| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠬᠤᠶᠢᠨ᠎ᠠ ᠵᠦᠩ ᠨᠠᠨ ᠬᠠᠢ ᠳᠤ ᠪᠦᠭᠦ | ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ | ᠬᠠᠮᠲᠤ ᠴᠢᠬᠤᠯᠠ ᠶᠠᠷᠢᠶ᠎ᠠ ᠲᠠᠯᠪᠢᠪᠠ ᠃ ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠬᠦ | ᠴᠢᠬᠤᠯᠠ ᠲᠠᠢ ᠪᠠᠶᠢᠵᠤ ᠂ ᠡᠮᠡᠭᠲᠡᠶᠢᠴᠦᠳ ᠤᠨ ᠦᠢᠯᠡᠳᠦᠯ ᠨᠢ ᠣᠷᠣᠯᠠᠭᠤᠯᠵᠤ ᠪᠣᠯᠣᠰᠢ ᠦᠭᠡᠢ ᠶᠤᠮ ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠂ ᠥᠷᠭᠡᠨ ᠤᠯᠠᠨ ᠡᠮᠡᠭᠲᠡᠶᠢᠴᠦᠳ ᠤᠨ ᠥᠪᠡᠷ ᠢ ᠪᠠᠨ | ᠭᠦᠨᠳᠦᠳᠭᠡᠵᠦ ᠢᠲᠡᠭᠡᠯ ᠲᠠᠢ ᠪᠠᠶᠢᠬᠤ ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠂ ᠰᠢᠨ᠎ᠡ | ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠤᠷᠮᠠᠰᠢᠭᠤᠯᠤᠨ ᠵᠣᠷᠢᠭᠵᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠡᠮᠡᠭᠲᠡᠶᠢᠴᠦᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ ᠃ | | 10 ᠰᠠᠷ᠎ᠠ ᠶᠢᠨ 30 ᠤ ᠡᠳᠦᠷ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠦᠩ ᠨᠠᠨ ᠬᠠᠢ ᠳᠤ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ | ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ | ᠬᠠᠮᠲᠤ ᠶᠢᠨ ᠶᠠᠷᠢᠯᠴᠠᠭ᠎ᠠ ᠳᠤ ᠣᠷᠣᠯᠴᠠᠪᠠ ᠃ | ᠰᠢ ᠶᠢᠨ ᠫᠢᠩ ᠶᠠᠭᠤᠨ ᠤ ᠡᠮᠦᠨ᠎ᠡ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠡᠮᠡᠭᠲᠡᠶᠢᠴᠦᠳ ᠤᠨᠠᠵᠢᠯ ᠳᠠᠬᠢ | ᠤᠳᠤᠷᠢᠳᠤᠯᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ ᠠᠬᠢᠭᠤᠯᠵᠤ ᠂ ᠡᠮᠡᠭᠲᠡᠶᠢᠴᠦᠳ ᠤᠨᠡᠷᠬᠡ | ᠠᠰᠢᠭ ᠢ ᠪᠠᠲᠤᠯᠠᠬᠤ ᠬᠠᠤᠯᠢᠵᠢᠯ ᠤᠨ ᠰᠢᠰᠲ᠋ᠧᠮ ᠢ ᠲᠠᠰᠤᠷᠠᠯᠳᠡ ᠦᠭᠡᠢ ᠪᠦᠷᠢᠨᠰᠢᠭᠦᠯᠵᠦ ᠂ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ ᠂ ᠡᠮᠡᠭᠲᠡᠶᠢᠴᠦᠳ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠪᠠ ᠃ ᠥᠩᠭᠡᠷᠡᠭᠰᠡᠨ 5 ᠵᠢᠯ ᠳᠤ ᠂ | ᠡᠯ᠎ᠡᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠷᠢᠨᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠥᠲᠥᠯᠥᠨ ᠳᠠᠭᠠᠭᠤᠯᠬᠤ ᠂ ᠦᠢᠯᠡᠴᠢᠯᠡᠬᠦ ᠂ ᠬᠠᠷᠢᠯᠴᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠵᠦ ᠂ ᠥᠷᠭᠡᠨ ᠣᠯᠠᠨ ᠡᠮᠡᠭᠲᠡᠶᠢᠴᠦᠳ ᠢ ᠳᠠᠶᠢᠴᠢᠯᠠᠨ ᠵᠣᠬᠢᠶᠠᠨ ᠪᠠᠶᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠴᠢᠨᠡᠭᠡᠯᠢᠭ ᠨᠡᠶᠢᠭᠡᠮ ᠢ | ᠪᠦᠭᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠢ ᠲᠡᠮᠡᠴᠡᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯ ᠲᠡᠶᠢᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ ᠂ ᠭᠡᠷ ᠪᠦᠯᠢ ᠭᠡᠷ ᠤᠨ ᠬᠥᠮᠦᠵᠢᠯ ᠭᠡᠷ ᠤᠨ | ᠰᠤᠷᠲᠠᠯ ᠤᠨᠪᠠᠶᠢᠭᠤᠯᠤᠯᠲᠠ ᠶᠢᠨ ᠰᠢᠨ᠎ᠡ ᠶᠢ ᠡᠭᠦᠳᠦᠨ ᠠᠬᠢᠭᠤᠯᠵᠤ ᠂ ᠡᠷᠬᠡ ᠠᠰᠢᠭ ᠢᠶᠠᠨ ᠬᠠᠮᠠᠭᠠᠯᠠᠵᠤ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠰᠡᠳᠬᠢᠯ | ᠲᠠᠯᠪᠢᠨ ᠴᠢᠩ ᠰᠡᠳᠬᠢᠯ ᠠᠴᠠ ᠪᠠᠨ ᠰᠠᠶᠢᠲᠤᠷ ᠬᠢᠵᠦ ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠤᠯᠤᠰ | ᠲᠥᠷᠥᠴᠢ ᠴᠢᠨᠠᠷ ᠂ ᠲᠡᠷᠢᠭᠦᠨ ᠤ ᠴᠢᠨᠠᠷ ᠂ ᠣᠯᠠᠨ ᠲᠦᠮᠡᠨᠴᠢ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠵᠦ ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ | ᠴᠢᠨᠠᠭᠰᠢᠳᠠ ᠪᠠᠳᠠᠷᠠᠭᠤᠯᠪᠠ ᠃ ᠨᠠᠮ ᠤᠨ ᠲᠥᠪ ᠬᠤᠷᠢᠶ᠎ᠠ ᠠᠴᠠ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠢ ᠭᠦᠢᠴᠡᠳ ᠨᠤᠲᠠᠯᠠᠵᠤ ᠂ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ ᠭᠡᠵᠦ | ᠢᠯᠡᠳᠬᠡᠪᠡ ᠃ | ᠰᠢ ᠶᠢᠨ ᠫᠢᠩ ᠂ ᠡᠮᠡᠭᠲᠡᠶᠢᠴᠦᠳ ᠤᠨ ᠦᠢᠯᠡᠰ ᠪᠣᠯᠣᠨ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ | ᠪᠠᠷᠢᠮᠲᠠᠯᠠᠵᠤ ᠂ ᠨᠠᠮ ᠲᠠᠢ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠬᠤ ᠬᠡᠷᠡᠭᠲᠡᠢ ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ | ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠢᠮᠠᠭᠲᠠ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠃ ᠤᠯᠤᠰ ᠲᠦᠷᠦ ᠶᠢᠨ ᠲᠠᠯ᠎ᠠ ᠪᠠᠷ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ ᠂ | ᠮᠠᠨ ᠤ ᠤᠯᠤᠰ ᠤᠨ ᠡᠮᠡᠭᠲᠡᠶᠢᠴᠦᠳ ᠤᠨ ᠦᠢᠯᠡᠰ ᠤᠨ ᠤᠯᠤᠰ ᠲᠦᠷᠦ ᠶᠢᠨ ᠰᠢᠨᠵᠢ ᠴᠢᠨᠠᠷ ᠪᠣᠯᠣᠨ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ | ᠪᠠᠶᠢᠭᠤᠯᠤᠯᠲᠠ ᠵᠢᠨᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠂ ᠡᠮᠡᠭᠲᠡᠶᠢᠴᠦᠳ ᠲᠠᠬᠢ ᠦᠵᠡᠯ ᠰᠠᠨᠠᠭ᠎ᠠ ᠤᠯᠤᠰ ᠲᠦᠷᠦ ᠶᠢᠨ | ᠵᠢᠯᠣᠭᠤᠳᠤᠮᠵᠢ ᠶᠢ ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠥᠷᠭᠡᠨ ᠤᠯᠠᠨ ᠡᠮᠡᠭᠲᠡᠶᠢᠴᠦᠳ ᠤᠨ ᠡᠷᠡᠰ ᠭᠤᠶᠢᠪᠢᠰᠢ ᠦᠭᠡᠢ ᠪᠠᠷ ᠨᠠᠮ ᠤᠨ | ᠦᠭᠡ ᠶᠢ ᠰᠣᠨᠣᠰᠴᠤ ᠂ ᠨᠠᠮ ᠵᠶ᠋ᠠᠨᠲ᠋ᠠᠭᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ | ᠨᠢᠭᠲᠠ ᠤᠶᠠᠯᠳᠤᠭᠤᠯᠤᠨ ᠂ ᠠᠵᠢᠯ ᠤᠨ ᠬᠦᠴᠦᠯᠡᠴᠡ ᠪᠠᠨ ᠣᠨᠣᠪᠴᠢᠲᠠᠢ ᠣᠯᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠤᠨ ᠪᠣᠳᠠᠲᠠᠢ ᠡᠭᠦᠷᠭᠡ ᠪᠣᠯᠭᠠᠨ ᠬᠤᠪᠢᠷᠠᠭᠤᠯᠬᠤ ᠬᠡᠷᠡᠭᠲᠡᠢ ᠃ ᠥᠷᠭᠡᠨ ᠣᠯᠠᠨ | ᠡᠮᠡᠭᠲᠡᠶᠢᠴᠦᠳ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠳᠤᠮᠳᠠ ᠲᠣᠰ ᠪᠡᠶ᠎ᠡ ᠶᠢᠨ ᠳᠠᠪᠠᠭᠤᠯᠢᠭ ᠪᠠ ᠢᠳᠡᠪᠬᠢᠲᠡᠢ ᠦᠢᠯᠡᠳᠦᠯ ᠢᠶᠠᠨ | ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠭᠡᠷ ᠪᠦᠯᠢ ᠡᠶ᠎ᠡ ᠨᠠᠶᠢᠷᠲᠠᠢ ᠂ ᠭᠡᠷ ᠤᠨ ᠬᠥᠮᠦᠵᠢᠯ ᠰᠠᠶᠢᠨ ᠂ ᠭᠡᠷ ᠤᠨ ᠰᠤᠷᠲᠠᠯ ᠲᠥᠪ ᠪᠣᠯ ᠦᠷ᠎ᠡ ᠬᠡᠦᠬᠡᠳ ᠨᠢ ᠰᠠᠶ᠋ᠢ ᠡᠷᠡᠭᠦᠯ ᠢᠶᠠᠷ | ᠦᠰᠦᠨᠪᠤᠶᠢᠵᠢᠵᠤ ᠂ ᠨᠡᠶᠢᠭᠡᠮ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ ᠃ ᠡᠮᠡᠭᠲᠡᠶᠢᠴᠦᠳ ᠤᠨ ᠠᠵᠢᠯ ᠢ ᠰᠠᠶᠢᠲᠤᠷ ᠬᠢᠬᠦ ᠨᠢ ᠡᠮᠡᠭᠲᠡᠶᠢᠴᠦᠳ ᠤᠨ ᠲᠣᠰ ᠪᠡᠶ᠎ᠡ ᠶᠢᠨ | ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠪᠠᠰᠠ ᠭᠡᠷ ᠪᠦᠯᠢ ᠶᠢᠨ ᠡᠶ᠎ᠡ ᠵᠣᠬᠢᠴᠠᠯ ᠂ ᠨᠡᠶᠢᠭᠡᠮ ᠤᠨ ᠡᠶ᠎ᠡ ᠵᠣᠬᠢᠴᠠᠯ ᠲᠠᠢ ᠬᠤᠯᠪᠣᠭᠳᠠᠵᠤ ᠂ ᠤᠯᠤᠰ | ᠣᠷᠣᠨ ᠤ ᠬᠥᠭᠵᠢᠯᠲᠡ ᠂ ᠦᠨᠳᠦᠰᠦᠲᠡᠨ ᠤ ᠲᠠᠪᠰᠢᠯᠳᠠ ᠲᠠᠢ ᠬᠤᠯᠪᠣᠭᠳᠠᠵᠤ ᠪᠠᠶᠢᠳᠠᠭ ᠃ ᠭᠡᠷ ᠤᠨ ᠰᠤᠷᠲᠠᠯ ᠤᠨ ᠦᠯᠢᠭᠡᠷ ᠢ ᠰᠠᠶᠢᠲᠤᠷ ᠶᠠᠷᠢᠵᠤ ᠂ ᠥᠷᠭᠡᠨ | ᠤᠯᠠᠨᠡᠮᠡᠭᠲᠡᠶᠢᠴᠦᠳ ᠤᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ | ᠪᠤᠯᠭᠠᠬᠤ ᠲᠠᠯ᠎ᠠ ᠪᠠᠷ ᠬᠢ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ ᠂ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ | ᠪᠤᠢ ᠪᠤᠯᠭᠠᠬᠤ ᠬᠡᠷᠡᠭᠲᠡᠢ ᠃ ᠰᠢᠨ᠎ᠡ ᠭᠡᠯᠪᠡᠷᠢ ᠶᠢᠨ ᠣᠷᠤᠭ ᠦᠷᠡᠵᠢᠯ ᠤᠨ ᠰᠣᠶᠣᠯ ᠢ ᠢᠳᠡᠪᠬᠢᠲᠡᠢ ᠪᠤᠶᠢᠵᠢᠭᠤᠯᠵᠤ ᠂ ᠵᠠᠯᠠᠭᠤᠴᠤᠳ ᠤᠨ ᠢᠨᠠᠭ ᠣᠷᠤᠭ ᠤᠨ | ᠦᠵᠡᠯᠲᠡ ᠂ ᠦᠷᠡᠵᠢᠯ ᠤᠨᠦᠵᠡᠯᠲᠡ ᠂ ᠭᠡᠷ ᠪᠦᠯᠢ ᠶᠢᠨ ᠦᠵᠡᠯᠲᠡ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ ᠂ ᠦᠷᠡᠵᠢᠯ ᠤᠨ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠬᠥᠮᠥᠨ ᠠᠮᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠂ ᠬᠥᠮᠥᠨ | ᠠᠮᠠ ᠵᠢᠨᠨᠠᠰᠤᠵᠢᠯ ᠢ ᠢᠳᠡᠪᠬᠢᠲᠡᠢ ᠠᠷᠭᠠᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ | ᠬᠡᠦᠬᠡᠳ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠣᠨ᠎ᠠ ᠃ | ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠡᠮᠡᠭᠲᠡᠶᠢᠴᠦᠳ | ᠬᠡᠦᠬᠡᠳ ᠤᠨ ᠡᠷᠬᠡ ᠠᠰᠢᠭ ᠢ ᠨᠥᠯᠥᠭᠡᠯᠡᠬᠦ ᠪᠠ ᠬᠤᠬᠢᠷᠠᠭᠤᠯᠬᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ ᠃ ᠣᠷᠣᠯᠭ᠎ᠠ | ᠪᠠᠭᠠᠲᠠᠢ ᠡᠮᠡᠭᠲᠡᠶᠢᠴᠦᠳ ᠂ ᠨᠠᠰᠤ ᠠᠬᠢᠭᠰᠠᠨ ᠡᠮᠡᠭᠲᠡᠶᠢᠴᠦᠳ ᠂ ᠵᠡᠮᠳᠡᠭ ᠡᠮᠡᠭᠲᠡᠶᠢᠴᠦᠳ ᠵᠡᠷᠭᠡ ᠬᠦᠴᠢᠷᠳᠡᠯᠲᠡᠢ ᠡᠮᠡᠭᠲᠡᠶᠢᠴᠦᠳ ᠢ ᠬᠠᠯᠠᠮᠵᠢᠯᠠᠨ ᠲᠡᠳᠬᠦᠵᠦ ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠭᠦᠳᠡᠯ ᠬᠥᠮᠥᠨ ᠠᠮᠠ ᠶᠢᠨ ᠬᠡᠦᠬᠡᠳ ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ ᠃ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠡᠩ ᠤᠨ ᠦᠶ᠎ᠡ ᠳᠤ ᠬᠢᠵᠦ ᠂ | ᠦᠷᠭᠦᠯᠵᠢ ᠠᠳᠬᠤᠵᠤ ᠂ ᠦᠨᠳᠦᠰᠦᠨ ᠱᠠᠲᠤᠨ ᠳᠤ ᠭᠦᠷᠳᠡᠯ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠡᠮᠡᠭᠲᠡᠶᠢᠴᠦᠳ ᠤᠨ ᠬᠤᠯᠪᠤᠭ᠎ᠠ ᠪᠣᠯ ᠨᠠᠮ ᠪᠣᠯᠣᠨ ᠵᠠᠰᠠᠭ ᠤᠨ ᠣᠷᠳᠣᠨ ᠤ ᠡᠮᠡᠭᠲᠡᠶᠢᠴᠦᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ ᠃ | ᠤᠯᠤᠰ ᠲᠥᠷᠥᠴᠢ ᠴᠢᠨᠠᠷ ᠂ ᠲᠡᠷᠢᠭᠦᠨ ᠤ ᠴᠢᠨᠠᠷ ᠂ ᠤᠯᠠᠨ ᠲᠦᠮᠡᠨᠴᠢ ᠴᠢᠨᠠᠷ ᠢ ᠪᠠᠲᠤᠯᠠᠨ ᠴᠢᠩᠭᠠᠳᠬᠠᠬᠤ ᠶᠢᠨ ᠲᠣᠭᠤᠷᠢᠨ ᠳᠤ ᠂ ᠡᠮᠡᠭᠲᠡᠶᠢᠴᠦᠳ ᠤᠨᠬᠤᠯᠪᠤᠭ᠎ᠠ ᠶᠢᠨ | ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠳᠤᠲᠠᠭᠤᠳᠠᠯ ᠢ ᠨᠥᠬᠦᠪᠦᠷᠢᠯᠡᠬᠦ ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ ᠂ | ᠰᠠᠭᠤᠷᠢ ᠲᠠᠯᠪᠢᠬᠤ ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠵᠤ ᠂ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨᠡᠯ᠎ᠡ ᠵᠦᠢᠯ ᠤᠨ | ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ ᠂ | ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠦᠰᠡᠵᠦ ᠰᠠᠨᠠᠵᠤ ᠪᠠᠶᠢᠭ᠎ᠠ ᠪᠠ ᠡᠮᠡᠭᠲᠡᠶᠢᠴᠦᠳ ᠤᠨᠠᠵᠢᠯ ᠤᠨ ᠪᠠᠴᠢᠮ | ᠱᠠᠭᠠᠷᠳᠠᠵᠤ ᠪᠠᠶᠢᠭ᠎ᠠ ᠪᠠᠶᠢᠳᠠᠯ ᠢ ᠣᠶᠢᠯᠠᠭᠠᠵᠤ ᠂ ᠡᠬᠢ ᠪᠠᠶᠠᠯᠢᠭ ᠪᠠ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠨᠡᠩ ᠢᠯᠡᠭᠦᠦ ᠬᠡᠯᠪᠠᠶᠢᠯᠭᠡᠬᠦ ᠶᠢ ᠠᠬᠢᠭᠤᠯᠬᠤ | ᠬᠡᠷᠡᠭᠲᠡᠢ ᠃ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠰᠢᠨ᠎ᠡ ᠪᠠᠷ ᠠᠵᠢᠯ ᠣᠯᠣᠭᠰᠠᠨ ᠬᠥᠮᠥᠰ | ᠵᠡᠷᠭᠡ ᠰᠢᠨ᠎ᠡ ᠬᠦᠷᠢᠶᠡᠨ ᠳᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ ᠂ ᠪᠦᠭᠦᠨ ᠢ | ᠪᠦᠷᠬᠦᠭᠦᠯᠬᠦ ᠶᠢ ᠪᠡᠶᠡᠯᠡᠭᠦᠯᠵᠦ ᠂ ᠰᠦᠯᠵᠢᠶᠡᠨ ᠳᠡᠭᠡᠷᠡᠬᠢ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠨᠠᠮ ᠤᠨ ᠲᠦᠷᠦ ᠪᠠᠷᠢᠬᠤ ᠡᠮᠡᠭᠲᠡᠶᠢᠴᠦᠳ ᠤᠨ | ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠮᠡᠭᠲᠡᠶᠢᠴᠦᠳ ᠤᠨᠬᠤᠯᠪᠤᠭ᠎ᠠ ᠶᠢᠨ ᠺᠠᠳ᠋ᠷ ᠤᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠡᠮᠡᠭᠲᠡᠶᠢᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠥᠷᠭᠡᠨ ᠤᠯᠠᠨ ᠡᠮᠡᠭᠲᠡᠢ | ᠤᠯᠠᠨ ᠲᠦᠮᠡᠨ ᠳᠤ ᠦᠢᠯᠡᠴᠢᠯᠡᠬᠦ ᠂ ᠡᠮᠡᠭᠲᠡᠶᠢᠴᠦᠳ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨᠲ᠋ᠠᠰᠤᠷᠠᠯᠳᠠ ᠦᠭᠡᠢ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ ᠡᠮᠡᠭᠲᠡᠶᠢᠴᠦᠳ ᠤᠨ ᠠᠵᠢᠯ ᠢ ᠬᠠᠮᠢᠶᠠᠷᠬᠤ ᠵᠠᠷᠴᠢᠮ ᠢ ᠪᠠᠷᠢᠮᠲᠠᠯᠠᠵᠤ ᠂ ᠡᠷᠡᠭᠲᠡᠢ ᠡᠮᠡᠭᠲᠡᠢ ᠡᠷᠬᠡ | ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠭᠤᠰᠢᠯᠠᠭᠤᠯᠵᠤ ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠳᠠᠬᠢ | ᠤᠳᠤᠷᠢᠳᠤᠯᠭ᠎ᠠ ᠪᠠᠨᠴᠢᠩᠭᠠᠳᠬᠠᠵᠤ ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠳᠠᠬᠢ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ | ᠰᠢᠢᠳᠪᠦᠷᠢᠯᠡᠵᠦ ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠢᠶᠠᠨ ᠵᠣᠬᠢᠶᠠᠨ ᠪᠠᠶᠢᠭᠤᠯᠤᠨ ᠥᠷᠨᠢᠭᠦᠯᠬᠦ ᠳᠤ ᠳᠡᠮᠵᠢᠯᠭᠡ ᠬᠠᠩᠭᠠᠵᠤ ᠂ ᠨᠥᠬᠦᠴᠡᠯ ᠪᠦᠷᠢᠯᠳᠦᠭᠦᠯᠵᠦ | ᠥᠭᠬᠦ ᠬᠡᠷᠡᠭᠲᠡᠢ ᠃ ᠡᠯ᠎ᠡ ᠱᠠᠲᠤᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯᠯᠠᠬᠤ ᠬᠤᠷᠢᠶ᠎ᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠨᠡᠨ | ᠬᠦ ᠪᠠᠳᠠᠷᠠᠭᠤᠯᠵᠤ ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠵᠢᠯᠣᠭᠤᠳᠤᠨ ᠱᠠᠯᠠᠪᠳᠠᠭᠤᠯᠬᠤ ᠶᠢ ᠴᠢᠩᠭᠠᠳᠬᠠᠵᠤ ᠂ ᠡᠮᠡᠭᠲᠡᠶᠢᠴᠦᠳ ᠬᠡᠦᠬᠡᠳ ᠤᠨ ᠦᠢᠯᠡᠰ ᠤᠨ | ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ ᠃ | ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠱᠧᠨ ᠢ ᠴᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ | ᠬᠤᠭᠤᠴᠠᠭᠠᠨ ᠤ ᠤᠳᠤᠷᠢᠳᠬᠤ ᠪᠠᠭ ᠢ ᠲᠥᠯᠥᠭᠡᠯᠡᠨ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ | ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠪᠣᠳᠣᠯᠬᠢᠯᠠᠯ ᠢᠶᠠᠨ ᠬᠠᠷᠢᠭᠤ ᠮᠡᠳᠡᠭᠦᠯᠪᠡ ᠃ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠳᠡᠳ᠋ | ᠲᠡᠷᠢᠭᠦᠯᠡᠭᠴᠢ ᠬᠤᠸᠠᠩ ᠰᠢᠶᠣᠣ ᠸᠧᠢ ᠂ ᠮᠧᠩ ᠮᠠᠨ ᠂ ᠸᠠᠩ ᠶᠠ ᠫᠢᠩ ᠦᠭᠡ ᠬᠡᠯᠡᠪᠡ ᠃ | ᠱᠢ ᠲᠠᠢ ᠹᠧᠩ ᠂ ᠯᠢ ᠭᠠᠨ ᠵᠢᠶᠧ ᠂ ᠯᠢ ᠱᠥ ᠯᠧᠢ ᠂ ᠴᠧᠨ ᠸᠧᠨ ᠴᠢᠩ ᠂ ᠯᠢᠦ ᠶᠢᠨ ᠭᠦᠸᠧ ᠶᠠᠷᠢᠯᠴᠠᠯᠭ᠎ᠠ ᠳᠤ ᠣᠷᠣᠯᠴᠠᠵᠠᠢ ᠃ | | | |