| ︽ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠤᠯᠠᠮ | ᠴᠢᠨᠠᠭᠰᠢᠳᠠ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ ︾ ᠢ ᠬᠢᠨᠠᠨ ᠵᠥᠪᠯᠡᠵᠡᠢ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠰᠢ ᠶᠢᠨ ᠫᠢᠩ ᠬᠤᠷᠠᠯ ᠢ ᠡᠷᠭᠢᠯᠡᠪᠡ | ᠰᠢᠨᠬᠤᠸᠠᠬᠤᠷᠢᠶᠠ ᠶᠢᠨ ᠪᠡᠭᠡᠵᠢᠩ ᠤᠨ 10 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 10 | ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ ᠂ ︽ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠤᠯᠠᠮ ᠴᠢᠨᠠᠭᠰᠢᠳᠠ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ ︾ ᠢ ᠬᠢᠨᠠᠨ | ᠵᠥᠪᠯᠡᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ ᠃ | ᠬᠤᠷᠠᠯ ᠠᠴᠠ ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ ᠃ ᠵᠡᠭᠦᠨ ᠬᠤᠶᠢᠲᠤ ᠣᠷᠣᠨ ᠤ ᠡᠬᠢ ᠪᠠᠶᠠᠯᠢᠭ ᠤᠨ ᠨᠥᠬᠦᠴᠡᠯ ᠨᠡᠯᠢᠶᠡᠳ ᠰᠠᠶᠢᠨ ᠂ ᠠᠵᠤ | ᠦᠢᠯᠡᠰ ᠤᠨ ᠰᠠᠭᠤᠷᠢ ᠨᠡᠯᠢᠶᠡᠳ ᠵᠤᠵᠠᠭᠠᠨ ᠂ ᠣᠷᠣᠨ ᠪᠠᠶᠢᠷᠢ ᠶᠢᠨ ᠳᠠᠪᠠᠭᠤᠯᠢᠭ ᠣᠨᠴᠠᠭᠠᠢ ᠂ ᠬᠥᠭᠵᠢᠯᠲᠡ ᠶᠢᠨ ᠲᠠᠯᠳᠠ ᠬᠦᠴᠦᠨ ᠯᠤᠲᠤ ᠶᠡᠭᠡ ᠪᠠᠶᠢᠵᠤ ᠂ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠪᠠᠶᠢᠳᠠᠭ ᠃ ᠡᠨᠡ ᠵᠢᠯ ᠪᠣᠯ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 20 ᠵᠢᠯ ᠤᠨ ᠤᠢ ᠪᠣᠯᠣᠨ᠎ᠠ ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠂ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭᠠᠷᠠᠵᠤ ᠪᠠᠶᠢᠨ᠎ᠠ ᠂ | ᠠᠯᠢ ᠤᠯᠠᠨ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠬᠦ ᠨᠢ ᠢᠲᠡᠭᠡᠯ ᠵᠣᠷᠢᠭ ᠢᠶᠠᠨ ᠤᠯᠠᠮ ᠪᠠᠲᠤᠳᠬᠠᠵᠤ ᠂ ᠵᠡᠭᠦᠨ ᠬᠤᠶᠢᠲᠤ ᠣᠷᠣᠨ ᠤ | ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠵᠡᠭᠦᠨ ᠬᠤᠶᠢᠲᠤ ᠣᠷᠣᠨ ᠤ ᠴᠢᠨᠠᠷ ᠰᠠᠶᠢᠲᠠᠢ ᠬᠥᠭᠵᠢᠯᠲᠡ ᠂ ᠦᠷᠭᠦᠯᠵᠢᠯᠡᠬᠦ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠤᠯᠤᠰ ᠤᠨ ︽ ᠲᠠᠪᠤᠨ ᠶᠡᠭᠡ ᠠᠮᠤᠷ ᠲᠦᠪᠰᠢᠨ ︾ ᠢ ᠬᠠᠮᠠᠭᠠᠯᠠᠬᠤ ᠳᠤᠮᠳᠠᠬᠢ ᠵᠡᠭᠦᠨ ᠬᠤᠶᠢᠲᠤ ᠣᠷᠣᠨ ᠤ ᠴᠢᠬᠤᠯᠠ ᠡᠭᠦᠷᠭᠡ ᠶᠢ ᠪᠠᠲᠤ | ᠡᠵᠡᠮᠳᠡᠵᠦ ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ | ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠳᠡᠮᠵᠢᠬᠦ ᠡᠷᠴᠢᠮ ᠢᠶᠠᠨ | ᠴᠢᠩᠭᠠᠷᠠᠭᠤᠯᠬᠤ ᠪᠣᠯᠣᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠵᠡᠭᠦᠨ ᠬᠤᠶᠢᠲᠤ ᠣᠷᠣᠨ ᠤ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ | ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ ᠂ ᠤᠯᠠᠮᠵᠢᠯᠠᠯᠲᠤ ᠦᠢᠯᠡᠳᠬᠦ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ ᠂ ᠬᠥᠭᠵᠢᠯᠲᠡ ᠶᠢᠨ ᠰᠢᠨ᠎ᠡ ᠬᠥᠳᠡᠯᠭᠡᠬᠦ | ᠡᠨᠧᠷᠭᠢ ᠶᠢ ᠴᠢᠩᠭᠠᠳᠬᠠᠬᠤ ᠬᠡᠷᠡᠭᠲᠡᠢ ᠃ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠵᠦ ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠵᠦ ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ ᠃ ᠠᠮᠢ | ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠣᠯ ᠳᠠᠷᠤᠢ ᠳᠠᠪᠠᠭᠤᠯᠢᠭ ᠢᠶᠠᠨ ᠨᠡᠮᠡᠭᠳᠡᠭᠦᠯᠵᠦ ᠪᠠᠶᠢᠨ᠎ᠠ ᠂ ᠤᠢ ᠰᠢᠭᠤᠢ ᠶᠢ | ᠬᠠᠮᠠᠭᠠᠯᠠᠬᠤ ᠪᠣᠯ ᠳᠠᠷᠤᠢ ᠡᠳ᠋ ᠪᠠᠶᠠᠯᠢᠭ ᠢᠶᠠᠨ ᠬᠠᠮᠠᠭᠠᠯᠠᠵᠤ ᠪᠠᠶᠢᠨ᠎ᠠ ᠭᠡᠬᠦ ᠣᠶᠢᠯᠠᠭᠠᠭᠳᠠᠬᠤᠨ ᠢ ᠪᠤᠢ ᠪᠤᠯᠭᠠᠵᠤ ᠂ ᠤᠢ ᠳᠣᠲᠣᠷᠠᠬᠢ ᠠᠵᠤ ᠠᠬᠤᠢ ᠂ ᠮᠥᠰᠥ | ᠴᠠᠰᠤᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠃ | ᠰᠠᠯᠬᠢᠨ ᠬᠦᠴᠦ ᠪᠠᠷ ᠴᠠᠭᠢᠯᠭᠠᠨ ᠭᠠᠷᠭᠠᠬᠤ ᠂ ᠭᠡᠷᠡᠯ ᠴᠠᠭᠢᠯᠭᠠᠨ ᠂ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢ ᠲᠦᠷᠭᠡᠳᠬᠡᠨ ᠬᠥᠭᠵᠢᠭᠦᠯᠵᠦ ᠂ ᠰᠠᠯᠬᠢ | ᠭᠡᠷᠡᠯ ᠢᠯᠴᠢ ᠴᠥᠮ᠎ᠡ ᠶᠢᠨ ᠬᠠᠳᠠᠭᠠᠯᠠᠯᠲᠠ ᠶᠢ ᠨᠢᠭᠡ ᠴᠣᠭᠴᠠᠵᠢᠭᠤᠯᠤᠭᠰᠠᠨ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠢ ᠃ ᠬᠢᠯᠢ ᠬᠢᠵᠠᠭᠠᠷ | ᠣᠷᠣᠨ ᠤ ᠰᠠᠭᠤᠷᠢ ᠲᠥᠬᠦᠭᠡᠷᠦᠮᠵᠢ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠣᠨᠴᠠᠯᠢᠭᠲᠤ ᠠᠵᠤ ᠦᠢᠯᠡᠰ ᠢ | ᠢᠳᠡᠪᠬᠢᠲᠡᠢ ᠬᠥᠭᠵᠢᠭᠦᠯᠵᠦ ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ | ᠪᠠᠬᠢᠵᠢᠭᠦᠯᠬᠦ ᠶᠢ ᠠᠬᠢᠭᠤᠯᠬᠤ ᠬᠡᠷᠡᠭᠲᠡᠢ ᠃ ᠰᠠᠭᠤᠷᠢ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ ᠂ ᠵᠡᠭᠦᠨ ᠬᠤᠶᠢᠲᠤ ᠶᠢᠨ ᠶᠡᠭᠡ ᠳᠡᠭᠡᠳᠦ ᠰᠤᠷᠭᠠᠭᠤᠯᠢ ᠶᠢᠨ | ᠰᠤᠷᠭᠠᠭᠤᠯᠢ ᠡᠷᠭᠢᠯᠡᠭᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ ᠂ ᠬᠥᠮᠥᠨ | ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ ᠂ ᠨᠠᠮ ᠤᠨ ᠤᠳᠤᠷᠢᠳᠤᠯᠭ᠎ᠠ ᠶᠢ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠪᠦᠭᠦ ᠶᠠᠪᠤᠴᠠ ᠂ ᠡᠯ᠎ᠡ ᠬᠦᠷᠢᠶ᠎ᠡ ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ ᠂ ᠵᠡᠭᠦᠨ ᠬᠤᠶᠢᠲᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠣᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ ᠂ | ᠤᠯᠤᠰ ᠲᠦᠷᠦ ᠶᠢᠨ ᠠᠮᠢ ᠠᠬᠤᠢ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ ᠂ ᠰᠢᠨ᠎ᠡ ᠰᠤᠷᠲᠠᠯ ᠲᠥᠪ ᠰᠤᠷᠲᠠᠯ ᠢᠶᠠᠷ ᠬᠥᠭᠵᠢᠯᠲᠡ ᠶᠢᠨ ᠢᠲᠡᠭᠡᠯ ᠢ ᠬᠥᠭᠵᠢᠭᠡᠬᠦ | ᠬᠡᠷᠡᠭᠲᠡᠢ ᠃ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠦ ᠂ ᠨᠡᠶᠢᠲᠡᠯᠢᠭ ᠴᠢᠨᠠᠷᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠠᠷ ᠪᠠᠷᠠᠬᠤ ᠦᠭᠡᠢ ᠥᠪᠡᠷᠮᠢᠴᠡ | ᠳᠠᠪᠠᠭᠤᠯᠢᠭ ᠢᠶᠠᠨ ᠴᠤ ᠰᠠᠶᠢᠲᠤᠷ ᠪᠠᠳᠠᠷᠠᠭᠤᠯᠬᠤ ᠬᠡᠷᠡᠭᠲᠡᠢ ᠃ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠨᠳᠤᠯᠭᠠᠲᠤ ᠴᠢᠨᠠᠷ ᠢᠶᠠᠷ ᠴᠢᠩᠭ᠎ᠠ ᠳᠡᠮᠵᠢᠯᠭᠡ ᠶᠢᠨ | ᠲᠦᠷᠦ ᠶᠢᠨ ᠪᠣᠳᠣᠯᠭ᠎ᠠ ᠲᠣᠭᠲᠠᠭᠠᠵᠤ ᠂ ᠵᠣᠬᠢᠴᠠᠭᠤᠯᠤᠨ ᠦᠢᠯᠡᠴᠢᠯᠡᠬᠦ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ ᠂ ᠴᠠᠭ ᠲᠤᠬᠠᠢ ᠳᠤᠨᠢ ᠮᠥᠷᠳᠡᠨ | ᠰᠢᠨ᠎ᠡ ᠪᠠᠶᠢᠳᠠᠯ ᠢ ᠰᠤᠳᠤᠯᠵᠤ ᠰᠢᠨ᠎ᠡ ᠠᠰᠠᠭᠤᠳᠠᠯ ᠢ ᠰᠢᠢᠳᠪᠦᠷᠢᠯᠡᠵᠦ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ | ᠰᠢᠪᠲᠤᠯᠤᠯᠲᠠ ᠲᠠᠢ ᠪᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ ᠃ | | | |