠳᠡᠯᠭᠡᠷᠡᠨ ᠠᠷᠪᠢᠵᠢᠬᠤ ᠶᠢᠨ ᠪᠡᠯᠭᠡᠳᠡᠯ ᠲᠠᠢ᠃ ᠨᠤᠭᠤᠭᠠᠨ ᠥᠩᠭᠡ ᠶᠢᠨ ᠬᠠᠳᠠᠭ ᠢ ᠪᠤᠷᠬᠠᠨ ᠱᠠᠰᠢᠨ ᠤ ᠲᠠᠪᠤᠨ ᠮᠠᠬᠠᠪᠤᠳ ᠢ ᠪᠡᠯᠭᠡᠳᠡᠭᠰᠡᠨ ᠲᠤᠰᠬᠠᠢ ᠦᠢᠯᠡ ᠳᠤ ᠬᠡᠷᠡᠭᠯᠡᠳᠡᠭ ᠪᠦᠭᠡᠳ ᠬᠦᠮᠦᠰ ᠲᠤ ᠪᠠᠷᠢᠵᠦ ᠵᠣᠯᠭᠠᠳᠠᠭ ᠦᠭᠡᠢ᠃
ᠢᠷᠡᠯᠲᠡ᠄ ᠳᠠᠷᠠᠰᠦ ᠶᠢᠨ ᠬᠤᠯᠪᠤᠭ᠎ᠠ ᠪᠦᠷᠬᠡ