| ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 9 | ᠰᠠᠷ᠎ᠠ ᠶᠢᠨ 27 ᠤ ᠦᠳᠡ ᠶᠢᠨ ᠬᠤᠶᠢᠨ᠎ᠠ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠳᠦᠷᠢᠮ ᠪᠣᠯᠣᠨ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠬᠠᠢ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠣᠯ ᠣᠯᠠᠨ ᠲᠠᠯᠠᠲᠤ ᠦᠵᠡᠯ ᠤᠨ ᠴᠢᠬᠤᠯᠠ | ᠲᠤᠯᠭᠠᠭᠤᠷᠢᠯᠠᠯ ᠮᠥᠨ ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠴᠢᠬᠤᠯᠠ ᠲᠠᠪᠴᠠᠩ ᠮᠥᠨ ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠳᠤ ᠴᠢᠬᠤᠯᠠ ᠪᠦᠬᠦᠢ ᠥᠭᠡᠷᠡᠴᠢᠯᠡᠯᠲᠡ ᠬᠢᠬᠦ ᠪᠣᠯ ᠨᠡᠶᠢᠳᠡᠮ ᠤᠨ ᠬᠠᠮᠲᠤ ᠶᠢᠨ ᠲᠠᠨᠢᠯᠲᠠ ᠂ ᠶᠡᠭᠡ ᠪᠠᠶᠢᠳᠠᠯ ᠤᠨ ᠬᠠᠨᠳᠤᠰᠢ ᠮᠥᠨ ᠃ ᠪᠢᠳᠡ | ᠤᠯᠤᠰ ᠤᠨ ᠳᠣᠲᠣᠭᠠᠳᠤ ᠪᠠ ᠳᠡᠯᠡᠬᠡᠢ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠂ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠣᠷᠤᠯᠴᠠᠬᠤ ᠶᠢᠨ | ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ ᠂ ᠨᠡᠩ ᠢᠳᠡᠪᠬᠢᠲᠡᠢ ᠲᠡᠦᠬᠡᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠳᠡᠯᠡᠬᠡᠢ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠤᠨ ᠲᠣᠬᠢᠷᠠᠭᠤᠯᠤᠯᠲᠠ ᠳᠤ ᠪᠦᠭᠦ | ᠲᠠᠯ᠎ᠠ ᠪᠠᠷ ᠣᠷᠣᠯᠴᠠᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠂ ᠰᠤᠳᠤᠯᠤᠭᠴᠢ ᠭᠦ᠋ ᠰᠢᠤᠸᠠᠢ ᠮᠢᠩ ᠡᠨᠡ ᠬᠦ ᠠᠰᠠᠭᠤᠳᠠᠯ ᠤᠨ ᠲᠤᠬᠠᠢ | ᠲᠠᠶᠢᠯᠤᠮᠵᠢ ᠬᠢᠵᠦ ᠂ ᠠᠵᠢᠯ ᠤᠨ ᠰᠠᠨᠠᠭᠤᠯᠭ᠎ᠠ ᠳᠤᠷᠠᠳᠴᠠᠢ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ | ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠳᠤ ᠣᠷᠣᠭᠰᠠᠨ ᠶᠠᠪᠤᠳᠠᠯ ᠪᠣᠯ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠬᠢᠭᠰᠡᠨ ᠪᠡᠯᠭᠡ ᠲᠡᠮᠳᠡᠭ ᠮᠥᠨ ᠃ ᠣᠬᠤᠷᠬᠠᠨ 20 ᠭᠠᠷᠤᠢ ᠵᠢᠯ ᠤᠨ | ᠬᠤᠭᠤᠴᠠᠭᠠᠨ ᠳᠤ ᠂ ᠮᠠᠨ ᠤ ᠤᠯᠤᠰ ᠤᠨ ᠪᠠᠷᠠᠭᠠᠨ ᠤ ᠠᠷᠠᠯᠵᠢᠶᠠᠨ ᠤ ᠶᠡᠷᠦᠩᠬᠡᠢ ᠬᠡᠮᠵᠢᠶ᠎ᠡ 11 ᠲᠠᠭᠢᠨ ᠨᠡᠮᠡᠭᠳᠡᠵᠦ ᠂ ᠪᠦᠭᠦ ᠳᠡᠯᠡᠬᠡᠢ ᠶᠢᠨ ᠪᠠᠷᠠᠭᠠᠨ ᠤ | ᠠᠷᠠᠯᠵᠢᠶᠠᠨ ᠤ ᠨᠢᠭᠡᠳᠦᠭᠡᠷ ᠲᠣᠮᠣ ᠤᠯᠤᠰ ᠂ 140 ᠭᠠᠷᠤᠢ ᠤᠯᠤᠰ ᠪᠠ ᠭᠠᠵᠠᠷ ᠣᠷᠣᠨ ᠤ ᠭᠤᠣᠯ ᠪᠤᠯᠬᠤ ᠠᠷᠠᠯᠵᠢᠶᠠᠨ ᠤ ᠬᠠᠨᠢᠲᠠᠨ ᠪᠣᠯᠵᠤ ᠂ ᠪᠦᠭᠦ ᠳᠡᠯᠡᠬᠡᠢ ᠶᠢᠨ | ᠠᠵᠤ ᠠᠬᠤᠢ ᠶᠢᠨ ᠨᠡᠮᠡᠭᠳᠡᠯ ᠳᠤ ᠵᠢᠯ ᠳᠤᠮᠳᠠᠴᠢ ᠶᠢᠨ ᠬᠤᠪᠢ ᠨᠡᠮᠡᠷᠢ ᠦᠵᠡᠭᠦᠯᠦᠭᠰᠡᠨ ᠨᠤᠷᠮ᠎ᠠ 30% ᠰᠢᠬᠠᠮ ᠳᠤ ᠬᠦᠷᠴᠡᠢ ᠃ ᠮᠠᠨ ᠤ ᠤᠯᠤᠰ ᠪᠣᠯᠣᠨ | ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠬᠠᠷᠢᠯᠴᠠᠭ᠎ᠠ ᠳᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ ᠂ ᠤᠯᠠᠨ ᠤᠯᠤᠰ ᠤᠨ ᠠᠵᠤ ᠠᠬᠤᠢ | ᠠᠷᠠᠯᠵᠢᠶᠠᠨ ᠤ ᠳᠦᠷᠢᠮ ᠤᠨ ᠰᠠᠨᠠᠭᠠᠴᠢᠯᠠᠭᠠᠲᠤ ᠪᠤᠰᠤ ᠭᠥᠯᠢᠶᠡᠨ ᠠᠪᠤᠭᠴᠢ ᠪᠠ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠭᠴᠢ ᠪᠠᠶᠢᠭᠰᠠᠨ ᠠᠴᠠ ᠪᠠᠨ ᠠᠯᠬᠤᠮ | ᠠᠯᠬᠤᠮ ᠢᠶᠠᠷ ᠴᠢᠬᠤᠯᠠ ᠣᠷᠣᠯᠴᠠᠭᠴᠢ ᠪᠣᠯᠤᠭᠰᠠᠨ ᠪᠠᠶᠢᠨ᠎ᠠ ᠃ ᠮᠠᠨ ᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠭᠰᠠᠨ ᠨᠢ ᠲᠤᠰ | ᠪᠡᠶ᠎ᠡ ᠶᠢᠨ ᠬᠥᠭᠵᠢᠯᠲᠡ ᠪᠠᠨ ᠲᠦᠷᠭᠡᠳᠬᠡᠭᠰᠡᠨ ᠪᠥᠭᠡᠳ ᠪᠠᠰᠠ ᠪᠦᠭᠦ ᠪᠥᠮᠪᠥᠷᠴᠡᠭ ᠲᠤ ᠠᠰᠢᠭ ᠬᠦᠷᠲᠡᠭᠡᠭᠰᠡᠨ ᠶᠤᠮ ᠂ ᠡᠨᠡ ᠬᠦ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠣᠯ ᠪᠦᠷᠢᠮᠦᠰᠦᠨ ᠵᠥᠪ ᠭᠡᠳᠡᠭ ᠢ ᠪᠣᠳᠠᠲᠤ ᠬᠡᠷᠡᠭ ᠬᠠᠷᠠᠭᠤᠯᠵᠤ ᠪᠠᠶᠢᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠣᠷᠤᠯᠴᠠᠬᠤ ᠳᠠᠭᠠᠨ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠪᠠᠷ ᠭᠤᠣᠯ ᠪᠤᠯᠭᠠᠬᠰᠠᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢᠨ ᠡᠷᠬᠡ ᠰᠦᠷᠲᠦ ᠴᠢᠨᠠᠷ ᠪᠣᠯᠣᠨ ᠪᠦᠲᠦᠮᠵᠢᠲᠦ ᠴᠢᠨᠠᠷ ᠢ ᠡᠷᠡᠰ | ᠬᠠᠮᠠᠭᠠᠯᠠᠵᠤ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠮᠠᠷᠭᠤᠭᠠᠨ ᠢ ᠰᠢᠢᠳᠪᠦᠷᠢᠯᠡᠬᠦ ᠲᠣᠭᠲᠠᠴᠠ ᠶᠢᠨ ᠬᠡᠪ ᠤᠨ ᠠᠵᠢᠯᠯᠠᠭ᠎ᠠ ᠶᠢ ᠰᠡᠷᠭᠦᠭᠡᠬᠦ ᠶᠢ | ᠢᠳᠡᠪᠬᠢᠲᠡᠢ ᠠᠬᠢᠭᠤᠯᠬᠤ ᠬᠡᠷᠡᠭᠲᠡᠢ ᠃ ᠲᠡᠦᠬᠡ ᠶᠢᠨ ᠵᠥᠪ ᠲᠠᠯ᠎ᠠ ᠳᠤ ᠪᠠᠲᠤ ᠵᠣᠭᠰᠣᠵᠤ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ ᠂ | ᠲᠤᠭ ᠲᠡᠮᠳᠡᠭ ᠲᠣᠳᠣᠷᠬᠠᠢ ᠪᠠᠷ ᠴᠢᠯᠦᠭᠡᠲᠦ ᠠᠷᠠᠯᠵᠢᠶ᠎ᠠ ᠪᠣᠯᠣᠨ ᠵᠢᠩᠬᠢᠨᠢ ᠤᠯᠠᠨ ᠲᠠᠯᠠᠲᠤ ᠦᠵᠡᠯ ᠢ ᠰᠠᠨᠠᠭᠠᠴᠢᠯᠠᠵᠤ ᠂ ᠭᠠᠭᠴᠠ ᠲᠠᠯᠠᠲᠤ ᠦᠵᠡᠯ ᠂ ᠬᠠᠮᠠᠭᠠᠯᠠᠬᠤ | ᠦᠵᠡᠯ ᠢ ᠡᠰᠡᠷᠭᠦᠴᠡᠵᠦ ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ ᠲᠥᠷᠥᠴᠢᠯᠡᠬᠦ ᠂ ᠵᠡᠪᠰᠡᠭᠵᠢᠭᠦᠯᠬᠦ ᠂ ᠨᠠᠷᠮᠠᠢ ᠠᠮᠤᠷ ᠲᠦᠪᠰᠢᠨ ᠪᠤᠯᠭᠠᠬᠤ ᠶᠢ | ᠡᠰᠡᠷᠭᠦᠴᠡᠵᠦ ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠭᠦ | ᠲᠠᠯ᠎ᠠ ᠪᠠᠷ ᠭᠦᠨᠵᠡᠭᠡᠢ ᠣᠷᠤᠯᠴᠠᠬᠤ ᠳᠤᠮᠳᠠᠳᠤ ᠤᠯᠤᠰ ᠤᠨ ᠲᠥᠰᠥᠯ ᠢ ᠲᠡᠭᠦᠯᠳᠡᠷᠵᠢᠭᠦᠯᠦᠨ ᠨᠠᠷᠢᠯᠢᠭᠵᠢᠭᠤᠯᠬᠤ ᠬᠡᠷᠡᠭᠲᠡᠢ ᠃ ᠮᠠᠨ ᠤ ᠤᠯᠤᠰ ᠢ ᠪᠠᠭᠲᠠᠭᠠᠭᠰᠠᠨ | ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠂ ᠬᠥᠭᠵᠢᠯᠲᠡ ᠶᠢ ᠠᠬᠢᠭᠤᠯᠬᠤ ᠪᠣᠯ ᠮᠠᠨ ᠤ ᠤᠯᠤᠰ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠣᠯᠣᠭᠰᠠᠨ ᠤ ᠴᠢᠬᠤᠯᠠ ᠡᠷᠳᠡᠨᠢ ᠮᠥᠨ ᠃ ᠡᠨᠡ ᠵᠢᠯ ᠪᠣᠯ ᠥᠭᠡᠷᠡᠴᠢᠯᠡᠯᠲᠡ ᠨᠡᠭᠡᠭᠡᠯᠲᠡ | ᠬᠢᠭᠰᠡᠨ 45 ᠵᠢᠯ ᠤᠨ ᠣᠶ ᠪᠣᠯᠣᠨ᠎ᠠ ᠂ ᠲᠣᠰ ᠪᠡᠶ᠎ᠡ ᠶᠢᠨ ᠥᠭᠡᠷᠡᠴᠢᠯᠡᠯᠲᠡ ᠭᠡᠬᠦ ᠡᠨᠡ ᠬᠦ ᠶᠡᠭᠡ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ ᠂ ᠨᠡᠭᠡᠭᠡᠯᠲᠡ ᠬᠢᠬᠦ | ᠡᠭᠦᠳᠡ ᠶᠢ ᠥᠷᠭᠡᠳᠬᠡᠬᠦ ᠮᠥᠷᠲᠡᠭᠡᠨ ᠪᠠᠰᠠ ᠥᠭᠡᠷᠡᠴᠢᠯᠡᠯᠲᠡ ᠶᠢᠨ ᠵᠠᠮ ᠢᠶᠠᠷ ᠯᠠᠪᠳᠠᠭᠤᠨ ᠵᠠᠮᠨᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ | ᠠᠬᠤᠢ ᠠᠷᠠᠯᠵᠢᠶᠠᠨ ᠤ ᠳᠦᠷᠢᠮ ᠯᠦᠭᠡ ᠨᠠᠩ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠳᠦᠷᠢᠮ ᠂ ᠳᠦᠷᠢᠮ ᠲᠣᠭᠲᠠᠭᠠᠯ ᠂ ᠬᠠᠮᠢᠶᠠᠷᠤᠯᠲᠠ ᠂ ᠪᠠᠷᠢᠮᠵᠢᠶ᠎ᠠ ᠵᠡᠷᠭᠡ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠲᠦᠷᠭᠡᠳᠬᠡᠨ ᠴᠣᠭᠴᠠᠯᠠᠵᠤ ᠂ | ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠨ ᠢᠶᠠᠷ ᠪᠠᠶᠢᠭᠤᠯᠬᠤ ᠬᠡᠷᠡᠭᠲᠡᠢ ᠃ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠢᠳᠡᠪᠬᠢᠲᠡᠢ ᠪᠤᠢ ᠪᠤᠯᠭᠠᠵᠤ ᠂ ︽ ᠪᠦᠭᠦ ᠲᠠᠯ᠎ᠠ ᠶᠢᠨ ᠪᠠ ᠳᠠᠪᠰᠢᠯᠳᠠ ᠲᠠᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭᠠᠨ ᠤ | ᠵᠥᠪᠳᠡᠯᠴᠡᠭᠡᠷ ︾ ᠪᠣᠯᠣᠨ ︽ ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ ᠬᠠᠷᠢᠯᠴᠠᠭᠠᠨ ᠤ ᠵᠥᠪᠳᠡᠯᠴᠡᠭᠡᠷ ︾ ᠲᠤ ᠣᠷᠤᠯᠴᠠᠬᠤ ᠶᠢ ᠠᠬᠢᠭᠤᠯᠬᠤ ᠪᠠᠷ ᠠᠵᠠ | ᠲᠣᠭᠢᠶᠠᠯ ᠪᠤᠯᠭᠠᠵᠤ ᠂ ᠭᠠᠳᠠᠭᠠᠳᠤ ᠣᠷᠣᠭᠤᠯᠤᠯᠲᠠ ᠶᠢᠨ ᠳᠠᠯᠳᠠ ᠬᠦᠴᠦᠨ ᠢ ᠤᠯᠠᠮ ᠴᠢᠨᠠᠭᠰᠢᠳᠠ ᠬᠥᠭᠵᠢᠭᠡᠵᠦ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠥᠷᠭᠡᠳᠬᠡᠵᠦ ᠂ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ ᠂ ᠭᠠᠳᠠᠭᠠᠳᠤ ᠪᠡᠯᠡ ᠶᠢ ᠲᠠᠲᠠᠬᠤ | ᠬᠦᠴᠦᠨ ᠢ ᠴᠢᠩᠭᠠᠳᠬᠠᠬᠤ ᠬᠡᠷᠡᠭᠲᠡᠢ ᠃ ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠨ ᠢᠶᠠᠷ ᠪᠦᠲᠦᠭᠡᠨ ᠪᠠᠶᠢᠭᠤᠯᠵᠤ ᠂ ᠪᠠᠷᠠᠭᠠᠨ ᠤ ᠠᠷᠠᠯᠵᠢᠶ᠎ᠠ ᠶᠢ ᠲᠡᠰ | ᠳᠡᠪᠰᠢᠭᠦᠯᠵᠦ ᠂ ᠦᠢᠯᠡᠴᠢᠯᠡᠭᠡᠨ ᠤ ᠠᠷᠠᠯᠵᠢᠶ᠎ᠠ ᠶᠢ ᠰᠢᠨᠡᠴᠢᠯᠡᠵᠦ ᠂ ᠲᠣᠭᠠᠴᠢᠯᠠᠭᠰᠠᠨ ᠠᠷᠠᠯᠵᠢᠶ᠎ᠠ ᠶᠢ ᠬᠥᠭᠵᠢᠭᠦᠯᠵᠦ ᠂ ᠲᠣᠭᠠᠴᠢᠯᠠᠭᠰᠠᠨ ᠪᠣᠬᠢᠷᠳᠤᠯ ᠦᠭᠡᠢ ᠪᠠᠷ | ᠴᠢᠭᠯᠡᠯ ᠢᠶᠠᠨ ᠪᠤᠯᠭᠠᠵᠤ ᠂ ᠤᠯᠠᠨ ᠤᠯᠤᠰ ᠤᠨ ᠠᠵᠢᠯ ᠤᠨ ᠬᠤᠪᠢᠶᠠᠷᠢᠯᠠᠯ ᠤᠨ ᠪᠠᠶᠢᠷᠢ ᠰᠠᠭᠤᠷᠢ ᠶᠢ ᠤᠯᠠᠮ ᠳᠡᠭᠡᠭᠰᠢᠯᠡᠭᠦᠯᠵᠦ ᠂ ᠪᠦᠭᠦ ᠪᠥᠮᠪᠥᠷᠴᠡᠭ ᠤᠨ ᠦᠷᠳᠡᠭ ᠤᠨ | ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠶᠢᠰᠢ ᠤᠷᠤᠭᠰᠢᠯᠠᠬᠤ ᠬᠡᠷᠡᠭᠲᠡᠢ ᠃ ᠡᠭᠦᠨ ᠤ ᠬᠠᠮᠲᠤ ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ | ᠬᠠᠮᠠᠭᠠᠯᠠᠬᠤ ᠶᠢ ᠠᠩᠬᠠᠷᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠵᠡᠮᠳᠡᠬᠦ ᠴᠠᠭᠠᠷᠠᠭᠰᠠᠨ ᠴᠢᠳᠠᠪᠤᠷᠢ ᠶᠢ ᠳᠠᠪᠲᠠᠨ ᠪᠤᠯᠪᠠᠰᠤᠷᠠᠭᠤᠯᠬᠤ ᠬᠡᠷᠡᠭᠲᠡᠢ ᠃ | ᠶᠡᠭᠡ ᠪᠠᠷ ᠪᠠᠶᠢᠴᠠᠭᠠᠨ ᠰᠤᠳᠤᠯᠤᠯᠲᠠ ᠬᠢᠵᠦ ᠂ ᠮᠠᠨ ᠤ ᠤᠯᠤᠰ ᠤᠨ ᠨᠡᠭᠡᠭᠡᠯᠲᠡ ᠬᠢᠵᠦ ᠬᠥᠭᠵᠢᠭᠰᠡᠨ ᠠᠮᠵᠢᠯᠲᠠ ᠲᠠᠢ ᠲᠤᠷᠰᠢᠯᠭ᠎ᠠ ᠶᠢ ᠰᠠᠶᠢᠲᠤᠷ ᠳ᠋ᠦᠩᠨᠡᠨ ᠬᠡᠷᠡᠭᠯᠡᠵᠦ ᠂ | ᠨᠡᠭᠡᠭᠡᠯᠲᠡ ᠬᠢᠬᠦ ᠠᠵᠢᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ ᠰᠢᠰᠲ᠋ᠧᠮᠲᠦ ᠴᠢᠨᠠᠷᠲᠠᠢ ᠂ ᠠᠯᠤᠰ ᠭᠡᠳᠦ ᠶᠢᠨ ᠴᠢᠨᠠᠷᠲᠠᠢ ᠠᠷᠭ᠎ᠠ ᠪᠣᠳᠣᠯᠭ᠎ᠠ ᠶᠢ | ᠴᠢᠩᠭᠠᠳᠬᠠᠵᠤ ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠦᠷᠢᠶᠡᠨ ᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠲᠤᠭᠤᠷᠠᠲᠠᠯ᠎ᠠ ᠣᠶᠢᠯᠠᠭᠠᠵᠤ ᠂ | ᠳᠣᠲᠣᠷ᠎ᠠ ᠪᠠᠨ ᠲᠤᠭ᠎ᠠ ᠲᠠᠢ ᠂ ᠭᠠᠷ ᠲᠠᠭᠠᠨ ᠪᠣᠳᠣᠯᠭ᠎ᠠ ᠲᠠᠢ ᠂ ᠠᠵᠢᠯᠯᠠᠭ᠎ᠠ ᠬᠦᠴᠦᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠃ ᠤᠯᠠᠨ ᠤᠯᠤᠰ ᠤᠨ ᠳᠦᠷᠢᠮ ᠢ | ᠬᠡᠷᠡᠭᠯᠡᠨ ᠮᠠᠨ ᠤ ᠤᠯᠤᠰ ᠤᠨ ᠬᠥᠭᠵᠢᠯᠲᠡ ᠶᠢᠨ ᠡᠷᠬᠡ ᠠᠰᠢᠭ ᠢ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠂ | ᠡᠷᠳᠡᠮ ᠴᠢᠳᠠᠪᠤᠷᠢ ᠥᠨᠳᠥᠷ ᠂ ᠣᠪᠣᠷ ᠰᠤᠷᠲᠠᠯ ᠰᠢᠯᠢᠳᠡᠭ ᠰᠠᠶᠢᠨ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠠᠵᠢᠯ ᠤᠨ ᠲᠤᠰᠬᠠᠶᠢᠵᠢᠭᠰᠠᠨ | ᠡᠩᠨᠡᠭᠡ ᠶᠢ ᠲᠦᠷᠭᠡᠨ ᠪᠠᠶᠢᠭᠤᠯᠬᠤ ᠬᠡᠷᠡᠭᠲᠡᠢ ᠃ ᠨᠡᠭᠡᠭᠡᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠲᠡᠮᠡᠴᠡᠯ ᠤᠨ ᠳᠤᠮᠳᠠ ᠠᠮᠤᠷ | ᠲᠦᠪᠰᠢᠨ ᠢ ᠬᠠᠮᠠᠭᠠᠯᠠᠵᠤ ᠂ ᠡᠷᠬᠡ ᠠᠰᠢᠭ ᠢᠶᠠᠨ ᠨᠡᠮᠡᠭᠳᠡᠭᠦᠯᠵᠦ ᠂ ᠬᠠᠮᠲᠤᠷᠠᠯᠴᠠᠭ᠎ᠠ ᠶᠢ ᠡᠷᠢᠯᠬᠢᠯᠡᠵᠦ ᠂ ᠬᠠᠮᠲᠤ ᠪᠠᠷ ᠠᠰᠢᠭ ᠭᠦᠷᠳᠡᠭᠦ ᠪᠠᠷ ᠴᠢᠷᠮᠠᠶᠢᠬᠤ ᠬᠡᠷᠡᠭᠲᠡᠢ | ᠭᠡᠵᠦ ᠴᠢᠬᠤᠯᠠᠴᠢᠯᠠᠪᠠ ᠃ | | | |