| 2023 ᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠪᠠᠷ ᠠᠰᠠᠭᠤᠳᠠᠯ ᠤᠨ ᠰᠦᠪᠡᠭᠴᠢ ᠴᠤᠭᠯᠠᠭᠤᠯᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠵᠠᠷ | ᠲᠥᠷᠥ ᠶᠢᠨ ᠶᠠᠪᠤᠳᠠᠯ ᠤᠨ ᠬᠤᠷᠢᠶ᠎ᠠ 11 ᠰᠠᠷ᠎ᠠ ᠳᠤ 2023 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠪᠡᠭᠡᠵᠢᠩ ᠂ ᠲᠢᠶᠠᠨᠵᠢᠨ ᠂ ᠾᠧᠪᠸᠢ ᠂ ᠥᠪᠥᠷ ᠮᠣᠩᠭᠤᠯ ᠂ ᠭᠢᠷᠢᠨ ᠂ | ᠬᠠᠷᠠᠮᠥ᠋ᠷᠡᠨ ᠂ ᠱᠠᠩᠬᠠᠶ ᠂ ᠠᠨᠾᠦ᠋ᠢ ᠂ ᠵᠢᠶᠠᠩᠰᠢ ᠂ ᠬᠤᠨᠠᠨ ᠂ ᠭᠤᠸᠠᠩᠰᠢ ᠂ ᠬᠠᠶᠢᠨᠠᠨ ᠂ ᠴᠦᠩᠴᠢᠩ ᠂ ᠶᠦᠨᠨᠠᠨ ᠂ ᠭᠠᠨᠰᠦ ᠂ ᠨᠢᠩᠰᠢᠶᠠ ᠵᠡᠷᠭᠡ 16 ᠮᠤᠵᠢ ︵ | ᠣᠷᠣᠨ ᠂ ᠬᠤᠲᠠ ︶ ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠯᠲᠠ | ᠬᠢᠬᠦ ᠪᠠᠷ ᠪᠠᠶᠢᠨ᠎ᠠ ᠃ ᠰᠢᠪᠠᠳᠠᠨ ᠪᠠᠶᠢᠴᠠᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠶᠢ ᠵᠡᠷᠭᠡ ᠪᠠᠷ ᠠᠳᠬᠤᠬᠤ ᠶᠢᠨ ᠲᠥᠯᠥᠭᠡ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠣᠰ ᠡᠳᠦᠷ ᠠᠴᠠ ᠡᠬᠢᠯᠡᠨ ᠨᠡᠶᠢᠭᠡᠮ | ᠨᠡᠶᠢᠲᠡ ᠠᠴᠠ ᠳᠤᠤᠷᠠᠬᠢ ᠠᠰᠠᠭᠤᠳᠠᠯ ᠤᠨ ᠰᠦᠪᠡᠭᠴᠢ ᠶᠢ ᠴᠤᠭᠯᠠᠭᠤᠯᠤᠨ᠎ᠠ ᠄ | ᠨᠢᠭᠡ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠬᠠᠷᠰᠢᠯᠠᠭᠰᠠᠨ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ ᠃ | ᠬᠤᠶᠠᠷ ᠲᠤ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠪᠠᠶᠢᠭᠤᠯᠬᠤ ᠶᠢ ᠬᠠᠷᠰᠢᠯᠠᠭᠰᠠᠨ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ ᠃ | ᠭᠤᠷᠪᠠ ᠳᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠶᠢ ᠨᠥᠯᠥᠭᠡᠯᠡᠭᠰᠡᠨ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ ᠃ | ᠳᠥᠷᠪᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢ ᠨᠥᠯᠥᠭᠡᠯᠡᠭᠰᠡᠨ ᠲᠠᠯ᠎ᠠ ᠪᠠᠷ ᠬᠢ ᠠᠰᠠᠭᠤᠳᠠᠯ ᠤᠨ | ᠰᠦᠪᠡᠭᠴᠢ ᠃ | ᠲᠠᠪᠤ ᠳᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠠᠶᠢᠳᠠᠪᠤᠷᠢᠭᠤᠯᠤᠬᠰᠠᠨ ᠢᠶᠠᠷ ᠬᠦᠷᠦᠯᠴᠡᠬᠦ ᠦᠭᠡᠢ ᠪᠠᠶᠢᠬᠤ ᠲᠠᠯ᠎ᠠ ᠪᠠᠷ ᠬᠢ ᠠᠰᠠᠭᠤᠳᠠᠯ ᠤᠨ | ᠰᠦᠪᠡᠭᠴᠢ ᠃ | | | |