| | ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠂ ᠥᠪᠥᠷ ᠮᠣᠩᠭᠤᠯ ᠠᠴᠠ ᠢᠷᠡᠭᠰᠡᠨ ᠲᠠᠮᠢᠷᠴᠢᠳ ᠤᠨ ᠳᠣᠲᠣᠷ᠎ᠠ ᠂ | ᠬᠠᠷᠠᠬᠠᠨ ᠪᠠᠭ᠎ᠠ ᠠᠴᠠ ᠪᠠᠨ ᠪᠠᠷᠢᠯᠳᠤᠭᠠᠨ ᠤ ᠲᠠᠯᠠᠪᠤᠷ ᠲᠤ ᠬᠠᠨᠢᠰᠴᠤ ᠥᠰᠦᠭᠰᠡᠨ ᠲᠦᠷᠦᠭᠰᠡᠨ ᠠᠬ᠎ᠠ ᠳᠡᠭᠦᠦ ᠬᠤᠶᠠᠭᠤᠯᠠ ᠪᠠᠶᠢᠳᠠᠭ ᠃ | ᠠᠬ᠎ᠠ ᠪᠥᠬᠡᠪᠢᠯᠢᠭ ᠨᠢ ᠵᠢᠣᠳᠣᠣ ᠪᠦᠭᠡ ᠶᠢᠨ ᠡᠷᠡᠭᠲᠡᠢ ᠶᠢᠨ 90 ᠺᠢᠯᠣᠭ᠍ᠷᠠᠮ ᠤᠨ ᠲᠡᠰ ᠤᠨ ᠤᠷᠤᠯᠳᠤᠭᠠᠨ ᠪᠠ ᠬᠠᠮᠲᠤ ᠶᠢᠨ ᠤᠷᠤᠯᠳᠤᠭᠠᠨ ᠳᠤ ᠣᠷᠣᠯᠴᠠᠵᠠᠢ ᠃ | ᠳᠡᠭᠦᠦ ᠪᠥᠬᠡᠨᠷᠳᠡᠨᠢ ᠨᠢ ᠪᠦᠭᠡ ᠶᠢᠨ ᠤᠷᠤᠯᠳᠤᠭᠠᠨ ᠤ ᠡᠷᠡᠭᠲᠡᠢ ᠶᠢᠨ ᠴᠢᠯᠦᠭᠡᠲᠦ ᠮᠠᠶ᠋ᠢᠭ ᠤᠨ 125 ᠺᠢᠯᠣᠭ᠍ᠷᠠᠮ ᠤᠨ ᠳᠡᠰ ᠤᠨ ᠤᠷᠤᠯᠳᠤᠭᠠᠨ ᠳᠤ ᠣᠷᠣᠯᠴᠠᠪᠠ ᠃ | 10 ᠰᠠᠷ᠎ᠠ ᠶᠢᠨ 7 ᠤ ᠡᠳᠦᠷ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠤ ᠪᠦᠭᠡ ᠶᠢᠨ ᠤᠷᠤᠯᠳᠤᠭᠠᠨ ᠲᠡᠭᠦᠰᠬᠦ ᠶᠢ ᠳᠠᠭᠠᠯᠳᠤᠨ ᠂ ᠡᠨᠡ ᠬᠦ | ᠲᠥᠷᠥᠭᠰᠡᠨ ᠠᠬ᠎ᠠ ᠳᠡᠭᠦᠦ ᠬᠤᠶᠠᠭᠤᠯᠠ ᠬᠦᠷᠡᠯ ᠮᠧᠳᠠᠯ ᠢᠶᠠᠷ ᠥᠪᠡᠷ ᠤᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠤ ᠠᠶᠠᠯᠠᠯ ᠢᠶᠠᠨ ᠭᠠᠵᠤᠭᠠ ᠳᠦᠭᠦᠷᠡᠩ | ᠥᠨᠳᠥᠷᠯᠡᠭᠦᠯᠵᠡᠢ ᠃ | ᠪᠥᠬᠡᠪᠢᠯᠢᠭ ᠂ ᠪᠥᠬᠡᠨᠷᠳᠡᠨᠢ ᠠᠬ᠎ᠠ ᠳᠡᠭᠦᠦ ᠬᠤᠶᠠᠭᠤᠯᠠ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠦᠷᠭᠡᠨᠲᠠᠯ᠎ᠠ ᠪᠠᠯᠭᠠᠰᠤ ᠪᠠᠷ | ᠨᠤᠲᠤᠭᠲᠠᠢ ᠂ ᠠᠯᠢ ᠡᠷᠲᠡ ᠠᠴᠠ ᠰᠣᠷᠢᠭ᠎ᠠ ᠪᠣᠯᠪᠠᠰᠤᠷᠠᠯ ᠰᠠᠶᠢᠲᠠᠢ ᠪᠠᠶᠢᠵᠤ ᠂ ᠪᠣᠯᠪᠠᠰᠤᠷᠠᠯ ᠤᠨ ᠲᠠᠯᠠᠪᠠᠢ ᠳᠤ ᠬᠠᠷᠢᠯᠴᠠᠨ ᠳᠡᠮᠵᠢᠬᠦ ᠪᠠᠷ ᠪᠠᠷᠠᠬᠤ ᠦᠭᠡᠢ | ᠤᠷᠤᠯᠳᠤᠭᠠᠨ ᠤ ᠲᠠᠯᠠᠪᠠᠢ ᠳᠤ ᠴᠤ ᠬᠠᠷᠢᠯᠴᠠᠨ ᠵᠣᠷᠢᠭᠵᠢᠭᠤᠯᠳᠠᠭ ᠪᠠᠶᠢᠯ᠎ᠠ ᠃ ᠬᠤᠵᠢᠮ ᠨᠢ ᠠᠬ᠎ᠠ ᠪᠥᠬᠡᠪᠢᠯᠢᠭ ᠨᠢ ᠵᠢᠣᠳᠣᠣ ᠪᠦᠭᠡ ᠪᠣᠯᠪᠠᠰᠤᠷᠠᠬᠤ ᠶᠢᠨ ᠵᠡᠷᠭᠡ ᠪᠠᠷ | ᠤᠯᠤᠰ ᠤᠨ ᠳᠣᠲᠣᠭᠠᠳᠤ ᠶᠢᠨ ᠡᠷᠡᠭᠲᠡᠢ ᠶᠢᠨ 90 ᠺᠢᠯᠣᠭ᠍ᠷᠠᠮ ᠤᠨ ᠲᠡᠰ ᠲᠤ ᠣᠷᠣᠶᠢᠯᠠᠭᠰᠠᠨ ᠲᠠᠮᠢᠷᠴᠢᠨ ᠪᠣᠯᠵᠤ ᠂ ᠳᠡᠭᠦᠦ ᠪᠥᠬᠡᠨᠷᠳᠡᠨᠢ ᠨᠢ ᠴᠧ ᠴᠢᠯᠦᠭᠡᠲᠦ ᠪᠦᠭᠡ | ᠶᠢᠨ ᠪᠠᠷᠢᠯᠳᠤᠭᠠᠨ ᠢᠶᠠᠷ ᠪᠣᠯᠪᠠᠰᠤᠷᠠᠯ ᠢᠶᠠᠨ ᠪᠠᠷᠢᠮᠲᠠᠯᠠᠭᠰᠠᠭᠠᠷ ᠢᠷᠡᠵᠠᠢ ᠃ | ᠲᠤᠰ ᠬᠤᠭᠤᠴᠠᠭᠠᠨ ᠤ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠳᠤ ᠂ ᠪᠥᠬᠡᠪᠢᠯᠢᠭ ᠵᠢᠣᠳᠣᠣ ᠪᠦᠭᠡ ᠶᠢᠨ ᠤᠷᠤᠯᠳᠤᠭᠠᠨ ᠤ ᠵᠦᠢᠯ ᠳᠤ ᠤᠷᠢᠳ ᠢᠶᠠᠷ | ᠣᠷᠣᠯᠴᠠᠪᠠ ᠃ ᠪᠥᠬᠡᠪᠢᠯᠢᠭ ᠬᠡᠳᠦᠶᠢᠪᠡᠷ ᠬᠤᠪᠢ ᠬᠥᠮᠥᠨ ᠤ ᠤᠷᠤᠯᠳᠤᠭᠠᠨ ᠤ ᠵᠦᠢᠯ ᠳᠤ ᠳᠡᠭᠡᠳᠦ ᠨᠠᠢᠮᠠ ᠳᠤ ᠯᠡ ᠣᠷᠣᠭᠰᠠᠨ ᠪᠤᠯᠪᠠᠴᠤ ᠬᠠᠮᠲᠤ ᠶᠢᠨ | ᠤᠷᠤᠯᠳᠤᠭᠠᠨ ᠳᠤ ᠳᠤᠮᠳᠠᠳᠤ ᠤᠯᠤᠰ ᠤᠨ ᠠᠩᠭᠢ ᠶᠢ ᠲᠥᠯᠥᠭᠡᠯᠡᠨ ᠬᠦᠷᠡᠯ ᠮᠧᠳᠠᠯ ᠬᠦᠷᠲᠡᠵᠦ ᠭᠠᠪᠢᠶ᠎ᠠ ᠪᠠᠶᠢᠭᠤᠯᠤᠨ ᠂ ᠲᠤᠰ ᠲᠡᠮᠡᠴᠡᠭᠡᠨ ᠤ ᠵᠠᠩᠭᠢᠯᠠᠭ᠎ᠠ ᠶᠢᠨ ᠨᠢᠭᠡ | ᠨᠤᠭᠤᠯᠤᠭᠠᠨ ᠳᠤ ᠡᠰᠡᠷᠭᠦ ᠡᠲᠡᠭᠡᠳ ᠢᠶᠠᠨ ᠢᠯᠠᠵᠤ ᠂ ᠡᠴᠦᠰ ᠤᠨ ᠢᠯᠠᠯᠲᠠ ᠶᠢ ᠣᠯᠪᠠ ᠃ ᠪᠥᠬᠡᠨᠷᠳᠡᠨᠢ ᠪᠦᠭᠡ ᠶᠢᠨ ᠤᠷᠤᠯᠳᠤᠭᠠᠨ ᠤ ᠵᠦᠢᠯ ᠳᠤ ᠮᠥᠨ ᠴᠦ | ᠭᠠᠷᠮᠠᠭᠠᠢ ᠢᠯᠡᠷᠡᠯ ᠲᠠᠢ ᠃ ᠬᠦᠷᠡᠯ ᠮᠧᠳᠠᠯ ᠤᠨ ᠥᠷᠢᠰᠦᠯᠳᠦᠭᠡᠨ ᠳᠤ ᠂ ᠪᠥᠬᠡᠨᠷᠳᠡᠨᠢ ᠦᠵᠡᠯᠴᠡᠵᠦ ᠥᠩᠭᠡᠷᠡᠭᠰᠡᠨ ᠺᠠᠽᠠᠬᠰᠲ᠋ᠠᠨ ᠤ ᠲᠠᠮᠢᠷᠴᠢᠨ ᠶᠢᠤᠰᠦᠫ · | ᠪᠠᠵᠢᠷᠮᠦ᠋ᠵᠠᠶᠧᠹ ᠲᠠᠢ ᠳᠠᠬᠢᠨᠲᠠ ᠲᠠᠭᠠᠷᠠᠯᠳᠤᠵᠤ ᠂ ᠡᠴᠦᠰ ᠲᠡᠭᠡᠨ 5 ᠄ 3 ᠬᠤᠪᠢ ᠪᠠᠷ ᠢᠯᠠᠵᠤ ᠂ ᠬᠦᠷᠡᠯ ᠮᠧᠳᠠᠯ ᠬᠦᠷᠲᠡᠵᠡᠢ ᠃ | ︽ ᠠᠬ᠎ᠠ ᠨᠠᠳᠠ ᠠᠴᠠ ᠢᠯᠡᠭᠦᠦ ᠲᠤᠷᠰᠢᠯᠭ᠎ᠠ ᠲᠠᠢ ᠂ ᠦᠷᠭᠦᠯᠵᠢ ᠲᠤᠷᠰᠢᠯᠭ᠎ᠠ ᠪᠠᠨ ᠳ᠋ᠦᠩᠨᠡᠵᠦ ᠰᠤᠷᠭᠠᠳᠠᠭ ᠂ ᠪᠢ ᠴᠦ ᠠᠬ᠎ᠠ ᠶᠢᠨ ᠢᠶᠠᠨ ᠦᠭᠡ ᠶᠢ ᠶᠡᠭᠡ | ᠰᠣᠨᠣᠰᠳᠠᠭ ᠰᠢᠤ ︾ ᠃ ᠤᠷᠤᠯᠳᠤᠭᠠᠨ ᠤ ᠳᠠᠷᠠᠭ᠎ᠠ ᠠᠬ᠎ᠠ ᠳᠡᠭᠦᠦ ᠬᠤᠶᠠᠭᠤᠯᠠ ᠪᠠᠨ ᠬᠠᠮᠲᠤ ᠪᠠᠷ ᠤᠷᠤᠯᠳᠤᠭᠠᠨ ᠤ ᠥᠩᠭᠡᠷᠡᠯᠲᠡ ᠪᠠᠨ ᠶᠠᠷᠢᠬᠤ ᠳᠤ ᠂ ᠪᠥᠬᠡᠨᠷᠳᠡᠨᠢ | ᠰᠤᠷᠪᠤᠯᠵᠢᠯᠠᠬᠴᠢ ᠳᠤ ᠄ ︽ ᠪᠢᠳᠠ ᠬᠤᠶᠠᠭᠤᠯᠠ ᠪᠠᠨ ᠬᠠᠮᠲᠤ ᠪᠠᠷ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠳᠠᠭᠠᠨ ᠮᠠᠰᠢ ᠪᠠᠶᠠᠷᠲᠠᠢ ᠪᠠᠶᠢᠨ᠎ᠠ ᠂ | ᠡᠨᠡ ᠪᠣᠯ ᠪᠢᠳᠡ ᠬᠤᠶᠠᠭᠤᠯᠠ ᠶᠢᠨ ᠭᠠᠶᠢᠬᠠᠭᠤᠯᠵᠤ ᠪᠣᠯᠤᠮᠠᠷ ᠶᠠᠪᠤᠳᠠᠯ ᠮᠥᠨ ︾ ᠭᠡᠵᠦ ᠬᠡᠯᠡᠪᠡ ᠃ | ᠠᠽᠢᠶ᠎ᠠ ᠲᠢᠪ ᠤᠨ ᠲᠠᠮᠢᠷ ᠤᠨ ᠴᠤᠭᠯᠠᠭᠠᠨ ᠳᠤ ᠬᠤᠶᠠᠭᠤᠯᠠ ᠪᠠᠨ ᠪᠦᠷ ᠬᠦᠷᠡᠯ ᠮᠧᠳᠠᠯ ᠢᠶᠠᠷ ᠡᠩᠭᠡᠷ ᠢᠶᠠᠨ ᠮᠢᠯᠢᠶᠠᠯᠭᠠᠭᠰᠠᠨ ᠪᠤᠯᠪᠠᠴᠤ ᠠᠬ᠎ᠠ ᠳᠡᠭᠦᠦ | ᠬᠤᠶᠠᠭᠤᠯᠠ ᠪᠠᠨ ᠪᠠᠰᠠ ᠨᠡᠩ ᠥᠨᠳᠥᠷ ᠬᠠᠷᠠᠯᠲᠠ ᠲᠠᠢ ᠪᠠᠶᠢᠯ᠎ᠠ ᠃ ︽ ᠵᠠᠯᠭᠠᠭᠠᠳ ᠪᠢ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ | ᠤᠷᠤᠯᠳᠤᠭᠠᠨ ᠳᠤ ᠡᠬᠢᠯᠡᠵᠦ ᠪᠡᠯᠡᠳᠬᠡᠨ᠎ᠡ ᠂ ᠪᠢᠳᠡ ᠬᠤᠶᠠᠭᠤᠯᠠ ᠡᠨᠡ ᠤᠳᠠᠭ᠎ᠠ ᠬᠦᠷᠡᠯ ᠮᠧᠳᠠᠯ ᠭᠥᠷᠳᠡᠭᠰᠡᠨ ᠠ᠋ ᠂ ᠳᠠᠷᠠᠭ᠎ᠠ ᠤᠳᠠᠭ᠎ᠠ ᠬᠦᠷᠡᠯ ᠮᠧᠳᠠᠯ ᠢᠶᠠᠷ | ᠵᠣᠬᠰᠣᠬᠤ ᠦᠭᠡᠢ ᠰᠢᠸ ︾ ᠭᠡᠵᠦ ᠬᠡᠯᠡᠬᠦ ᠳᠡᠭᠡᠨ ᠪᠥᠬᠡᠨᠷᠳᠡᠨᠢ ᠢᠲᠡᠭᠡᠯ ᠳᠦᠭᠦᠷᠡᠩ ᠢᠨᠢᠶᠡᠮᠰᠦᠭᠯᠡᠵᠦ ᠪᠠᠶᠢᠯ᠎ᠠ ᠃ | | | |