| ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠥᠨᠥᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ | ᠵᠢᠷᠤᠵᠤ ᠂ ︽ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ ︾ ᠢ ᠨᠡᠶᠢᠲᠡᠯᠡᠵᠦ ᠂ 2024 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠣᠯᠵᠠᠢ ᠃ | ᠡᠨᠡ ︽ ᠳᠦᠷᠢᠮ ︾ ᠨᠢ ᠨᠡᠶᠢᠲᠡ 7 ᠪᠦᠯᠦᠭ 60 ᠵᠤᠷᠪᠤᠰ ᠢᠶᠠᠷ ᠪᠦᠷᠢᠯᠳᠦᠵᠦ ᠂ ᠭᠤᠣᠯᠳᠠᠭᠤ ᠡᠶᠢᠮᠦ ᠬᠡᠳᠦᠨ ᠠᠭᠤᠯᠭ᠎ᠠ ᠶᠢ ᠪᠠᠭᠲᠠᠭᠠᠭᠰᠠᠨ ᠪᠠᠶᠢᠨ᠎ᠠ ᠃ | ᠨᠢᠭᠡ ᠳᠤ ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠃ ᠬᠤᠶᠠᠷ ᠲᠤ ᠂ ᠨᠠᠰᠤᠨ ᠳᠤ | ᠦᠯᠦ ᠬᠦᠷᠦᠭᠰᠡᠳ ᠤᠨ ᠰᠦᠯᠵᠢᠶᠡᠨ ᠤ ᠬᠢᠷᠢ ᠪᠣᠯᠪᠠᠰᠤᠷᠠᠯ ᠢ ᠳᠡᠭᠡᠭᠰᠢᠯᠡᠭᠦᠯᠵᠦ ᠂ ᠰᠦᠯᠵᠢᠶᠡᠨ ᠤ ᠬᠢᠷᠢ ᠪᠣᠯᠪᠠᠰᠤᠷᠠᠯ ᠤᠨ ᠬᠥᠮᠥᠵᠢᠯ ᠢ ᠰᠤᠷᠭᠠᠭᠤᠯᠢ ᠶᠢᠨ ᠬᠢᠷᠢ | ᠪᠣᠯᠪᠠᠰᠤᠷᠠᠯ ᠤᠨ ᠬᠢᠴᠢᠶᠡᠯ ᠬᠥᠮᠥᠵᠢᠯ ᠤᠨ ᠠᠭᠤᠯᠭ᠎ᠠ ᠪᠣᠯᠭᠠᠬᠤ ᠃ ᠭᠤᠷᠪᠠ ᠳᠤ ᠂ ᠰᠦᠯᠵᠢᠶᠡᠨ ᠤ ᠴᠢᠮᠡᠭᠡ ᠵᠠᠩᠭᠢ ᠶᠢᠨ ᠠᠭᠤᠯᠭ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠨᠠᠰᠤᠨ ᠳᠤ ᠦᠯᠦ ᠬᠦᠷᠦᠭᠰᠡᠳ ᠢ ᠰᠦᠯᠵᠢᠶ᠎ᠡ ᠪᠠᠷ ᠭᠤᠲᠤᠭᠠᠨ ᠳᠣᠷᠣᠮᠵᠢᠯᠠᠬᠤ | ᠠᠵᠢᠯᠯᠠᠭ᠎ᠠ ᠶᠢ ᠬᠤᠷᠢᠭᠯᠠᠨ ᠴᠠᠭᠠᠵᠠᠯᠠᠬᠤ ᠃ ᠳᠥᠷᠪᠡ ᠳᠤ ᠂ ᠨᠠᠰᠤᠨ ᠳᠤ ᠦᠯᠦ ᠬᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠃ ᠲᠠᠪᠤ ᠳᠤ ᠂ | ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠨ ᠵᠠᠰᠠᠵᠤ ᠂ ᠰᠦᠯᠵᠢᠶᠡᠨ ᠤ ᠲᠣᠭᠯᠠᠭᠠᠮ ᠤᠨ ᠦᠢᠯᠡᠴᠢᠯᠡᠭᠡ ᠬᠠᠩᠭᠠᠭᠴᠢᠳ ᠠᠴᠠ | ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠲᠣᠭᠯᠠᠭᠠᠮ ᠳᠤ ᠰᠢᠨᠤᠬᠤ ᠠᠴᠠ ᠤᠷᠢᠳᠴᠢᠯᠠᠨ ᠰᠡᠷᠭᠡᠶᠢᠯᠡᠬᠦ ᠳᠦᠷᠢᠮ ᠢ ᠲᠣᠭᠲᠠᠭᠠᠵᠤ ᠂ ᠲᠣᠭᠯᠠᠭᠠᠮ ᠤᠨ | ᠪᠦᠲᠦᠭᠡᠭᠳᠡᠬᠦᠨ ᠢ ᠲᠥᠷᠥᠯ ᠬᠤᠪᠢᠶᠠᠬᠤ ᠶᠢᠨ ᠬᠠᠮᠲᠤ ᠶᠠᠮᠠᠷ ᠨᠠᠰᠤᠨ ᠤ ᠬᠡᠦᠬᠡᠳ ᠲᠤ ᠲᠣᠬᠢᠷᠠᠬᠤ ᠶᠢ ᠰᠠᠨᠠᠭᠤᠯᠬᠤ ᠵᠡᠷᠭᠡ ᠪᠣᠯᠣᠨ᠎ᠠ ᠃ | | | |