| 10 ᠰᠠᠷ᠎ᠠ ᠶᠢᠨ 27 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ | ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ ᠂ ᠶᠡᠷᠦᠩᠬᠡᠢ ᠱᠦᠵᠢ ᠰᠢ ᠶᠢᠨ ᠫᠢᠩ ᠤᠨ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠪᠠ ᠃ ᠸᠠᠩ ᠯᠢ ᠰᠢᠶᠠ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠃ | ᠬᠤᠷᠠᠯ ᠳᠡᠭᠡᠷ᠎ᠡ ᠂ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠶᠢᠭᠡᠮᠯᠢᠭ ᠤᠨ ᠳᠠᠷᠤᠭ᠎ᠠ ᠂ ᠳᠤᠮᠳᠠᠳᠤ ᠤᠯᠤᠰ ᠤᠨ ᠲᠣᠭᠠᠴᠢᠯᠠᠭᠰᠠᠨ | ᠠᠵᠤ ᠠᠬᠤᠢ ᠶᠢᠨ ᠡᠷᠳᠡᠮ ᠰᠢᠨᠵᠢᠯᠡᠭᠡᠨ ᠤ ᠣᠨ ᠤ ᠶᠡᠭᠡ ᠬᠤᠷᠠᠯ ᠤᠨ ᠲᠡᠷᠢᠭᠦᠯᠡᠭᠴᠢ ᠵᠢᠶᠠᠩ ᠰᠢᠶᠣᠣ ᠵᠢᠤᠸᠠᠨ ︽ ᠲᠣᠭᠠᠴᠢᠯᠠᠭᠰᠠᠨ ᠠᠵᠤ ᠠᠬᠤᠢ ᠄ ᠨᠠᠷᠮᠠᠢ ᠰᠢᠨ᠎ᠡ | ᠬᠥᠳᠡᠯᠭᠡᠬᠦ ᠬᠦᠴᠦᠨ ᠬᠠᠩᠭᠠᠵᠤ ᠠᠵᠤ ᠠᠬᠤᠢ ᠶᠢᠨ ᠦᠷᠭᠦᠯᠵᠢᠯᠡᠨ ᠨᠡᠮᠡᠭᠳᠡᠬᠦ ᠶᠢ ᠲᠤᠯᠭᠠᠭᠤᠷᠢᠯᠠᠶᠠ ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠡ ᠃ ᠪᠠᠢ ᠴᠢᠩ | ᠶᠤᠸᠠᠨ ᠪᠣᠯᠣᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠂ ᠲᠣᠮᠣ ᠳ᠋ᠠᠶᠢᠲ᠋ᠠ ᠶᠢᠨ ᠲᠥᠪ ᠤᠨ ᠭᠤᠣᠯ ᠬᠠᠷᠢᠭᠤᠴᠠᠯᠭᠠᠲᠠᠨ ᠭᠤᠣᠯᠳᠠᠯᠭ᠎ᠠ ᠲᠠᠢ | ᠦᠭᠡ ᠬᠡᠯᠡᠪᠡ ᠃ | ᠸᠠᠩ ᠯᠢ ᠰᠢᠶᠠ ᠂ ᠣᠳᠣᠬᠠᠨ ᠤ ᠠᠵᠤ ᠠᠬᠤᠢ ᠶᠢᠨ ᠬᠥᠭᠵᠢᠯᠲᠡ ᠳᠤ ᠵᠠᠷᠢᠮ ᠲᠠᠯ᠎ᠠ ᠪᠠᠷ ᠶᠡᠭᠡ ᠬᠠᠨᠳᠤᠰᠢ ᠪᠠ ᠬᠤᠪᠢᠰᠤᠯᠲᠠ ᠭᠠᠷᠴᠤ ᠪᠠᠶᠢᠨ᠎ᠠ ᠂ ᠢᠯᠠᠩᠭᠤᠶ᠎ᠠ | ᠰᠢᠨ᠎ᠡ ᠡᠨᠧᠷᠭᠢ ᠪᠠᠷ ᠲᠥᠯᠥᠭᠡᠯᠡᠭᠦᠯᠦᠭᠰᠡᠨ ᠡᠨᠧᠷᠭᠢ ᠶᠢᠨ ᠬᠤᠪᠢᠰᠬᠠᠯ ᠪᠠ ᠰᠢᠨ᠎ᠡ ᠰᠠᠭᠤᠷᠢ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠤᠯᠭᠠᠬᠰᠠᠨ ᠲᠣᠭᠠᠴᠢᠯᠠᠭᠰᠠᠨ | ᠬᠤᠪᠢᠰᠬᠠᠯ ᠨᠢ ᠥᠪᠥᠷ ᠮᠣᠩᠭᠤᠯ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠶᠤᠮ ᠂ ᠡᠷᠬᠡᠪᠰᠢ ᠰᠠᠨᠠᠭᠠᠰᠢᠷᠠᠬᠤ ᠤᠬᠠᠮᠰᠠᠷ ᠂ ᠲᠤᠯᠭᠠᠮ ᠤᠬᠠᠮᠰᠠᠷ ᠢᠶᠠᠨ | ᠴᠢᠩᠭᠠᠳᠬᠠᠵᠤ ᠂ ᠲᠣᠭᠠᠴᠢᠯᠠᠯᠲᠠ ᠪᠠᠷ ᠡᠨᠧᠷᠭᠢ ᠣᠯᠭᠤᠬᠤ ᠂ ᠢᠲᠡᠭᠡᠯ ᠣᠯᠭᠤᠬᠤ ᠂ ᠡᠷᠬᠡ ᠣᠯᠭᠤᠬᠤ ᠶᠢ ᠴᠢᠩᠭᠠᠳᠬᠠᠵᠤ ᠂ ᠮᠠᠨ ᠤ ᠣᠷᠣᠨ ᠤ ᠲᠣᠭᠠᠴᠢᠯᠠᠭᠰᠠᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠃ ᠨᠢᠭᠡ ᠳᠤ ᠂ ᠲᠣᠭᠠᠴᠢᠯᠠᠯᠲᠠ ᠶᠢ ᠠᠵᠤ ᠦᠢᠯᠡᠰᠵᠢᠭᠦᠯᠬᠦ ᠲᠠᠯ᠎ᠠ ᠪᠠᠷ | ᠲᠤᠭ᠎ᠠ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠳᠣᠪᠤᠶᠢᠯᠭᠠᠵᠤ ᠂ ᠤᠯᠤᠰ ᠤᠨ ︽ ᠵᠡᠭᠦᠨᠳᠡᠬᠢ ᠲᠤᠭ᠎ᠠ ᠪᠠᠷᠢᠮᠲᠠ ᠪᠠᠷᠠᠭᠤᠨᠳᠡᠬᠢ ᠪᠣᠳᠣᠯᠲᠠ ︾ | ᠶᠢᠨ ᠠᠵᠠ ᠲᠣᠭᠢᠶᠠᠯ ᠢ ᠠᠮᠵᠢᠨ ᠂ ᠨᠢᠭᠡ ᠪᠦᠯᠦᠭ ᠰᠢᠨ᠎ᠡ ᠰᠠᠭᠤᠷᠢ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠤᠷᠢᠳᠴᠢᠯᠠᠨ ᠪᠦᠲᠦᠭᠡᠨ ᠪᠠᠶᠢᠭᠤᠯᠵᠤ ᠂ | ᠪᠣᠳᠣᠯᠲᠠ ᠶᠢᠨ ᠲᠠᠯ᠎ᠠ ᠪᠠᠷ ᠲᠤᠭ᠎ᠠ ᠬᠡᠮᠵᠢᠶ᠎ᠡ ᠶᠢ ᠥᠷᠭᠡᠳᠬᠡᠵᠦ ᠂ ︽ ᠪᠣᠬᠢᠷᠳᠤᠯ ᠦᠭᠡᠢ ᠪᠣᠳᠣᠯᠲᠠ ᠶᠢᠨ ᠬᠦᠴᠦᠨ ︾ ᠤ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠵᠦ ᠂ | ᠲᠣᠮᠣ ᠳ᠋ᠠᠶᠢᠲ᠋ᠠ ᠡᠭᠦᠯᠡᠨ ᠪᠣᠳᠣᠯᠲᠠ ᠪᠠᠷ ᠭᠤᠣᠯ ᠪᠤᠯᠭᠠᠬᠰᠠᠨ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠤᠷᠲᠤᠳᠬᠠᠵᠤ ᠂ ᠤᠯᠤᠰ ᠤᠨ ᠪᠣᠬᠢᠷᠳᠤᠯ ᠦᠭᠡᠢ | ᠪᠣᠳᠣᠯᠲᠠ ᠶᠢᠨ ᠪᠠᠲᠤᠯᠠᠭ᠎ᠠ ᠶᠢᠨ ᠰᠠᠭᠤᠷᠢᠨ ᠂ ᠲᠣᠮᠣ ᠳ᠋ᠠᠶᠢᠲ᠋ᠠ ᠶᠢᠨ ᠭᠠᠷᠭᠠᠯᠲᠠ ᠶᠢᠨ ᠰᠠᠭᠤᠷᠢᠨ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ ᠃ | ᠬᠤᠶᠠᠷ ᠲᠤ ᠂ ᠠᠵᠤ ᠦᠢᠯᠡᠰ ᠤᠨ ᠲᠣᠭᠠᠴᠢᠯᠠᠯᠲᠠ ᠶᠢᠨ ᠲᠠᠯ᠎ᠠ ᠪᠠᠷ ᠠᠭᠤᠰᠤᠯᠴᠠᠨ ᠬᠥᠭᠵᠢᠬᠦ ᠶᠢ ᠳᠣᠪᠤᠶᠢᠯᠭᠠᠵᠤ ᠂ ᠡᠨᠧᠷᠭᠢ ᠡᠬᠢ ᠪᠠᠶᠠᠯᠢᠭ ᠤᠨ ᠭᠡᠯᠪᠡᠷᠢ ᠶᠢᠨ ᠠᠵᠤ | ᠦᠢᠯᠡᠰ ᠢᠶᠠᠷ ᠭᠤᠣᠯ ᠲᠡᠶᠢᠨ ᠤ ᠲᠠᠯᠠᠪᠤᠷ ᠪᠤᠯᠭᠠᠵᠤ ᠂ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠᠷ ᠭᠤᠣᠯ ᠬᠡᠯᠬᠢᠶ᠎ᠡ ᠪᠤᠯᠭᠠᠵᠤ ᠂ ᠠᠵᠤ ᠦᠢᠯᠡᠰ ᠤᠨ | ᠬᠦᠷᠢᠶᠡᠯᠡᠩ ᠲᠣᠭᠤᠷᠢᠭ ᠢᠶᠠᠷ ᠭᠤᠣᠯ ᠵᠢᠭᠰᠠᠭᠠᠯ ᠤᠨ ᠭᠠᠵᠠᠷ ᠪᠤᠯᠭᠠᠵᠤ ᠂ ᠠᠵᠤ ᠦᠢᠯᠡᠰ ᠤᠨ ᠲᠣᠭᠠᠴᠢᠯᠠᠯᠲᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠶᠡᠭᠡ ᠪᠠᠷ | ᠠᠬᠢᠭᠤᠯᠵᠤ ᠂ ᠠᠵᠤ ᠦᠢᠯᠡᠰ ᠤᠨ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ ᠃ ᠭᠤᠷᠪᠠ ᠳᠤ ᠂ ᠵᠠᠰᠠᠯᠲᠠ ᠪᠠ | ᠦᠢᠯᠡᠴᠢᠯᠡᠭᠡ ᠶᠢᠨ ᠲᠤᠭᠠᠴᠢᠯᠠᠯᠳᠠ ᠶᠢᠨ ᠲᠠᠯ᠎ᠠ ᠪᠠᠷ ᠬᠦᠴᠦ ᠲᠠᠯᠪᠢᠵᠤ ᠂ ᠥᠨᠳᠥᠷ ᠪᠦᠲᠦᠮᠵᠢᠲᠡᠶ ᠪᠠᠷ ︽ ᠨᠢᠭᠡ ᠶᠠᠪᠤᠳᠠᠯ ᠢ ᠪᠡᠶᠡᠯᠡᠭᠦᠯᠬᠦ ︾ ᠶᠢᠨ ᠲᠣᠭᠤᠷᠢᠨ ᠳᠤ ᠂ | ︽ ᠲᠣᠭᠠᠴᠢᠯᠠᠯᠲᠠ + ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ︾ ᠂ ︽ ᠲᠣᠭᠠᠴᠢᠯᠠᠯᠲᠠ + ᠵᠠᠰᠠᠭ ᠤᠨ ᠶᠠᠪᠤᠳᠠᠯ ᠤᠨ ᠦᠢᠯᠡᠴᠢᠯᠡᠭᠡ ︾ ᠂ ︽ | ᠲᠣᠭᠠᠴᠢᠯᠠᠯᠲᠠ + ᠬᠤᠲᠠ ᠶᠢᠨ ᠬᠠᠮᠢᠶᠠᠷᠤᠯᠲᠠ ︾ ᠂ ︽ ᠲᠣᠭᠠᠴᠢᠯᠠᠯᠲᠠ + ᠠᠮᠢ ᠠᠬᠤᠢ ᠶᠢᠨ ᠵᠠᠰᠠᠯᠲᠠ ︾ ᠵᠡᠷᠭᠡ ᠠᠵᠢᠯ ᠢ ᠰᠠᠶᠢᠲᠤᠷ ᠬᠢᠵᠦ ᠂ ᠵᠠᠰᠠᠯᠲᠠ ᠶᠢᠨ | ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠎ᠡ ᠃ ᠳᠥᠷᠪᠡ ᠳᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠂ ᠮᠡᠷᠭᠡᠵᠢᠯ ᠤᠨ | ᠰᠢᠨ᠎ᠡ ᠶᠢ ᠡᠭᠦᠳᠬᠦ ᠶᠢ ᠴᠢᠬᠤᠯᠠᠴᠢᠯᠠᠵᠤ ᠂ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠦᠨᠡᠨ ᠪᠣᠳᠠᠲᠠᠢ ᠠᠷᠭ᠎ᠠ | ᠬᠡᠮᠵᠢᠶ᠎ᠡ ᠠᠪᠴᠤ ᠪᠠᠶᠢᠭᠠᠳ ᠰᠢᠨ᠎ᠡ ᠶᠢ ᠡᠭᠦᠳᠬᠦ ᠶᠢ ᠳᠡᠮᠵᠢᠵᠦ ᠂ ᠠᠵᠤ ᠠᠬᠤᠶᠢᠯᠠᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠵᠣᠷᠢᠭᠲᠠᠢ ᠪᠠᠷ ᠬᠡᠷᠡᠭᠯᠡᠨ | ᠴᠢᠳᠠᠮᠠᠭᠠᠢ ᠬᠡᠷᠡᠭᠯᠡᠨ᠎ᠡ ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠤᠷᠢᠵᠤ ᠤᠶᠤᠨ ᠤᠬᠠᠭᠠᠨ ᠣᠷᠣᠭᠤᠯᠤᠨ | ᠠᠪᠴᠢᠷᠠᠬᠤ ᠶᠢ ᠤᠶᠠᠯᠳᠤᠭᠤᠯᠵᠤ ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠳᠤ ᠴᠢᠳᠠᠪᠤᠷᠢᠲᠠᠨ ᠤ ᠪᠠᠲᠤᠯᠠᠭ᠎ᠠ ᠪᠠ ᠤᠶᠤᠨ ᠤ ᠳᠡᠮᠵᠢᠯᠭᠡ ᠬᠠᠩᠭᠠᠬᠤ | ᠬᠡᠷᠡᠭᠲᠡᠢ ᠃ ᠰᠤᠷᠤᠯᠴᠠᠯᠭ᠎ᠠ ᠪᠠ ᠦᠢᠯᠡᠳᠦᠯᠭᠡ ᠪᠠᠨ ᠴᠢᠩᠭᠠᠳᠬᠠᠵᠤ ᠂ ︽ ᠲᠤᠭ᠎ᠠ ᠪᠠᠷᠢᠮᠲᠠ ᠪᠠᠷ ᠦᠭᠡ ᠬᠡᠯᠡᠬᠦ ᠂ ᠲᠤᠭ᠎ᠠ ᠪᠠᠷᠢᠮᠲᠠ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠂ ᠲᠤᠭ᠎ᠠ ᠪᠠᠷᠢᠮᠲᠠ ᠪᠠᠷ ᠬᠠᠮᠢᠶᠠᠷᠬᠤ ᠂ ᠲᠤᠭ᠎ᠠ ᠪᠠᠷᠢᠮᠲᠠ ᠪᠠᠷ ᠰᠢᠨ᠎ᠡ ᠶᠢ ᠡᠭᠦᠳᠬᠦ ︾ ᠰᠡᠳᠬᠢᠬᠦᠢ ᠪᠠ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ | ᠭᠡᠵᠡᠢ ᠃ | | | |