| | | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 8 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠳᠤ ᠴᠢᠬᠤᠯᠠ ᠵᠢᠭᠠᠪᠤᠷᠢ ᠥᠭᠬᠦ ᠳᠡᠭᠡᠨ ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠨᠠᠮ ᠤᠨ ᠠᠯᠤᠰ ᠢᠷᠡᠭᠡᠳᠦᠢ ᠬᠤᠪᠢ | ᠵᠠᠶᠠᠭ᠎ᠠ ᠲᠠᠢ ᠬᠤᠯᠪᠣᠭᠳᠠᠵᠤ ᠂ ᠤᠯᠤᠰ ᠤᠨ ᠥᠨᠢ ᠤᠳᠠᠭᠠᠨ ᠠᠮᠤᠷ ᠲᠣᠭᠲᠠᠭᠤᠨ ᠲᠠᠢ ᠬᠤᠯᠪᠣᠭᠳᠠᠵᠤ ᠂ ᠦᠨᠳᠦᠰᠦᠲᠡᠨ ᠤ ᠨᠢᠭᠲᠠᠷᠠᠯ ᠤᠨ ᠬᠦᠴᠦᠨ ᠪᠠ | ᠲᠥᠪᠯᠡᠷᠡᠩᠭᠦᠢ ᠬᠦᠴᠦᠨ ᠲᠠᠢ ᠬᠤᠯᠪᠣᠭᠳᠠᠳᠠᠭ ᠲᠦᠢᠯ ᠤᠨ ᠴᠢᠬᠤᠯᠠ ᠠᠵᠢᠯ ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ | ᠲᠥᠪ ᠬᠤᠷᠢᠶ᠎ᠠ ᠪᠦᠭᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠰᠢᠰᠲ᠋ᠧᠮ ᠲᠠᠢ | ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠬᠢᠵᠦ ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠲᠡᠦᠬᠡᠲᠦ | ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ ᠂ ᠦᠨᠳᠦᠰᠦᠨ | ᠴᠢᠨᠠᠷᠲᠠᠢ ᠬᠤᠪᠢᠷᠠᠯᠲᠠ ᠭᠠᠷᠴᠤ ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ ᠂ | ᠤᠶᠤᠨ ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠵᠠᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠳᠴᠦ ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ ᠂ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ | ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠰᠢᠨ᠎ᠡ ᠪᠠᠶᠢᠳᠠᠯ ᠰᠢᠨ᠎ᠡ | ᠡᠭᠦᠷᠭᠡ ᠲᠤᠯᠭᠠᠷᠠᠵᠤ ᠪᠠᠶᠢᠨ᠎ᠠ ᠂ ᠡᠷᠬᠡᠪᠰᠢ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠪᠦᠭᠦ ᠨᠠᠮ ᠢ ᠵᠡᠪᠰᠡᠭᠯᠡᠬᠦ ᠂ ᠠᠷᠠᠳ ᠲᠦᠮᠡᠨ ᠢ | ᠬᠥᠮᠥᠵᠢᠭᠦᠯᠬᠦ ᠡᠨᠡ ᠬᠦ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠲᠡᠦᠬᠡ ᠶᠢᠨ ᠰᠢᠨ᠎ᠡ ᠭᠠᠷᠤᠭ᠎ᠠ ᠳᠤ ᠰᠣᠶᠣᠯ ᠤᠨ | ᠴᠡᠴᠡᠭᠯᠡᠯᠲᠡ ᠶᠢ ᠦᠷᠭᠦᠯᠵᠢᠯᠡᠨ ᠠᠬᠢᠭᠤᠯᠬᠤ ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ | ᠪᠣᠯᠪᠠᠰᠤᠨ ᠢ ᠪᠠᠶᠢᠭᠤᠯᠬᠤ ᠡᠨᠡ ᠬᠦ ᠰᠣᠶᠣᠯ ᠤᠨ ᠰᠢᠨ᠎ᠡ ᠡᠭᠦᠷᠭᠡ ᠲᠠᠢ ᠤᠶᠠᠯᠳᠤᠭᠤᠯᠵᠤ ᠂ ᠰᠣᠶᠣᠯ ᠤᠨ ᠢᠲᠡᠭᠡᠯ ᠢᠶᠠᠨ ᠪᠠᠲᠤᠳᠬᠠᠵᠤ ᠂ ᠨᠡᠭᠡᠭᠡᠯᠲᠡᠲᠡᠢ | ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠬᠦᠴᠦᠯᠡᠨ ᠴᠢᠩᠭᠠᠳᠬᠠᠵᠤ ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ | ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠬᠦᠴᠦᠯᠡᠨ ᠪᠠᠶᠢᠭᠤᠯᠵᠤ ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠬᠦᠴᠦᠯᠡᠨ ᠪᠤᠶᠢᠵᠢᠭᠤᠯᠵᠤ ᠦᠢᠯᠡᠳᠦᠯᠭᠡᠵᠢᠭᠦᠯᠦᠨ ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠳᠠᠮᠵᠢᠭᠤᠯᠬᠤ ᠬᠦᠴᠦᠨ ᠳᠠᠭᠠᠭᠤᠯᠬᠤ ᠬᠦᠴᠦᠨ ᠨᠥᠯᠥᠭᠡᠯᠡᠬᠦ ᠬᠦᠴᠦᠨ | ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠥ ᠂ ᠳᠤᠮᠳᠠᠳᠤ ᠶᠢᠨ ᠰᠣᠶᠣᠯ ᠢ ᠬᠦᠴᠦᠯᠡᠨ ᠵᠠᠯᠭᠠᠮᠵᠢᠯᠠᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠪᠠ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ ᠂ ᠰᠣᠶᠣᠯ ᠤᠨ ᠦᠢᠯᠡᠰ ᠪᠠ ᠰᠣᠶᠣᠯ ᠤᠨ | ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠬᠦᠴᠦᠯᠡᠨ ᠠᠬᠢᠭᠤᠯᠵᠤ ᠂ ᠳᠡᠯᠡᠬᠡᠢ ᠳᠠᠬᠢ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ ᠂ ᠪᠣᠯᠪᠠᠰᠤᠨ ᠤ ᠰᠣᠯᠢᠯᠴᠠᠭ᠎ᠠ ᠲᠣᠯᠢᠯᠠᠯᠲᠠ ᠶᠢ ᠠᠬᠢᠭᠤᠯᠵᠤ ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ | ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ | ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠥ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ | ᠪᠠᠲᠤᠯᠠᠭ᠎ᠠ ᠂ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠂ ᠰᠣᠶᠣᠯ ᠤᠨ ᠠᠰᠢᠭᠲᠠᠢ ᠨᠥᠬᠦᠴᠡᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠢ ᠰᠠᠶᠢᠲᠤᠷ ᠬᠢᠬᠦ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠡᠭᠦᠷᠭᠡᠯᠡᠵᠦ ᠂ ᠰᠣᠶᠣᠯ ᠤᠨ ᠪᠠᠶᠢᠭᠤᠯᠤᠯᠲᠠ ᠶᠢᠨ ᠲᠤᠬᠠᠢ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠡᠯ᠎ᠡ ᠱᠠᠲᠤᠨ ᠤ ᠰᠤᠷᠲᠠᠯ | ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ ᠂ ᠵᠣᠷᠢᠭᠲᠠᠢ ᠪᠠᠷ ᠴᠢᠳᠠᠮᠠᠭᠠᠢ ᠲᠡᠮᠡᠴᠡᠵᠦ ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ ᠃ | ᠪᠦᠭᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ 10 ᠰᠠᠷ᠎ᠠ ᠶᠢᠨ 7 ᠠᠴᠠ 8 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ ᠂ ᠰᠣᠳᠣ ᠮᠡᠷᠭᠡᠨ ᠪᠥᠭᠡᠳ ᠭᠦᠨ | ᠭᠦᠨᠵᠡᠭᠡᠢ ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ ᠂ ᠦᠵᠡᠯ ᠰᠠᠨᠠᠭᠠᠴᠢ ᠴᠢᠨᠠᠷ ᠂ ᠵᠢᠯᠤᠭᠤᠳᠬᠤ ᠴᠢᠨᠠᠷ ᠲᠠᠢ ᠪᠠᠶᠢᠵᠤ ᠂ ᠰᠤᠷᠲᠠᠯ ᠤᠬᠠᠭᠤᠯᠭ᠎ᠠ ᠦᠵᠡᠯ | ᠰᠠᠨᠠᠭ᠎ᠠ ᠰᠣᠶᠣᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ ᠂ ᠡᠷᠬᠡᠪᠰᠢ ᠭᠦᠨᠵᠡᠭᠡᠢ ᠰᠤᠷᠤᠯᠴᠠᠨ ᠣᠶᠢᠯᠠᠭᠠᠵᠤ ᠂ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠲᠡᠦᠬᠡᠲᠦ | ᠴᠢᠨᠠᠷᠲᠠᠢ ᠠᠮᠵᠢᠯᠲᠠ ᠣᠯᠣᠭᠰᠠᠨ ᠤ ᠬᠠᠮᠤᠭ ᠤᠨ ᠦᠨᠳᠦᠰᠦᠨ ᠵᠦᠢᠯ ᠪᠣᠯ ᠳᠠᠷᠤᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ | ᠠᠳᠬᠤᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠲᠠᠢ ᠪᠠᠶᠢᠬᠤ ᠳᠤ ᠪᠤᠢ ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ | ᠲᠠᠯ᠎ᠠ ᠪᠠᠷ ᠬᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢᠨ ᠠᠭᠤᠯᠤᠭᠳᠠᠬᠤᠨ ᠨᠢ ᠲᠦᠢᠯ ᠤᠨ ᠪᠠᠶᠠᠯᠢᠭ ᠂ ᠥᠭᠦᠯᠡᠯᠲᠡ ᠨᠢ ᠲᠦᠢᠯ ᠤᠨ | ᠭᠦᠨᠵᠡᠭᠡᠢ ᠪᠠᠶᠢᠵᠤ ᠂ ᠰᠢᠨ᠎ᠡ ᠴᠠᠭ ᠦᠶ᠎ᠡ ᠶᠢᠨ ᠨᠠᠮ ᠠᠴᠠ ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ ᠦᠢᠯᠡᠳᠦᠯᠭᠡ ᠶᠢᠨ ᠲᠤᠷᠰᠢᠯᠭ᠎ᠠ ᠶᠢᠨ ᠤᠨᠤᠯ ᠤᠨ | ᠳ᠋ᠦᠩᠨᠡᠯᠲᠡ ᠪᠠᠶᠢᠵᠤ ᠂ ᠮᠠᠷᠺᠰ ᠤᠨ ᠦᠵᠡᠯ ᠤᠨ ᠰᠣᠶᠣᠯ ᠤᠨ ᠤᠨᠤᠯ ᠢ ᠪᠠᠶᠠᠯᠢᠭᠵᠢᠭᠤᠯᠤᠨ ᠬᠥᠭᠵᠢᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠣᠶᠣᠯ ᠤᠨ ᠬᠠᠭᠤᠳᠠᠰᠤ ᠶᠢ ᠪᠦᠷᠢᠯᠳᠦᠭᠦᠯᠵᠦ ᠂ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠡᠢ ᠭᠡᠵᠦ ᠦᠵᠡᠪᠡ ᠃ | ᠬᠤᠷᠠᠯ ᠠᠴᠠ ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠳᠤ ᠰᠣᠶᠣᠯ ᠤᠨ ᠤᠨᠤᠯ ᠤᠨ ᠦᠵᠡᠯᠲᠡ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠪᠠ | ᠰᠢᠪᠲᠤᠯᠤᠯᠲᠠ ᠲᠠᠢ ᠪᠣᠯᠤᠭᠰᠠᠨ ᠪᠥᠭᠡᠳ ᠪᠠᠰᠠ ᠰᠣᠶᠣᠯ ᠤᠨ ᠠᠵᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ ᠬᠢ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠪᠠᠶᠢᠵᠤ ᠂ | ᠲᠥᠪ ᠶᠣᠰᠣ ᠬᠢᠭᠡᠳ ᠶᠢᠷᠲᠢᠨᠴᠦ ᠶᠢ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠤᠨ ᠂ ᠮᠥᠨ ᠴᠢᠨᠠᠷ ᠪᠠ ᠢᠯᠡᠷᠡᠯ ᠢ ᠨᠡᠪᠲᠡᠷᠡᠯᠴᠡᠭᠦᠯᠵᠦ ᠂ ᠰᠢᠨ᠎ᠡ ᠴᠠᠭ ᠦᠶ᠎ᠡ ᠶᠢᠨ | ᠰᠣᠶᠣᠯ ᠤᠨ ᠪᠠᠶᠢᠭᠤᠯᠤᠯᠲᠠ ᠶᠢᠨ ᠵᠠᠮ ᠱᠤᠭᠤᠮ ᠤᠨ ᠵᠢᠷᠤᠭ ᠪᠠ ᠡᠭᠦᠷᠭᠡ ᠶᠢᠨ ᠪᠢᠴᠢᠭ ᠢ ᠲᠣᠳᠣᠷᠬᠠᠶᠢᠯᠠᠵᠤ ᠂ ᠮᠠᠨ ᠤ ᠨᠠᠮ ᠤᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ ᠬᠠᠷᠠᠭᠤᠯᠵᠤ ᠂ ᠮᠠᠨ ᠤ | ᠨᠠᠮ ᠤᠨ ᠲᠡᠦᠬᠡᠨ ᠢᠲᠡᠭᠡᠯ ᠂ ᠰᠣᠶᠣᠯ ᠤᠨ ᠢᠲᠡᠭᠡᠯ ᠰᠢᠨ᠎ᠡ ᠥᠨᠳᠥᠷᠴᠡ ᠳᠤ ᠭᠦᠷᠦᠭᠰᠡᠨ ᠢ ᠲᠣᠳᠣᠷᠬᠠᠶᠢᠯᠠᠭᠰᠠᠨ ᠪᠥᠭᠡᠳ ᠮᠠᠨ ᠤ ᠤᠯᠤᠰ ᠤᠨ ᠨᠡᠶᠢᠭᠡᠮ | ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠳᠤᠮᠳᠠ ᠬᠦᠴᠦᠷᠬᠡᠭ ᠶᠡᠭᠡ ᠠᠤᠭ᠎ᠠ ᠬᠦᠴᠦᠨ ᠢ ᠢᠯᠡᠷᠡᠭᠦᠯᠵᠦ ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠵᠦ ᠂ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ | ᠵᠡᠪᠰᠡᠭ ᠪᠠ ᠰᠢᠨᠵᠢᠯᠡᠬᠦ ᠤᠬᠠᠭᠠᠨ ᠤ ᠠᠵᠢᠯᠯᠠᠭᠠᠨ ᠤ ᠵᠦᠭᠯᠡᠭᠦᠷ ᠬᠠᠩᠭᠠᠪᠠ ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯ ᠨᠢᠭᠡᠨ ᠲᠠᠰᠤᠷᠠᠯᠳᠠ ᠦᠭᠡᠢ | ᠥᠷᠨᠢᠵᠦ ᠪᠠᠶᠢᠭ᠎ᠠ ᠂ ᠨᠡᠭᠡᠭᠡᠯᠲᠡᠲᠤ ᠮᠠᠶ᠋ᠢᠭ ᠤᠨ ᠦᠵᠡᠯ ᠰᠠᠨᠠᠭᠠᠨ ᠤ ᠰᠢᠰᠲ᠋ᠧᠮ ᠮᠥᠨ ᠂ ᠦᠢᠯᠡᠳᠦᠯᠭᠡ ᠶᠢᠨ ᠭᠦᠨᠵᠡᠭᠡᠶᠢᠷᠡᠬᠦ ᠶᠢ ᠳᠠᠭᠠᠯᠳᠤᠨ ᠲᠠᠰᠤᠷᠠᠯᠳᠠ ᠦᠭᠡᠢ | ᠪᠠᠶᠠᠯᠢᠭᠵᠢᠨ ᠬᠥᠭᠵᠢᠬᠦ ᠨᠢ ᠯᠠᠪᠲᠠᠢ ᠶᠤᠮ ᠃ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ | ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠰᠢ ᠶᠢᠨ | ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ ᠂ ᠰᠤᠳᠤᠯᠬᠤ ᠂ ᠲᠣᠳᠣᠷᠬᠠᠶᠢᠯᠠᠨ ᠲᠠᠶᠢᠯᠪᠤᠷᠢᠯᠠᠬᠤ ᠪᠠᠨ ᠦᠷᠭᠦᠯᠵᠢᠯᠡᠨ ᠴᠢᠩᠭᠠᠳᠬᠠᠬᠤ ᠪᠥᠭᠡᠳ | ᠤᠬᠠᠮᠰᠠᠷ ᠠᠴᠠ ᠪᠠᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠯ᠎ᠡ ᠲᠠᠯ᠎ᠠ ᠪᠠ ᠪᠦᠭᠦ ᠶᠠᠪᠤᠴᠠ ᠳᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠤᠷᠠᠳᠪᠠ ᠃ | ᠬᠤᠷᠠᠯ ᠠᠴᠠ ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠣᠭᠤᠷᠢᠨ | ᠳᠤ ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ | ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ | ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ | ᠦᠨᠡᠨ ᠬᠦ ᠬᠡᠷᠡᠭᠯᠡᠬᠦ ᠂ ᠭᠦᠨᠵᠡᠭᠡᠶᠢᠷᠡᠭᠦᠯᠬᠦ ᠬᠠᠳᠠᠩᠰᠢᠭᠤᠯᠬᠤ ᠬᠤᠪᠢᠷᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠰᠢᠨ᠎ᠡ ᠴᠠᠭ ᠦᠶ᠎ᠡ ᠳᠤ ᠡᠷᠡᠯᠬᠡᠭᠯᠡᠨ | ᠤᠷᠤᠭᠰᠢᠯᠠᠬᠤ ᠭᠤᠣᠯ ᠤᠷᠤᠰᠬᠠᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ ᠂ ᠢᠲᠡᠭᠡᠯ ᠵᠣᠷᠢᠭ ᠢᠶᠠᠨ ᠪᠠᠲᠤᠳᠬᠠᠬᠤ ᠪᠠᠷ | ᠭᠤᠣᠯᠳᠠᠯᠭ᠎ᠠ ᠪᠣᠯᠭᠠᠨ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠴᠢᠳᠠᠪᠤᠷᠢ ᠶᠢ ᠳᠡᠭᠡᠭᠰᠢᠯᠡᠭᠦᠯᠭᠦ | ᠬᠡᠷᠡᠭᠲᠡᠢ ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠠᠵᠢᠯ ᠢ ᠰᠠᠶᠢᠵᠢᠷᠠᠭᠤᠯᠤᠨ ᠰᠢᠨ᠎ᠡ ᠶᠢ ᠡᠭᠦᠳᠬᠦ ᠬᠡᠷᠡᠭᠲᠡᠢ ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠵᠤ ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠬᠡᠷᠡᠭᠲᠡᠢ ᠃ ᠭᠠᠳᠠᠭᠠᠳᠤ ᠤᠬᠠᠭᠤᠯᠭ᠎ᠠ ᠶᠢᠨ ᠠᠵᠢᠯ ᠢ | ᠴᠢᠩᠭᠠᠳᠬᠠᠨ ᠰᠠᠶᠢᠵᠢᠷᠠᠭᠤᠯᠵᠤ ᠂ ᠳᠤᠮᠳᠠᠳᠤ ᠶᠢᠨ ᠪᠣᠯᠪᠠᠰᠤᠨ ᠤ ᠳᠠᠮᠵᠢᠭᠤᠯᠬᠤ ᠬᠦᠴᠦᠨ ᠨᠥᠯᠥᠭᠡᠯᠡᠬᠦ ᠬᠦᠴᠦᠨ ᠢ ᠴᠢᠩᠭᠠᠷᠠᠭᠤᠯᠬᠤ ᠬᠡᠷᠡᠭᠲᠡᠢ ᠃ ᠦᠵᠡᠯ | ᠤᠬᠠᠮᠰᠠᠷ ᠤᠨ ᠭᠡᠯᠪᠡᠷᠢ ᠶᠢᠨ ᠠᠶᠤᠯ ᠲᠦᠭᠰᠢᠭᠦᠷᠢ ᠶᠢ ᠡᠷᠡᠰ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠵᠣᠷᠢᠭᠲᠠᠢ ᠪᠠᠷ ᠬᠤᠷᠴᠠ ᠰᠡᠯᠡᠮ᠎ᠡ ᠭᠠᠷᠭᠠᠵᠤ ᠂ | ᠵᠣᠷᠢᠭᠲᠠᠢ ᠪᠠᠷ ᠲᠡᠮᠡᠴᠡᠬᠦ ᠬᠡᠷᠡᠭᠲᠡᠢ ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠵᠤ ᠂ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠂ | ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ ᠂ ᠺᠠᠳ᠋ᠷ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ ᠂ ᠰᠣᠶᠣᠯ ᠤᠨ ᠰᠢᠨ᠎ᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ | ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠠᠵᠢᠯ ᠤᠨ | ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠂ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠡᠮᠡᠴᠡᠯ ᠪᠠ ᠦᠢᠯᠡᠳᠦᠯᠭᠡ ᠶᠢᠨ ᠳᠤᠮᠳᠠ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ | ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠣ᠋ ᠯᠧᠢ ᠠᠵᠢᠯ ᠤᠨ | ᠪᠠᠶᠢᠷᠢᠯᠠᠭᠤᠯᠤᠯᠲᠠ ᠬᠢᠵᠡᠢ ᠃ | ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ ᠂ ᠲᠥᠪ ᠤᠨ ᠷᠠᠳᠢᠣ᠋ ᠲᠧᠯᠸᠢᠰ ᠤᠨ | ᠶᠡᠷᠦᠩᠬᠡᠢ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠂ | ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ | ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ ᠃ | ᠲᠢᠶᠧ ᠨᠢᠩ ᠂ ᠱᠧᠨ ᠢ ᠴᠢᠨ ᠬᠤᠷᠠᠯ ᠳᠤ ᠣᠷᠣᠯᠴᠠᠵᠠᠢ ᠃ | ᠲᠥᠪ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠡᠯ᠎ᠡ ᠮᠤᠵᠢ ᠣᠷᠣᠨ ᠬᠤᠲᠠ | ᠪᠣᠯᠣᠨ ᠲᠤᠰᠠᠭᠠᠷ ᠲᠥᠯᠥᠪᠯᠡᠭᠡᠲᠦ ᠬᠤᠲᠠ ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠂ ᠲᠥᠪ ᠤᠨ ᠰᠤᠷᠲᠠᠯ ᠤᠬᠠᠭᠤᠯᠭ᠎ᠠ | ᠰᠣᠶᠣᠯ ᠤᠨ ᠰᠢᠰᠲ᠋ᠧᠮ ᠤᠨ ᠡᠯ᠎ᠡ ᠨᠢᠭᠡᠴᠢ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ | ᠠᠷᠠᠳ ᠤᠨ ᠪᠦᠯᠭᠦᠮ ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠬᠡᠰᠡᠭ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ ᠃ | | | |