| ᠲᠠᠷᠢᠶᠠᠨ ᠭᠠᠵᠠᠷ ᠤᠨ ᠬᠠᠮᠠᠭᠠᠯᠠᠯᠲᠠ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠬᠤᠶᠠᠷ ᠤᠯᠠᠭᠠᠨ ᠱᠤᠭᠤᠮ ᠪᠣᠯ ᠴᠥᠮ ᠥᠨᠳᠥᠷ ᠳᠠᠷᠤᠯᠲᠠᠲᠤ ᠱᠤᠭᠤᠮ | ᠮᠥᠨ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠣᠶᠢᠷ᠎ᠠ ᠳᠤ ᠮᠡᠳᠡᠭᠳᠡᠯ ᠪᠠᠭᠤᠯᠭᠠᠵᠤ ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠂ ᠠᠮᠢ ᠠᠬᠤᠢ | ᠪᠠ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠡᠪᠳᠡᠬᠦ ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠵᠡᠷᠭᠡ ᠠᠰᠠᠭᠤᠳᠠᠯ | ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ ᠃ ᠡᠨᠡ ᠨᠢ ᠬᠠᠨᠳᠤᠯᠭᠠᠲᠤ ᠴᠢᠨᠠᠷ ᠪᠠ ᠴᠠᠭ ᠦᠶᠡᠴᠢ ᠴᠢᠨᠠᠷ ᠢᠶᠠᠷ ᠮᠠᠰᠢ ᠴᠢᠩᠭ᠎ᠠ | ᠲᠥᠷᠥ ᠶᠢᠨ ᠪᠣᠳᠣᠯᠭ᠎ᠠ ᠶᠤᠮ ᠃ | ᠲᠠᠷᠢᠶᠠᠨ ᠭᠠᠵᠠᠷ ᠤᠨ ᠬᠠᠮᠠᠭᠠᠯᠠᠯᠲᠠ ᠨᠢ ᠠᠮᠤ ᠪᠤᠳᠠᠭᠠᠨ ᠤ ᠠᠮᠤᠷ ᠲᠦᠪᠰᠢᠨ ᠭᠡᠬᠦ ᠡᠨᠡ ᠬᠦ ︽ ᠤᠯᠤᠰ ᠤᠨ ᠲᠣᠮᠣ ᠶᠠᠪᠤᠳᠠᠯ ︾ ᠲᠠᠢ ᠬᠤᠯᠪᠣᠭᠳᠠᠵᠤ ᠪᠠᠶᠢᠳᠠᠭ ᠃ | ᠡᠳᠡᠭᠡᠷ ᠵᠢᠯ ᠤᠳ ᠲᠤ ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠪᠢᠳᠡ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠠᠷᠠᠳ ᠲᠦᠮᠡᠨ ᠤ | ᠡᠳᠦᠷ ᠪᠦᠷᠢ ᠴᠠᠭ ᠲᠤ ᠪᠠᠨ ᠬᠤᠭᠤᠯᠠ ᠪᠠᠨ ᠢᠳᠡᠵᠦ ᠂ ᠭᠡᠳᠡᠰᠦ ᠴᠠᠳᠬᠤᠯᠠᠩ ᠮᠥᠷᠲᠡᠭᠡᠨ ᠬᠤᠭᠤᠯᠠᠨ ᠠᠶᠠᠭ᠎ᠠ ᠪᠠᠨ ᠤᠯᠠᠮ ᠯᠠᠪᠳᠠᠭᠤᠨ ᠢᠶᠠᠷ ᠭᠠᠷ ᠲᠤ ᠪᠠᠨ | ᠪᠠᠷᠢᠵᠦ ᠂ ᠡᠳᠦᠷ ᠢᠷᠡᠬᠦᠶ᠎ᠡ ᠰᠠᠶᠢᠨ ᠢ ᠢᠳᠡᠬᠦ ᠶᠢ ᠪᠠᠲᠤᠯᠠᠪᠠ ᠂ ᠡᠨᠡ ᠨᠢ ᠳᠠᠷᠤᠢ ᠲᠠᠷᠢᠶᠠᠨ ᠭᠠᠵᠠᠷ ᠭᠡᠬᠦ ᠡᠨᠡ ᠬᠦ ᠠᠮᠤ ᠪᠤᠳᠠᠭᠠᠨ ᠤ ᠠᠮᠤᠷ ᠲᠦᠪᠰᠢᠨ ᠤ ᠠᠮᠢᠨ | ᠰᠤᠳᠠᠰᠤ ᠶᠢ ᠪᠠᠲᠤ ᠰᠠᠬᠢᠭᠰᠠᠨ ᠶᠠᠪᠤᠳᠠᠯ ᠪᠣᠯᠣᠨ᠎ᠠ ᠃ ᠲᠠᠷᠢᠶᠠᠨ ᠭᠠᠵᠠᠷ ᠢ ᠬᠠᠮᠠᠭᠠᠯᠠᠬᠤ ᠡᠨᠡ ᠬᠦ ᠬᠥᠪᠴᠢ ᠶᠢ ᠡᠷᠬᠡᠪᠰᠢ ᠴᠠᠭ ᠢᠮᠠᠭᠲᠠ ᠴᠢᠩᠭᠠᠯᠠᠬᠤ ᠬᠡᠷᠡᠭᠲᠡᠢ ᠃ | 2022 ᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠴᠢᠬᠤᠯᠠ ᠶᠡᠭᠡ | ᠨᠡᠶᠢᠲᠡᠯᠢᠭ ᠬᠡᠷᠡᠭ ᠤᠨ ᠵᠢᠱᠢᠶ᠎ᠡ ᠳᠣᠲᠣᠷ᠎ᠠ ᠭᠤᠣᠯᠳᠠᠭᠤ ᠲᠠᠷᠢᠶᠠᠨ ᠭᠠᠵᠠᠷ ᠢ ᠡᠵᠡᠯᠡᠨ ᠨᠠᠭᠤᠷ ᠢ ᠮᠠᠯᠲᠠᠵᠤ ᠦᠵᠡᠮᠵᠢ ᠶᠢᠨ ᠭᠠᠵᠠᠷ ᠪᠠᠶᠢᠭᠤᠯᠬᠤ ᠂ ᠪᠠᠷᠢᠮᠵᠢᠶ᠎ᠠ ᠠᠴᠠ | ᠬᠡᠲᠦᠷᠡᠭᠦᠯᠦᠨ ᠨᠣᠭᠤᠭᠠᠷᠠᠭᠤᠯᠤᠯᠲᠠ ᠶᠢᠨ ᠪᠦᠰᠡ ᠪᠠᠶᠢᠭᠤᠯᠬᠤ ᠂ ᠡᠳ᠋ᠯᠡᠩ ᠤᠨ ᠴᠣᠭᠴᠠᠯᠠᠪᠤᠷᠢ ᠶᠢ ᠪᠦᠲᠦᠭᠡᠨ ᠪᠠᠶᠢᠭᠤᠯᠬᠤ ᠵᠡᠷᠭᠡ ︽ ᠦᠵᠡᠮᠵᠢ ᠶᠢ ᠡᠷᠬᠢᠮᠯᠡᠨ ᠢᠳᠡᠬᠦ | ᠬᠤᠭᠤᠯᠠ ᠪᠠᠨ ᠤᠮᠳᠠᠭᠠᠶᠢᠯᠠᠬᠤ ︾ ᠠᠰᠠᠭᠤᠳᠠᠯ ᠲᠣᠪᠤᠶᠢᠮ᠎ᠠ ᠣᠷᠣᠰᠢᠵᠤ ᠪᠠᠶᠢᠨ᠎ᠠ ᠃ ᠡᠭᠦᠨ ᠳᠤ ᠡᠷᠬᠡᠪᠰᠢ ︽ ᠰᠢᠳᠦ ᠤᠷᠭᠤᠭᠤᠯᠬᠤ ︾ ᠬᠠᠲᠠᠭᠤ ᠠᠷᠭ᠎ᠠ ᠬᠡᠮᠵᠢᠶ᠎ᠡ | ᠠᠪᠴᠤ ᠂ ᠡᠯ᠎ᠡ ᠲᠦᠷᠦᠯ ᠤᠨ ᠲᠠᠷᠢᠶᠠᠨ ᠭᠠᠵᠠᠷ ᠢ ︽ ᠲᠠᠷᠢᠶᠠᠯᠠᠩ ᠤᠨ ᠪᠤᠰᠤ ᠪᠣᠯᠭᠠᠬᠤ ︾ ᠶᠢ ᠡᠷᠡᠰ ᠬᠤᠷᠢᠭᠯᠠᠵᠤ ᠂ ᠲᠠᠷᠢᠶᠠᠨ ᠭᠠᠵᠠᠷ ᠢ ︽ ᠠᠮᠤ ᠪᠤᠳᠠᠭᠠᠨ ᠤ | ᠪᠤᠰᠤ ᠪᠣᠯᠭᠠᠬᠤ ︾ ᠶᠢ ᠰᠡᠷᠭᠡᠶᠢᠯᠡᠵᠦ ᠂ ᠰᠢᠨ᠎ᠡ ᠪᠠᠷ ᠡᠭᠦᠰᠦᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ︽ ᠥᠴᠥᠬᠡᠨ ᠴᠦ ᠠᠭᠤᠴᠢᠯᠠᠬᠤ ᠦᠭᠡᠢ ︾ ᠪᠠᠶᠢᠵᠤ ᠂ | ᠪᠠᠶᠢᠴᠠᠭᠠᠨ ᠢᠯᠡᠷᠡᠭᠦᠯᠦᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ | ᠬᠡᠷᠡᠭᠲᠡᠢ ᠃ ᠡᠭᠦᠨ ᠤ ᠵᠡᠷᠭᠡᠴᠡᠭᠡ ᠪᠠᠷ ᠂ ᠥᠩᠭᠡᠷᠡᠭᠰᠡᠨ ᠳᠤ ᠵᠦᠢ ᠵᠣᠬᠢᠰ ᠦᠭᠡᠢ ᠪᠠᠷ ᠠᠯᠳᠠᠭᠳᠠᠵᠤ ᠭᠡᠭᠡᠭᠳᠡᠭᠰᠡᠨ ᠴᠢᠨᠠᠷ ᠰᠠᠶᠢᠲᠠᠢ ᠬᠡᠰᠡᠭ ᠲᠠᠷᠢᠶᠠᠨ ᠭᠠᠵᠠᠷ ᠲᠤ ᠴᠤ | ᠲᠠᠷᠢᠶᠠᠯᠠᠬᠤ ᠳᠤ ᠲᠣᠬᠢᠷᠠᠮᠵᠢᠲᠠᠢ ᠪᠣᠯ ᠲᠠᠷᠢᠶᠠᠯᠠᠬᠤ ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠣᠶᠢᠵᠢᠭᠤᠯᠬᠤ ᠂ ᠡᠪᠡᠰᠦ ᠪᠡᠯᠴᠢᠭᠡᠷ ᠤᠷᠭᠤᠭᠤᠯᠬᠤ ᠳᠤ | ᠲᠣᠬᠢᠷᠠᠮᠵᠢᠲᠠᠢ ᠪᠣᠯ ᠡᠪᠡᠰᠦ ᠪᠡᠯᠴᠢᠭᠡᠷ ᠤᠷᠭᠤᠭᠤᠯᠬᠤ ᠵᠠᠷᠴᠢᠮ ᠢ ᠪᠠᠷᠢᠮᠲᠠᠯᠠᠵᠤ ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠂ ᠲᠥᠯᠥᠪᠯᠡᠭᠡ ᠲᠠᠢ ᠂ | ᠬᠡᠮᠨᠡᠯ ᠲᠠᠢ ᠪᠠᠷ ᠰᠡᠷᠭᠦᠭᠡᠬᠦ ᠬᠡᠷᠡᠭᠲᠡᠢ ᠃ ᠭᠡᠬᠦ ᠳᠤ ᠪᠠᠨ ᠰᠡᠷᠭᠦᠭᠡᠬᠦ ᠶᠠᠪᠤᠴᠠ ᠳᠤ ᠶᠠᠭᠠᠬᠢᠭᠰᠠᠨ ᠴᠤ ︽ ᠬᠢᠯᠪᠠᠷᠴᠢᠯᠠᠵᠤ ︾ ︽ ᠨᠢᠭᠡ ᠯᠡ ᠪᠠᠷᠢᠮᠵᠢᠶ᠎ᠠ ᠪᠠᠷ ᠱᠠᠭᠠᠷᠳᠠᠵᠦ ︾ | ᠪᠣᠯᠬᠤ ᠦᠭᠡᠢ ᠃ | ᠤᠯᠤᠰ ᠤᠨ ᠪᠠᠶᠢᠳᠠᠯ ᠪᠣᠯᠣᠨ ᠤᠯᠤᠰ ᠤᠨ ᠬᠠᠤᠯᠢ ᠴᠠᠭᠠᠵᠠ ᠳᠤ ᠰᠠᠭᠤᠷᠢᠯᠠᠨ ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ | ᠴᠡᠴᠡᠷᠯᠢᠭ ᠪᠠ ᠨᠠᠭᠤᠷ ᠴᠥᠭᠦᠷᠥᠮ ᠪᠠᠶᠢᠭᠤᠯᠬᠤ ᠂ ᠣᠶᠢᠵᠢᠭᠤᠯᠬᠤ ᠂ ᠦᠵᠡᠮᠵᠢ ᠪᠦᠲᠦᠭᠡᠬᠦ ᠵᠡᠷᠭᠡ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ ᠃ ᠡᠨᠡ ᠪᠣᠯ | ︽ ᠱᠠᠯᠪᠢᠩ ᠤᠷᠪᠠᠭᠤᠯᠬᠤ ︾ ᠂ ︽ ᠣᠶᠢᠵᠢᠭᠤᠯᠬᠤ ᠶᠢ ᠵᠣᠭᠰᠣᠭᠠᠵᠤ ᠲᠠᠷᠢᠶᠠᠯᠠᠬᠤ ᠶᠢ ᠰᠡᠷᠭᠦᠭᠡᠬᠦ ︾ ᠶᠠᠪᠤᠳᠠᠯ ᠤᠭᠳᠤ ᠪᠢᠰᠢ ᠂ ᠶᠠᠭᠠᠬᠢᠭᠰᠠᠨ ᠴᠦ ᠤᠬᠠᠭᠳᠠᠬᠤᠨ ᠢ | ᠰᠣᠯᠢᠵᠤ ᠪᠣᠯᠬᠤ ᠦᠭᠡᠢ ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ ᠡᠮᠬᠢ ᠵᠢᠷᠤᠮ ᠲᠠᠢ ᠪᠠᠷ ᠬᠡᠷᠡᠭᠵᠢᠭᠦᠯᠬᠦ ᠶᠢᠨ | ᠦᠨᠳᠦᠰᠦᠨ ᠵᠣᠷᠢᠯᠭ᠎ᠠ ᠪᠣᠯ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ ᠶᠤᠮ ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠢ | ᠠᠬᠤᠢ ᠶᠢ ᠬᠠᠮᠠᠭᠠᠯᠠᠨ ᠲᠠᠷᠢᠶᠠᠯᠠᠬᠤ ᠶᠢ ᠵᠣᠭᠰᠤᠭᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠪᠠᠷ ᠳᠠᠮᠵᠢᠭᠤᠯᠤᠨ ᠠᠮᠢ ᠠᠬᠤᠢ ᠶᠢᠨ ᠣᠷᠴᠢᠨ ᠲᠣᠭᠤᠷᠢᠨ ᠢ | ᠰᠠᠶᠢᠵᠢᠷᠠᠭᠤᠯᠵᠤ ᠪᠣᠯᠬᠤ ᠮᠥᠷᠲᠡᠭᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠵᠦ ᠂ ᠬᠥᠳᠡᠭᠡ ᠲᠣᠰᠬᠤᠨ ᠤ | ᠬᠥᠭᠵᠢᠯᠲᠡ ᠶᠢ ᠠᠬᠢᠭᠤᠯᠤᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠴᠢᠳᠠᠨ᠎ᠠ ᠭᠡᠳᠡᠭ ᠢ ᠦᠢᠯᠡᠳᠦᠯᠭᠡ ᠬᠠᠷᠠᠭᠤᠯᠵᠤ ᠪᠠᠶᠢᠨ᠎ᠠ ᠃ | ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠶᠢ ᠰᠡᠷᠭᠦᠭᠡᠭᠰᠡᠨ ᠦᠷ᠎ᠡ ᠪᠦᠲᠦᠭᠡᠯ ᠢ | ᠪᠠᠬᠢᠵᠢᠭᠦᠯᠬᠦ ᠬᠡᠷᠡᠭᠲᠡᠢ ᠭᠡᠵᠦ ᠲᠣᠳᠣᠷᠬᠠᠢ ᠴᠢᠬᠤᠯᠠᠴᠢᠯᠠᠭᠰᠠᠨ ᠪᠠᠶᠢᠨ᠎ᠠ ᠃ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠳᠤ | ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠶᠢ ᠰᠡᠷᠭᠦᠭᠡᠬᠦ ᠠᠵᠢᠯ ᠢ ᠪᠠᠬᠢᠵᠢᠭᠦᠯᠬᠦ ᠠᠴᠠ ᠪᠢᠰᠢ ᠬᠠᠷᠢᠨ ︽ ᠤᠬᠤᠷᠢᠭᠤᠯᠵᠤ ︾ ᠪᠣᠯᠬᠤ ᠦᠭᠡᠢ ᠶᠤᠮ ᠃ | ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠶᠢ ᠰᠡᠷᠭᠦᠭᠡᠬᠦ ᠭᠠᠵᠠᠷ ᠢ 25 ᠭᠷᠡᠳᠦ᠋ᠰ ᠠᠴᠠ ᠳᠡᠭᠡᠭᠰᠢᠬᠢ ᠨᠠᠯᠠᠤ ᠲᠠᠷᠢᠶᠠᠨ ᠭᠠᠵᠠᠷ ᠂ ᠬᠦᠨᠳᠦ ᠨᠣᠴᠢᠲᠠᠢ | ᠡᠯᠡᠰᠦᠷᠭᠡᠭᠵᠢᠭᠰᠡᠨ ᠲᠠᠷᠢᠶᠠᠨ ᠭᠠᠵᠠᠷ ᠂ ᠴᠢᠬᠤᠯᠠ ᠤᠰᠤᠨ ᠰᠤᠷᠪᠤᠯᠵᠢ ᠶᠢᠨ ᠭᠠᠵᠠᠷ ᠤᠨ 15 ᠠᠴᠠ 25 ᠭᠷᠡᠳᠦ᠋ᠰ ᠨᠠᠯᠠᠤ ᠲᠠᠷᠢᠶᠠᠨ ᠭᠠᠵᠠᠷ ᠵᠡᠷᠭᠡ ᠬᠡᠪᠴᠢᠶᠡᠨ ᠳᠤ | ᠴᠢᠩᠭ᠎ᠠ ᠬᠢᠵᠠᠭᠠᠷᠯᠠᠬᠤ ᠬᠡᠷᠡᠭᠲᠡᠢ ᠂ ᠡᠶᠢᠮᠦᠷᠬᠦᠦ ᠲᠠᠷᠢᠶᠠᠨ ᠭᠠᠵᠠᠷ ᠤᠨ ᠠᠮᠢ ᠠᠬᠤᠢ ᠨᠢ ᠬᠡᠪᠡᠷᠡᠭ ᠂ ᠣᠶᠢᠵᠢᠭᠤᠯᠬᠤ ᠳᠤ ᠲᠣᠬᠢᠷᠠᠮᠵᠢᠲᠠᠢ ᠴᠦ ᠲᠠᠷᠢᠶᠠᠯᠠᠬᠤ ᠳᠤ | ᠲᠣᠬᠢᠷᠠᠮᠵᠢ ᠦᠭᠡᠢ ᠶᠤᠮ ᠃ ᠣᠶᠢᠲᠤ ᠭᠠᠵᠠᠷ ᠂ ᠨᠤᠭᠤ ᠭᠠᠵᠠᠷ ᠂ ᠭᠤᠣᠯ ᠤᠨ ᠵᠠᠮ ᠨᠠᠭᠤᠷ ᠤᠨ ᠣᠷᠣᠨ ᠵᠢᠴᠢ ᠬᠦᠨᠳᠦ ᠨᠣᠴᠢᠲᠠᠢ ᠡᠯᠡᠰᠦᠷᠭᠡᠭᠵᠢᠭᠰᠡᠨ ᠂ ᠬᠥᠷᠥᠰᠥ | ᠰᠢᠷᠣᠢ ᠶᠢᠨ ᠢᠳᠡᠭᠳᠡᠯ ᠬᠦᠨᠳᠦ ᠨᠣᠴᠢᠲᠠᠢ ᠵᠡᠷᠭᠡ ᠣᠷᠣᠨ ᠳᠤ ᠲᠠᠷᠢᠶᠠᠨ ᠭᠠᠵᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠪᠥᠭᠡᠳ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠳᠡᠭᠡᠷ᠎ᠡ ᠣᠶᠢᠵᠢᠭᠤᠯᠵᠤ ᠮᠣᠳᠣ ᠲᠠᠷᠢᠬᠤ ᠶᠢ ᠨᠡᠩ ᠴᠤ ᠴᠢᠩᠭ᠎ᠠ ᠴᠠᠭᠠᠵᠠᠯᠠᠬᠤ ᠬᠡᠷᠡᠭᠲᠡᠢ ᠂ ᠡᠨᠡ ᠬᠤᠶᠠᠷ ᠲᠠᠯ᠎ᠠ ᠪᠠᠷ ᠴᠥᠮ | ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠶᠤᠮ ᠃ | ᠣᠳᠣᠬᠠᠨ ᠳᠤ ᠂ ᠮᠠᠨ ᠤ ᠤᠯᠤᠰ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯ᠎ᠠ ᠪᠠᠷ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ | ᠳᠦᠷᠢᠮ ᠂ ᠲᠥᠯᠦᠪᠵᠢᠭᠦᠯᠭᠡ ᠂ ᠮᠡᠷᠭᠡᠵᠢᠯ ᠤᠨ ᠠᠷᠭ᠎ᠠ ᠪᠠᠷᠢᠯ ᠠᠯᠬᠤᠮ ᠠᠯᠬᠤᠮ ᠢᠶᠠᠷ ᠲᠡᠭᠦᠯᠳᠡᠷᠵᠢᠵᠦ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠮᠠᠨ ᠤ ᠤᠯᠤᠰ ᠤᠨ ᠠᠩᠬᠠᠳᠠᠭᠴᠢ ︽ ᠣᠯᠠᠨ ᠲᠥᠯᠦᠪᠵᠢᠭᠦᠯᠭᠡ ᠶᠢ ᠨᠢᠭᠡᠳᠬᠡᠭᠰᠡᠨ ︾ ᠤᠯᠤᠰ ᠤᠨ ᠲᠠᠰ ᠤᠨ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠶᠢᠨ ᠲᠣᠪᠴᠢ ᠶᠢ ᠳᠠᠷᠤᠮᠠᠯᠯᠠᠨ ᠲᠠᠷᠬᠠᠭᠠᠵᠤ ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠤᠯᠠᠭᠠᠨ ᠱᠤᠭᠤᠮ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ | ᠵᠠᠭᠠᠭ ᠬᠢᠵᠠᠭᠠᠷ ︽ ᠭᠤᠷᠪᠠᠨ ᠬᠢᠵᠠᠭᠠᠷᠯᠠᠬᠤ ᠱᠤᠭᠤᠮ ︾ ᠢ ᠵᠠᠭᠠᠭᠯᠠᠨ ᠲᠣᠭᠲᠠᠭᠠᠪᠠ ᠃ 18 ᠳ᠋ᠦᠩᠰᠢᠭᠤᠷ ᠮᠦ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ | ᠱᠤᠭᠤᠮ ᠂ 315 ᠲᠦᠮᠡᠨ ᠺᠦᠸᠠᠳ᠋ ᠺᠢᠯᠣᠮᠧᠳ᠋ᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠣᠯ ᠴᠥᠮ ᠥᠨᠳᠥᠷ ᠳᠠᠷᠤᠯᠲᠠᠲᠤ ᠱᠤᠭᠤᠮ ᠂ ᠠᠮᠢ | ᠨᠠᠰᠤᠨ ᠤ ᠱᠤᠭᠤᠮ ᠪᠣᠯᠣᠨ᠎ᠠ ᠃ ᠵᠠᠭᠠᠭᠯᠠᠨ ᠲᠣᠭᠲᠠᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠶᠣᠰᠣᠭᠠᠷ ᠂ ︽ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠳᠤ ᠭᠤᠷᠪᠠᠨ ᠬᠢᠵᠠᠭᠠᠷᠯᠠᠬᠤ ᠱᠤᠭᠤᠮ ᠢ ᠨᠢᠭᠡᠳᠦᠯᠲᠡᠢ ᠲᠥᠯᠥᠪᠵᠢᠭᠦᠯᠦᠨ ᠲᠣᠭᠲᠠᠭᠠᠬᠤ ᠲᠤᠬᠠᠢ ᠵᠢᠯᠤᠭᠤᠳᠬᠤ ᠰᠠᠨᠠᠯ ︾ ᠢ | ᠨᠠᠶᠢᠳᠠᠪᠤᠷᠢᠵᠢᠭᠤᠯᠵᠤ ᠂ ᠵᠡᠭᠦᠨ ᠬᠡᠷᠡᠮ ᠢᠶᠠᠨ ᠨᠤᠷᠠᠭᠠᠵᠤ ᠪᠠᠷᠠᠭᠤᠨ ᠬᠡᠷᠡᠮ ᠢᠶᠠᠨ ᠨᠥᠬᠦᠬᠦ ᠶᠢ ᠶᠠᠭᠠᠬᠢᠭᠰᠠᠨ ᠴᠦ ᠵᠥᠪᠰᠢᠶᠡᠷᠡᠬᠦ ᠦᠭᠡᠢ ᠃ | ᠡᠳᠡᠭᠡᠷ ᠰᠢᠨ᠎ᠡ ᠬᠡᠷᠡᠭ ᠪᠣᠳᠠᠰ ᠢ ᠡᠴᠦᠰ ᠲᠤ ᠪᠠᠨ ᠴᠥᠮ ︽ ᠪᠣᠳᠠᠲᠠᠢ ᠳᠤ ᠨᠠᠶᠢᠳᠠᠪᠤᠷᠢᠵᠢᠭᠤᠯᠵᠤ ︾ ᠂ ᠪᠣᠳᠠᠲᠠᠢ ᠪᠠᠷ ᠦᠢᠯᠡᠳᠪᠦᠷᠢᠯᠡᠵᠦ ᠡᠵᠡᠩᠨᠡᠵᠦ ᠪᠠᠶᠢᠭ᠎ᠠ | ᠲᠠᠷᠢᠶᠠᠴᠢᠳ ᠤᠨ ᠪᠡᠶ᠎ᠡ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ ᠃ ᠮᠡᠷᠭᠡᠵᠢᠯ ᠤᠨ ᠠᠷᠭ᠎ᠠ ᠪᠠᠷᠢᠯ ᠢᠶᠠᠨ ᠰᠠᠶᠢᠵᠢᠷᠠᠭᠤᠯᠵᠤ ᠂ ᠬᠠᠮᠢᠶᠠᠷᠤᠯᠲᠠ ᠶᠢᠨ | ᠣᠶᠢᠯᠠᠭᠠᠭᠳᠠᠬᠤᠨ ᠢᠶᠠᠨ ᠴᠦ ᠰᠢᠨᠡᠴᠢᠯᠡᠬᠦ ᠬᠡᠷᠡᠭᠲᠡᠢ ᠃ ᠵᠠᠰᠠᠭ ᠵᠠᠬᠢᠷᠭᠠᠨ ᠤ ᠠᠷᠭ᠎ᠠ ᠪᠠᠷᠢᠯ ᠂ ᠬᠠᠤᠯᠢ ᠴᠠᠭᠠᠵᠠ ᠶᠢᠨ ᠠᠷᠭ᠎ᠠ ᠪᠠᠷᠢᠯ ᠠᠴᠠ ᠭᠠᠳᠠᠨ᠎ᠠ ᠪᠠᠰᠠ ᠠᠵᠤ | ᠠᠬᠤᠢ ᠶᠢᠨ ᠠᠷᠭ᠎ᠠ ᠪᠠᠷᠢᠯ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ ᠂ ᠠᠰᠢᠭ ᠲᠤᠰᠠ ᠶᠢ ᠲᠣᠬᠢᠷᠠᠭᠤᠯᠬᠤ ᠲᠣᠭᠲᠠᠴᠠ ᠪᠠᠷ ᠳᠠᠮᠵᠢᠭᠤᠯᠤᠨ ᠂ ᠲᠠᠷᠢᠶᠠᠴᠢᠳ | ᠪᠣᠯᠣᠨ ᠬᠠᠮᠲᠤ ᠤᠯᠠᠨ ᠤ ᠲᠠᠷᠢᠶ᠎ᠠ ᠪᠣᠯᠣᠨ ᠤᠢ ᠰᠢᠭᠤᠢ ᠶᠢ ᠬᠠᠮᠠᠭᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠃ | ︽ ᠤᠯᠤᠰ ᠤᠨ ᠲᠣᠮᠣ ᠶᠠᠪᠤᠳᠠᠯ ᠢ ᠪᠣᠳᠣᠯᠬᠢᠯᠠᠬᠤ ︾ ᠳᠤ ᠨᠡᠩ ᠴᠤ ︽ ᠨᠠᠷᠢᠨ ᠵᠦᠢᠯ ᠠᠴᠠ ᠡᠬᠢᠯᠡᠭᠦᠯᠬᠦ ︾ ᠬᠡᠷᠡᠭᠲᠡᠢ ᠃ ᠬᠠᠪᠤᠷ ᠲᠠᠷᠢᠵᠤ ᠨᠠᠮᠤᠷ ᠬᠤᠷᠢᠶᠠᠬᠤ ᠂ | ᠵᠤᠨ ᠠᠷᠠᠴᠢᠯᠠᠵᠤ ᠡᠪᠦᠯ ᠨᠥᠭᠡᠴᠡᠯᠡᠬᠦ ᠂ ᠡᠨᠡ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠭᠠᠯᠢ ᠶᠢᠨ ᠬᠡᠮᠨᠡᠯ ᠮᠥᠨ ᠃ ᠲᠣᠭᠲᠠᠭᠠᠯ ᠢ ᠵᠥᠷᠢᠴᠡᠨ ᠲᠠᠷᠢᠶᠠᠨ | ᠭᠠᠵᠠᠷ ᠠᠰᠢᠭᠯᠠᠭᠰᠠᠨ ᠢ ᠴᠡᠭᠴᠡᠯᠡᠨ ᠥᠭᠡᠷᠡᠴᠢᠯᠡᠵᠦ ᠳᠠᠬᠢᠨ ᠬᠠᠭᠠᠯᠪᠤᠷᠢᠯᠠᠬᠤ ᠳᠤ ᠡᠷᠬᠡᠪᠰᠢ ᠲᠠᠷᠢᠶᠠᠯᠠᠩ ᠤᠨ ᠦᠢᠯᠡᠳᠪᠦᠷᠢᠯᠡᠯ ᠤᠨ ᠵᠢᠮ᠎ᠡ ᠶᠣᠰᠣ ᠶᠢ ᠬᠦᠨᠳᠦᠳᠬᠡᠵᠦ ᠂ | ᠵᠢᠮᠢᠰ ᠤᠨ ᠮᠣᠳᠣᠨ ᠤ ᠡᠯᠪᠡᠭ ᠬᠤᠷᠢᠶᠠᠯᠲᠠ ᠶᠢᠨ ᠬᠤᠭᠤᠴᠠᠭᠠᠨ ᠳᠤ ᠪᠠᠶᠢᠬᠤ ᠂ ᠤᠢ ᠮᠣᠳᠣᠨ ᠤ ᠪᠤᠶᠢᠵᠢᠯᠲᠠ ᠶᠢᠨ ᠬᠤᠭᠤᠴᠠᠭᠠᠨ ᠳᠤ ᠪᠠᠶᠢᠬᠤ ᠂ ᠵᠢᠭᠠᠰᠤᠨ | ᠴᠥᠭᠦᠷᠥᠮ ᠤᠨ ᠬᠤᠷᠢᠶᠠᠯᠲᠠ ᠶᠢᠨ ᠤᠯᠠᠷᠢᠯ ᠳᠤ ᠪᠠᠶᠢᠬᠤ ᠶᠢ ᠬᠠᠶᠢᠬᠤᠷᠤᠯ ᠦᠭᠡᠢ ᠪᠠᠷ ᠠᠯᠪᠠᠳᠠᠯᠭ᠎ᠠ ᠪᠠᠷ ᠴᠢᠬᠢ ᠶᠢ ᠨᠢ ᠰᠤᠭᠤᠯᠵᠤ ᠮᠣᠳᠣ ᠶᠢ ᠨᠢ ᠣᠭᠲᠣᠯᠤᠨ ᠂ | ᠨᠦᠬᠡ ᠶᠢ ᠨᠢ ᠪᠥᠭᠯᠡᠵᠦ ᠨᠠᠭᠤᠷ ᠢ ᠨᠢ ᠲᠡᠭᠰᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ︔ ᠡᠷᠬᠡᠪᠰᠢ ᠲᠠᠷᠢᠶᠠᠴᠢᠳ ᠤᠨ ᠬᠦᠰᠡᠯ ᠰᠠᠨᠠᠯ ᠶᠢ ᠬᠦᠨᠳᠦᠳᠬᠡᠵᠦ ᠂ ᠪᠠᠰᠠ | ᠵᠦᠢ ᠵᠣᠬᠢᠰᠲᠠᠢ ᠪᠠᠷ ᠦᠨᠡᠨ ᠢ ᠪᠠᠷᠢᠮᠲᠠᠯᠠᠨ ᠰᠢᠯᠵᠢᠯᠲᠡ ᠶᠢᠨ ᠬᠤᠭᠤᠴᠠᠭ᠎ᠠ ᠲᠣᠭᠲᠠᠭᠠᠵᠤ ᠂ ᠲᠦᠷᠦ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠰᠠᠶᠢᠲᠤᠷ ᠬᠢᠵᠦ ᠂ | ᠵᠣᠬᠢᠬᠤ ᠲᠣᠭᠠᠨ ᠤ ᠨᠥᠬᠦᠪᠦᠷᠢ ᠣᠯᠭᠤᠵᠤ ᠂ ᠲᠥᠯᠥᠪᠯᠡᠭᠡ ᠲᠠᠢ ᠂ ᠬᠠᠷᠠᠯᠲᠠ ᠲᠠᠢ ᠂ ᠬᠡᠮᠨᠡᠯ ᠲᠠᠢ ᠪᠠᠷ ᠲᠠᠷᠢᠶᠠᠨ ᠭᠠᠵᠠᠷ ᠢ ᠪᠤᠴᠠᠭᠠᠨ ᠠᠪᠴᠢᠷᠠᠵᠤ ᠂ ᠲᠠᠷᠢᠶᠠᠨ | ᠭᠠᠵᠠᠷ ᠤᠨ ᠬᠠᠮᠠᠭᠠᠯᠠᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠂ ᠭᠤᠶᠢᠳᠠ ᠰᠠᠶᠢᠬᠠᠨ ᠬᠥᠳᠡᠭᠡ ᠲᠣᠰᠬᠤᠨ ᠢ | ᠪᠦᠲᠦᠭᠡᠨ ᠪᠠᠶᠢᠭᠤᠯᠬᠤ ᠶᠢᠨ ᠴᠢᠬᠤᠯᠠ ᠪᠦᠷᠢᠯᠳᠦᠭᠦᠨ ᠬᠡᠰᠡᠭ ᠪᠣᠯᠭᠠᠵᠤ ᠂ ᠲᠠᠷᠢᠶᠠᠴᠢᠳ ᠢ ᠲᠠᠷᠢᠶᠠᠨ ᠭᠠᠵᠠᠷ ᠢ ᠬᠠᠮᠠᠭᠠᠯᠠᠬᠤ ᠴᠢᠬᠤᠯᠠ ᠠᠵᠢᠯᠯᠠᠭᠠᠨ ᠤ ᠭᠤᠣᠯ | ᠴᠣᠭᠴᠠ ᠪᠣᠯᠭᠠᠬᠤ ᠬᠡᠷᠡᠭᠲᠡᠢ ᠃ | | | |