| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 31 ᠤ ᠴᠠᠭᠢᠯᠭᠠᠨ ᠮᠡᠳᠡᠭᠡ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ 10 | ᠰᠠᠷ᠎ᠠ ᠶᠢᠨ 30 ᠠᠴᠠ 31 ᠤ ᠡᠳᠦᠷ ᠪᠤᠯᠲᠠᠯ᠎ᠠ ᠪᠡᠭᠡᠵᠢᠩ ᠳᠤ ᠶᠠᠪᠤᠭᠳᠠᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ | ᠰᠢᠶᠠᠩ ᠂ ᠯᠢ ᠰᠢ ᠬᠤᠷᠠᠯ ᠳᠤ ᠣᠷᠣᠯᠴᠠᠪᠠ ᠃ | | ᠰᠢ ᠶᠢᠨ ᠫᠢᠩ ᠴᠢᠬᠤᠯᠠ ᠶᠠᠷᠢᠶᠠᠨ ᠳᠠᠭᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠥᠩᠭᠦᠨ ᠭᠦᠢᠯᠭᠡᠭᠡᠨ ᠤ ᠠᠵᠢᠯ ᠢ ᠳ᠋ᠦᠩᠨᠡᠵᠦ ᠂ | ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ ᠂ ᠣᠳᠣᠬᠠᠨ ᠤ ᠪᠠ ᠬᠤᠶᠢᠰᠢᠳᠠ ᠶᠢᠨ ᠬᠡᠰᠡᠭ | ᠬᠤᠭᠤᠴᠠᠭᠠᠨ ᠤ ᠮᠥᠩᠭᠦᠨ ᠭᠦᠢᠯᠭᠡᠭᠡᠨ ᠤ ᠠᠵᠢᠯ ᠢ ᠪᠠᠶᠢᠷᠢᠯᠠᠭᠤᠯᠪᠠ ᠃ ᠯᠢ ᠴᠢᠶᠠᠩ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ | ᠪᠠᠶᠢᠷᠢᠯᠠᠭᠤᠯᠤᠯᠲᠠ ᠬᠢᠵᠡᠢ ᠃ | ᠬᠤᠷᠠᠯ ᠠᠴᠠ ᠂ ᠮᠥᠩᠭᠦᠨ ᠭᠦᠢᠯᠭᠡᠭᠡ ᠪᠣᠯ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠮᠥᠨ ᠂ ᠤᠯᠤᠰ ᠤᠨ ᠭᠤᠣᠯᠯᠠᠬᠤ ᠥᠷᠢᠰᠦᠯᠳᠦᠬᠦ | ᠬᠦᠴᠦᠨ ᠤ ᠴᠢᠬᠤᠯᠠ ᠪᠦᠷᠢᠯᠳᠦᠭᠦᠨ ᠬᠡᠰᠡᠭ ᠮᠥᠨ ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ ᠂ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠡᠭᠦᠯᠳᠡᠷᠵᠢᠭᠦᠯᠵᠦ ᠂ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠰᠢᠯᠢᠳᠡᠭᠵᠢᠭᠦᠯᠵᠦ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ | ᠳᠣᠣᠷ᠎ᠠ ᠂ ᠮᠥᠩᠭᠦᠨ ᠭᠦᠢᠯᠭᠡᠭᠡᠨ ᠤ ᠰᠢᠰᠲ᠋ᠧᠮ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠬᠦᠴᠦᠲᠡᠢ ᠲᠤᠯᠭᠠᠭᠤᠷᠢᠯᠠᠵᠤ ᠂ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ | ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠪᠡ ᠃ | ᠨᠠᠮ ᠤᠨ ᠲᠥᠪ ᠬᠤᠷᠢᠶ᠎ᠠ ᠮᠠᠷᠺᠰ ᠤᠨ ᠦᠵᠡᠯ ᠤᠨ ᠮᠥᠩᠭᠦᠨ ᠭᠦᠢᠯᠭᠡᠭᠡᠨ ᠤ ᠤᠨᠤᠯ ᠢ ᠤᠳᠤ ᠦᠶ᠎ᠡ ᠶᠢᠨ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠵᠢᠮ᠎ᠡ ᠶᠣᠰᠣ ᠶᠢ ᠴᠢᠷᠮᠠᠶᠢᠨ ᠡᠵᠡᠮᠳᠡᠵᠦ ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠦᠢᠯᠡᠰ ᠤᠨ ᠦᠢᠯᠡᠳᠦᠯᠭᠡ ᠶᠢᠨ ᠰᠢᠨ᠎ᠡ ᠡᠭᠦᠳᠦᠯᠲᠡ ᠂ | ᠤᠨᠤᠯ ᠤᠨ ᠰᠢᠨ᠎ᠡ ᠡᠭᠦᠳᠦᠯᠲᠡ ᠂ ᠳᠦᠷᠢᠮ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠠᠬᠢᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠵᠠᠮ ᠢ ᠴᠢᠷᠮᠠᠶᠢᠨ ᠨᠡᠭᠡᠭᠡᠵᠦ ᠂ ᠡᠷᠬᠡᠪᠰᠢ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠠᠷᠠᠳ ᠲᠦᠮᠡᠨ ᠢᠶᠠᠷ ᠭᠤᠣᠯ ᠪᠤᠯᠭᠠᠬᠰᠠᠨ ᠥᠷᠲᠡᠭ ᠤᠨ ᠬᠠᠨᠳᠤᠰᠢ ᠶᠢ ᠪᠠᠷᠢᠮᠲᠠᠯᠠᠵᠤ ᠂ ᠮᠥᠩᠭᠦᠨ ᠭᠦᠢᠯᠭᠡᠭᠡ ᠪᠠᠷ | ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠦᠨᠳᠦᠰᠦᠨ ᠵᠣᠷᠢᠯᠲᠠ ᠪᠤᠯᠭᠠᠬᠤ ᠶᠢ ᠪᠠᠷᠢᠮᠲᠠᠯᠠᠵᠤ ᠂ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠮᠥᠩᠭᠦᠨ ᠭᠦᠢᠯᠭᠡᠭᠡᠨ ᠤ ᠠᠵᠢᠯ ᠤᠨ ᠥᠨᠢᠳᠡ ᠶᠢᠨ ᠭᠤᠣᠯ ᠰᠡᠳᠦᠪ ᠪᠤᠯᠭᠠᠬᠤ ᠶᠢ ᠪᠠᠷᠢᠮᠲᠠᠯᠠᠵᠤ ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ | ᠵᠠᠮ ᠢᠶᠠᠷ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ ᠂ ᠮᠥᠩᠭᠦᠨ ᠭᠦᠢᠯᠭᠡᠭᠡᠨ ᠤ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠬᠦ ᠶᠢ ᠪᠠᠷᠢᠮᠲᠠᠯᠠᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠬᠤ ᠬᠡᠷᠡᠭᠲᠡᠢ ᠭᠡᠵᠦ | ᠴᠢᠬᠤᠯᠠᠴᠢᠯᠠᠪᠠ ᠃ ᠡᠳᠡᠭᠡᠷ ᠦᠢᠯᠡᠳᠦᠯᠭᠡ ᠶᠢᠨ ᠦᠷ᠎ᠡ ᠪᠦᠲᠦᠭᠡᠯ ᠂ ᠤᠨᠤᠯ ᠤᠨ ᠦᠷ᠎ᠡ ᠪᠦᠲᠦᠭᠡᠯ ᠭᠢᠯᠪᠡᠷ ᠪᠤᠰᠤ ᠪᠠᠷ ᠢᠷᠡᠵᠡᠢ ᠃ ᠡᠭᠦᠨ ᠤ ᠬᠠᠮᠲᠤ ᠂ ᠮᠥᠩᠭᠦᠨ | ᠭᠦᠢᠯᠭᠡᠭᠡᠨ ᠤ ᠬᠦᠷᠢᠶᠡᠨ ᠳᠠᠬᠢ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠬᠠᠷᠢᠯᠴᠠᠨ ᠰᠣᠯᠪᠢᠴᠠᠵᠤ ᠂ ᠬᠠᠷᠢᠯᠴᠠᠨ ᠨᠥᠯᠥᠭᠡᠯᠡᠵᠦ ᠂ ᠵᠠᠷᠢᠮ ᠨᠢ ᠪᠠᠰᠠ ᠮᠠᠰᠢ | ᠲᠣᠪᠤᠶᠢᠮ᠎ᠠ ᠪᠠᠶᠢᠵᠤ ᠂ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠲᠠᠯᠳᠠ ᠭᠡᠮ ᠮᠥᠨ ᠯᠡ ᠨᠡᠯᠢᠶᠡᠳ ᠤᠯᠠᠨ ᠪᠠᠶᠢᠵᠤ ᠂ ᠮᠥᠩᠭᠦᠨ | ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠠᠰᠤ ᠴᠢᠨᠠᠷ ᠦᠷ᠎ᠡ ᠠᠰᠢᠭ ᠥᠨᠳᠥᠷ ᠪᠢᠰᠢ ᠂ ᠮᠥᠩᠭᠦᠨ ᠭᠦᠢᠯᠭᠡᠭᠡᠨ ᠤ ᠡᠮᠬᠢ ᠵᠠᠮᠪᠠᠷᠠᠭ᠎ᠠ | ᠦᠭᠡᠢ ᠪᠠᠶᠢᠳᠠᠯ ᠪᠠ ᠢᠯᠵᠠᠷᠠᠯ ᠤᠨ ᠠᠰᠠᠭᠤᠳᠠᠯ ᠣᠯᠠᠨᠲᠠ ᠬᠤᠷᠢᠭᠯᠠᠭᠰᠠᠨ ᠴᠤ ᠵᠣᠭᠰᠣᠰᠢ ᠦᠭᠡᠢ ᠪᠠᠶᠢᠵᠤ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ | ᠵᠠᠰᠠᠯᠲᠠ ᠶᠢᠨ ᠴᠢᠳᠠᠪᠤᠷᠢ ᠪᠠᠭᠤᠷᠠᠢ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ ᠃ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ ᠂ ᠬᠡᠬᠦᠳᠡᠭ ᠴᠡᠭᠡᠵᠢᠨ ᠳᠡᠭᠡᠨ ︽ ᠤᠯᠤᠰ ᠤᠨ ᠶᠡᠭᠡ ᠶᠠᠪᠤᠳᠠᠯ ︾ ᠢ ᠪᠠᠭᠲᠠᠭᠠᠵᠤ ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ ᠂ ᠡᠳᠡᠭᠡᠷ ᠠᠰᠠᠭᠤᠳᠠᠯ ᠢ ᠵᠣᠷᠢᠭ ᠰᠢᠭᠤᠳᠤᠨ ᠦᠨᠳᠦᠰᠦᠨ ᠠᠴᠠ ᠨᠢ ᠰᠢᠢᠳᠪᠦᠷᠢᠯᠡᠵᠦ ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠨ ᠨᠡᠮᠡᠷᠢᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠮᠥᠩᠭᠦᠨ ᠭᠦᠢᠯᠭᠡᠭᠡᠨ ᠤ | ᠠᠵᠢᠯ ᠤᠨ ᠤᠯᠤᠰ ᠲᠥᠷᠥᠴᠢ ᠴᠢᠨᠠᠷ ᠂ ᠠᠷᠠᠳᠴᠢ ᠴᠢᠨᠠᠷ ᠢ ᠭᠦᠨᠵᠡᠭᠡᠢ ᠡᠵᠡᠮᠳᠡᠵᠦ ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ | ᠪᠠᠶᠢᠭᠤᠯᠬᠤ ᠪᠠᠷ ᠬᠠᠷᠠᠯᠲᠠ ᠪᠠᠨ ᠪᠤᠯᠭᠠᠵᠤ ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠵᠤ ᠂ ᠮᠥᠩᠭᠦᠨ | ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠤ ᠂ ᠮᠥᠩᠭᠦᠨ | ᠭᠦᠢᠯᠭᠡᠭᠡᠨ ᠤ ᠡᠩᠨᠡᠭᠡᠨ ᠤ ᠴᠡᠪᠡᠷ ᠴᠢᠨᠠᠷ ᠂ ᠲᠤᠰᠬᠠᠢ ᠮᠡᠷᠭᠡᠵᠢᠯ ᠤᠨ ᠴᠢᠨᠠᠷ ᠂ ᠳᠠᠶᠢᠴᠢᠨ ᠬᠦᠴᠦᠨ ᠢᠶᠠᠷ ᠴᠢᠬᠤᠯᠠ ᠲᠤᠯᠭᠠᠭᠤᠷᠢᠯᠠᠯ ᠪᠤᠯᠭᠠᠵᠤ ᠂ ᠬᠢᠨᠠᠯᠲᠠ | ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠭᠤᠣᠯᠳᠠᠯᠭ᠎ᠠ ᠪᠤᠯᠭᠠᠵᠤ ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ | ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ ᠂ ᠳᠤᠮᠳᠠᠳᠤ ᠤᠯᠤᠰ ᠤᠨ | ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠤᠳᠤ | ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠣᠯᠠᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠮᠥᠩᠭᠦᠨ ᠭᠦᠢᠯᠭᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ | ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ | ᠴᠢᠬᠤᠯᠠ ᠡᠭᠦᠷᠭᠡ ᠮᠥᠨ ᠂ ᠮᠥᠩᠭᠦᠨ ᠭᠦᠢᠯᠭᠡᠭᠡ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠬᠡᠷᠡᠭᠲᠡᠢ ᠃ | ᠵᠣᠭᠤᠰᠤᠨ ᠤ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠤᠢ ᠪᠤᠯᠭᠠᠵᠤ ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ | ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠠᠬᠢ ᠰᠢᠯᠢᠳᠡᠭ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠦᠨᠡᠨ ᠬᠦ ᠴᠢᠩᠭᠠᠳᠬᠠᠬᠤ ᠬᠡᠷᠡᠭᠲᠡᠢ ᠃ | ᠵᠣᠭᠤᠰᠤᠨ ᠤ ᠲᠦᠷᠦ ᠶᠢᠨ ᠪᠣᠳᠣᠯᠭ᠎ᠠ ᠶᠢᠨ ᠲᠣᠭᠲᠠᠭᠤᠨ ᠴᠢᠨᠠᠷ ᠢ ᠢᠮᠠᠭᠲᠠ ᠪᠠᠲᠤᠯᠠᠵᠤ ᠂ ᠦᠶᠡᠯᠡᠬᠦ ᠬᠤᠭᠤᠴᠠᠭ᠎ᠠ ᠪᠠ ᠦᠶᠡᠯᠡᠯ ᠥᠭᠰᠥᠬᠦ ᠬᠤᠭᠤᠴᠠᠭ᠎ᠠ ᠶᠢᠨ | ᠲᠣᠬᠢᠷᠠᠭᠤᠯᠤᠯᠲᠠ ᠶᠢ ᠰᠠᠶᠢᠲᠤᠷ ᠬᠢᠬᠦ ᠶᠢ ᠨᠡᠩ ᠴᠢᠬᠤᠯᠠᠴᠢᠯᠠᠵᠤ ᠂ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠲᠡᠭᠦᠯᠳᠡᠷᠵᠢᠭᠦᠯᠬᠦ | ᠬᠡᠷᠡᠭᠲᠡᠢ ᠃ ᠪᠡᠯᠡ ᠮᠥᠩᠭᠦ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ ᠂ ᠨᠡᠩ ᠤᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ ᠲᠡᠷᠢᠭᠦᠨ ᠤ ᠦᠢᠯᠡᠳᠬᠦ ᠦᠢᠯᠡᠰ ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠠ ᠳᠤᠮᠳᠠ ᠪᠠᠭ᠎ᠠ | ᠵᠢᠵᠢᠭ ᠠᠵᠤ ᠠᠬᠤᠶᠢᠯᠠᠯ ᠳᠤ ᠬᠡᠷᠡᠭᠯᠡᠵᠦ ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠂ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠶᠡᠭᠡ ᠪᠠᠷ ᠲᠡᠮᠵᠢᠵᠦ ᠂ ᠤᠯᠤᠰ ᠤᠨ ᠠᠮᠤ ᠪᠤᠳᠠᠭ᠎ᠠ ᠪᠠ ᠡᠨᠧᠷᠭᠢ ᠶᠢᠨ ᠠᠮᠤᠷ | ᠲᠦᠪᠰᠢᠨ ᠵᠡᠷᠭᠡ ᠶᠢ ᠦᠨᠡᠨ ᠬᠦ ᠪᠠᠲᠤᠯᠠᠬᠤ ᠬᠡᠷᠡᠭᠲᠡᠢ ᠃ ᠦᠷ᠎ᠡ ᠠᠰᠢᠭ ᠪᠠᠭᠠᠲᠠᠢ ᠡᠵᠡᠯᠡᠭᠳᠡᠭᠡᠳ ᠪᠠᠶᠢᠭ᠎ᠠ ᠮᠥᠩᠭᠦᠨ ᠭᠦᠢᠯᠭᠡᠭᠡᠨ ᠤ ᠡᠬᠢ ᠪᠠᠶᠠᠯᠢᠭ ᠢ | ᠠᠮᠢᠳᠤᠯᠢᠭᠵᠢᠭᠤᠯᠵᠤ ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠮᠥᠩᠭᠦᠨ ᠭᠦᠢᠯᠭᠡᠭᠡ ᠂ ᠪᠣᠬᠢᠷᠳᠤᠯ ᠦᠭᠡᠢ ᠮᠥᠩᠭᠦᠨ ᠭᠦᠢᠯᠭᠡᠭᠡ ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠂ ᠨᠠᠰᠤᠵᠢᠯ ᠤᠨ ᠠᠰᠠᠷᠠᠮᠵᠢ ᠶᠢᠨ ᠮᠥᠩᠭᠦᠨ | ᠭᠦᠢᠯᠭᠡᠭᠡ ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠲᠠᠪᠤᠨ ᠶᠡᠭᠡ ᠠᠵᠢᠯ ᠢ ᠰᠠᠶᠢᠲᠤᠷ ᠬᠢᠬᠦ ᠬᠡᠷᠡᠭᠲᠡᠢ ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠠ ᠵᠠᠬ᠎ᠠ ᠳᠡᠯᠭᠡᠭᠦᠷ ᠤᠨ ᠰᠢᠰᠲ᠋ᠧᠮ ᠢ ᠬᠦᠴᠦᠯᠡᠨ ᠪᠠᠶᠢᠭᠤᠯᠵᠤ ᠂ ᠪᠡᠯᠡ ᠮᠥᠩᠭᠦ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠣᠷᠣᠬᠤ ᠠᠷᠭ᠎ᠠ | ᠵᠠᠮ ᠢ ᠨᠡᠪᠲᠡᠷᠡᠭᠦᠯᠬᠦ ᠬᠡᠷᠡᠭᠲᠡᠢ ᠃ ᠪᠡᠯᠡ ᠮᠥᠩᠭᠦ ᠴᠤᠭᠯᠠᠭᠤᠯᠬᠤ ᠪᠦᠲᠦᠴᠡ ᠶᠢ ᠰᠢᠯᠢᠳᠡᠭᠵᠢᠭᠦᠯᠦᠨ ᠂ ᠬᠥᠷᠥᠩᠭᠡ ᠶᠢᠨ ᠵᠠᠬ᠎ᠠ ᠳᠡᠯᠭᠡᠭᠦᠷ ᠤᠨ ᠵᠠᠩᠭᠢᠯᠠᠭ᠎ᠠ ᠶᠢᠨ | ᠴᠢᠳᠠᠮᠵᠢ ᠶᠢ ᠨᠠᠩ ᠰᠠᠶᠢᠲᠤᠷ ᠪᠠᠳᠠᠷᠠᠭᠤᠯᠵᠤ ᠂ ᠰᠲ᠋ᠣᠺ ᠲᠠᠷᠬᠠᠭᠠᠬᠤ ᠶᠢᠨ ᠳᠠᠩᠰᠠᠯᠠᠭᠤᠯᠬᠤ ᠳᠦᠷᠢᠮ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ ᠂ | ᠣᠯᠠᠨ ᠡᠰᠢᠵᠢᠭᠰᠡᠨ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠭ᠎ᠠ ᠶᠢ ᠬᠥᠭᠵᠢᠭᠦᠯᠵᠦ ᠂ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠶᠠᠰᠤ ᠴᠢᠨᠠᠷ ᠢ ᠶᠡᠭᠡ ᠪᠠᠷ | ᠳᠡᠭᠡᠭᠰᠢᠯᠡᠭᠦᠯᠦᠨ ᠂ ᠲᠡᠷᠢᠭᠦᠨ ᠤ ᠪᠡᠯᠡ ᠣᠷᠣᠭᠤᠯᠤᠯᠲᠠ ᠶᠢᠨ ᠪᠠᠩᠬᠢ ᠪᠠ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢ ᠪᠤᠶᠢᠵᠢᠭᠤᠯᠬᠤ ᠬᠡᠷᠡᠭᠲᠡᠢ ᠃ ᠵᠢᠭᠡᠯᠡᠯᠭᠡ ᠶᠢᠨ | ᠲᠡᠮᠳᠡᠭᠲᠦ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠪᠠᠶᠢᠭᠤᠯᠤᠮᠵᠢ ᠶᠢᠨ ᠪᠠᠶᠢᠷᠢ ᠲᠣᠭᠲᠠᠭᠠᠯᠲᠠ ᠶᠢ ᠲᠡᠭᠦᠯᠳᠡᠷᠵᠢᠭᠦᠯᠵᠦ ᠂ | ᠤᠯᠤᠰ ᠤᠨ ᠥᠮᠴᠢᠯᠡᠯ ᠤᠨ ᠲᠣᠮᠣ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠂ ᠪᠣᠳᠠᠲᠤ ᠴᠣᠭᠴᠠ ᠶᠢᠨ | ᠠᠵᠤ ᠠᠬᠤᠢ ᠳᠤ ᠦᠢᠯᠡᠴᠢᠯᠡᠬᠦ ᠭᠤᠣᠯ ᠬᠦᠴᠦᠨ ᠴᠡᠷᠢᠭ ᠪᠤᠯᠬᠤ ᠪᠠ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠲᠣᠭᠲᠠᠪᠤᠷᠢᠵᠢᠭᠤᠯᠤᠭᠴᠢ | ᠪᠤᠯᠬᠤ ᠶᠢ ᠲᠡᠮᠵᠢᠵᠤ ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠪᠠ ᠬᠢᠨᠠᠨ | ᠬᠠᠮᠢᠶᠠᠷᠬᠤ ᠱᠠᠭᠠᠷᠳᠠᠯᠭ᠎ᠠ ᠶᠢ ᠴᠢᠩᠳᠠᠯᠠᠵᠤ ᠂ ᠲᠤᠬᠠᠢ ᠶᠢᠨ ᠭᠠᠵᠠᠷ ᠲᠠᠭᠠᠨ ᠰᠠᠭᠤᠷᠢᠯᠠᠨ ᠣᠨᠴᠠᠯᠢᠭᠲᠤ ᠡᠵᠡᠩᠨᠡᠯᠲᠡ ᠶᠢ ᠥᠷᠨᠢᠭᠦᠯᠵᠦ ᠂ ᠲᠦᠷᠦ ᠶᠢᠨ ᠪᠣᠳᠣᠯᠭ᠎ᠠ ᠶᠢᠨ | ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠴᠢᠩᠭᠠᠳᠬᠠᠵᠤ ᠂ ᠳᠠᠭᠠᠳᠬᠠᠯ ᠤᠨ ᠦᠢᠯᠡᠰ ᠤᠨ ᠠᠵᠤ | ᠠᠬᠤᠢ ᠪᠠ ᠨᠡᠶᠢᠭᠡᠮ ᠤᠨ ᠲᠣᠭᠲᠠᠪᠤᠷᠢᠵᠢᠭᠤᠯᠤᠭᠴᠢ ᠶᠢᠨ ᠴᠢᠳᠠᠮᠵᠢ ᠶᠢ ᠪᠠᠳᠠᠷᠠᠭᠤᠯᠬᠤ ᠬᠡᠷᠡᠭᠲᠡᠢ ᠃ ᠵᠠᠬ᠎ᠠ ᠳᠡᠯᠭᠡᠭᠦᠷ ᠤᠨ ᠳᠦᠷᠢᠮ ᠢ ᠴᠢᠩᠳᠠᠯᠠᠵᠤ ᠂ ᠳᠦᠷᠢᠮ | ᠨᠢᠭᠡᠳᠦᠯᠲᠡᠢ ᠂ ᠬᠢᠨᠠᠯᠲᠠ ᠬᠠᠮᠢᠶᠠᠷᠤᠯᠲᠠ ᠬᠠᠮᠵᠢᠯᠴᠠᠭᠰᠠᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢ ᠪᠠᠶᠢᠭᠤᠯᠵᠤ ᠂ ᠤᠷᠲᠤ ᠬᠤᠭᠤᠴᠠᠭᠠᠨ ᠤ ᠬᠥᠷᠥᠩᠭᠡ ᠶᠢᠨ | ᠪᠦᠷᠢᠯᠳᠦᠯ ᠢ ᠠᠬᠢᠭᠤᠯᠬᠤ ᠬᠡᠷᠡᠭᠲᠡᠢ ᠃ ᠬᠠᠤᠯᠢ ᠶᠢᠨ ᠡᠷᠬᠡᠲᠡᠨ ᠤ ᠵᠠᠰᠠᠯᠲᠠ ᠶᠢ ᠪᠦᠷᠢᠨᠰᠢᠭᠦᠯᠵᠦ ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠦᠨ ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ | ᠬᠠᠮᠢᠶᠠᠷᠤᠯᠲᠠ ᠶᠢ ᠲᠡᠭᠦᠯᠳᠡᠷᠵᠢᠭᠦᠯᠵᠦ ᠂ ᠪᠠᠩᠬᠢ ᠶᠢᠨ ᠬᠥᠷᠥᠩᠭᠡ ᠮᠥᠩᠭᠦ ᠶᠢ ᠨᠥᠬᠦᠪᠦᠷᠢᠯᠡᠬᠦ ᠠᠷᠭ᠎ᠠ ᠵᠠᠮ ᠢ ᠥᠷᠭᠡᠳᠬᠡᠨ ᠂ ᠠᠵᠤ ᠦᠢᠯᠡᠰ ᠪᠠ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠲᠤᠰᠠᠭᠠᠷᠯᠠᠬᠤ ᠶᠢ ᠰᠠᠶᠢᠲᠤᠷ ᠬᠢᠬᠦ ᠬᠡᠷᠡᠭᠲᠡᠢ ᠃ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠨᠡᠭᠡᠭᠡᠯᠲᠡ ᠶᠢ ᠬᠦᠴᠦᠯᠡᠨ | ᠠᠬᠢᠭᠤᠯᠵᠤ ᠂ ᠤᠯᠤᠰ ᠤᠨ ᠮᠥᠩᠭᠦᠨ ᠭᠦᠢᠯᠭᠡᠭᠡ ᠪᠠ ᠠᠵᠤ ᠠᠬᠤᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠃ ︽ ᠣᠷᠣᠭᠤᠯᠵᠤ ᠠᠪᠴᠢᠷᠠᠬᠤ ︾ | ᠪᠠ ︽ ᠭᠠᠳᠠᠭᠰᠢ ᠭᠠᠷᠭᠠᠬᠤ ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ ᠂ ᠬᠢᠯᠢ ᠠᠯᠤᠰᠯᠠᠨ ᠪᠡᠯᠡ ᠣᠷᠣᠭᠤᠯᠬᠤ ᠪᠡᠯᠡ ᠮᠥᠩᠭᠦ ᠴᠤᠭᠯᠠᠭᠤᠯᠬᠤ ᠳᠥᠭᠦᠮᠴᠢᠯᠡᠯᠲᠡ ᠶᠢ ᠳᠡᠭᠡᠭᠰᠢᠯᠡᠭᠦᠯᠵᠦ ᠂ ᠨᠡᠩ | ᠣᠯᠠᠨ ᠭᠠᠳᠠᠭᠠᠳᠤ ᠪᠡᠯᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠤᠷᠲᠤ ᠬᠤᠭᠤᠴᠠᠭᠠᠨ ᠤ ᠬᠥᠷᠥᠩᠭᠡ ᠶᠢ ᠲᠠᠲᠠᠵᠤ ᠳᠤᠮᠳᠠᠳᠤ ᠤᠯᠤᠰ ᠲᠤ ᠢᠷᠡᠭᠦᠯᠦᠨ | ᠠᠵᠢᠯ ᠦᠢᠯᠡᠰ ᠢᠶᠠᠨ ᠬᠥᠭᠵᠢᠭᠦᠯᠬᠦ ᠬᠡᠷᠡᠭᠲᠡᠢ ᠃ ᠱᠠᠩᠬᠠᠢ ᠶᠢᠨ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠤᠨ ᠥᠷᠢᠰᠦᠯᠳᠦᠬᠦ ᠬᠦᠴᠦᠨ ᠪᠠ ᠨᠥᠯᠥᠭᠡᠯᠡᠬᠦ | ᠬᠦᠴᠦᠨ ᠢ ᠴᠢᠩᠭᠠᠳᠬᠠᠵᠤ ᠂ ᠰᠢᠶᠠᠩᠭᠠᠩ ᠤᠨ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠤᠨ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ | ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠵᠦ ᠂ | ᠪᠤᠢ ᠪᠦᠬᠦᠢ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠳᠤ ᠣᠷᠣᠭᠤᠯᠵᠤ ᠂ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠂ | ᠠᠵᠢᠯᠯᠠᠭᠠᠨ ᠤ ᠬᠢᠨᠠᠯᠲᠠ ᠬᠠᠮᠢᠶᠠᠷᠤᠯᠲᠠ ᠂ ᠴᠢᠳᠠᠮᠵᠢ ᠶᠢᠨ ᠬᠢᠨᠠᠯᠲᠠ ᠬᠠᠮᠢᠶᠠᠷᠤᠯᠲᠠ ᠂ ᠲᠤᠭᠤᠰᠢᠲᠠᠢ ᠬᠢᠨᠠᠨ ᠬᠠᠮᠢᠶᠠᠷᠤᠯᠲᠠ ᠂ ᠳᠠᠭᠠᠭᠠᠮᠠᠭᠠᠢ ᠬᠢᠨᠠᠯᠲᠠ | ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠬᠢᠨᠠᠯᠲᠠ ᠬᠠᠮᠢᠶᠠᠷᠤᠯᠲᠠ ᠥᠯᠥ ᠪᠠᠶᠢᠬᠤ ᠪᠠ ᠪᠠᠯᠠᠢ ᠣᠷᠣᠨ ᠢ ᠠᠷᠢᠯᠭᠠᠨ ᠂ ᠬᠠᠤᠯᠢ ᠶᠢ ᠴᠢᠩᠭ᠎ᠠ | ᠬᠡᠷᠡᠭᠵᠢᠭᠦᠯᠵᠦ ᠂ ᠵᠣᠷᠢᠭᠲᠠᠢ ᠪᠠᠷ ᠬᠤᠷᠴᠠ ᠰᠡᠯᠡᠮ᠎ᠡ ᠭᠠᠷᠭᠠᠨ ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠃ | ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠃ ᠣᠷᠣᠨ ᠨᠤᠲᠤᠭ ᠤᠨ | ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ ᠂ ᠴᠢᠨᠠᠷ ᠰᠠᠶᠢᠲᠠᠢ | ᠬᠥᠭᠵᠢᠯᠲᠡ ᠲᠠᠢ ᠵᠣᠬᠢᠴᠠᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ ᠂ ᠲᠥᠪ ᠤᠨ ᠪᠠ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ ᠃ ᠮᠥᠩᠭᠦᠨ ᠭᠦᠢᠯᠭᠡᠭᠡ ᠬᠢᠭᠡᠳ ᠭᠡᠷ ᠭᠠᠵᠠᠷ ᠤᠨ | ᠬᠥᠷᠥᠩᠭᠡ ᠶᠢᠨ ᠰᠠᠶᠢᠨ ᠣᠷᠴᠢᠯ ᠢ ᠠᠬᠢᠭᠤᠯᠵᠤ ᠂ ᠭᠡᠷ ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ | ᠳᠦᠷᠢᠮ ᠪᠠ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠦᠷᠢᠨᠰᠢᠭᠦᠯᠵᠦ ᠂ ᠭᠡᠷ ᠭᠠᠵᠠᠷ ᠤᠨ ᠬᠥᠷᠥᠩᠭᠡ ᠶᠢᠨ ᠮᠥᠩᠭᠦᠨ ᠭᠦᠢᠯᠭᠡᠭᠡᠨ ᠤ ᠬᠤᠷᠸ᠎ᠠ ᠲᠠᠯ᠎ᠠ ᠶᠢᠨ | ᠬᠢᠨᠠᠭᠤᠷ ᠪᠣᠯᠭᠤᠮᠵᠢᠲᠠᠢ ᠬᠠᠮᠢᠶᠠᠷᠤᠯᠲᠠ ᠶᠢ ᠲᠡᠭᠦᠯᠳᠡᠷᠵᠢᠭᠦᠯᠵᠦ ᠂ ᠠᠳᠠᠯᠢ ᠪᠤᠰᠤ ᠥᠮᠴᠢᠯᠡᠯ ᠤᠨ ᠭᠡᠷ ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠤᠨ ᠵᠦᠢ | ᠵᠣᠬᠢᠰᠲᠠᠢ ᠪᠡᠯᠡ ᠲᠣᠬᠢᠷᠠᠭᠤᠯᠬᠤ ᠬᠡᠷᠡᠭᠴᠡᠭᠡ ᠶᠢ ᠨᠢᠭᠡ ᠯᠡ ᠠᠳᠠᠯᠢ ᠪᠠᠷ ᠬᠠᠩᠭᠠᠵᠤ ᠂ ᠬᠤᠳᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ | ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠰᠠᠶᠢᠲᠤᠷ ᠬᠡᠷᠡᠭᠯᠡᠨ ᠂ ᠬᠠᠳᠠᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠨᠡᠩ ᠰᠠᠶᠢᠲᠤᠷ ᠲᠡᠮᠵᠢᠵᠤ ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ︽ ᠭᠤᠷᠪᠠᠨ ᠶᠡᠭᠡ ᠢᠨᠵᠧᠨᠧᠷᠢᠩ ︾ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ ᠂ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠬᠡᠷᠡᠭᠲᠡᠢ ᠃ ᠮᠥᠩᠭᠦᠨ ᠭᠦᠢᠯᠭᠡᠭᠡᠨ ᠤ | ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠬᠠᠮᠠᠭᠠᠯᠠᠵᠤ ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠠᠷᠬᠠᠭᠠᠬᠤ ᠪᠠ ᠠᠷᠠᠯᠵᠢᠶᠠᠯᠠᠬᠤ ᠠᠵᠢᠯᠯᠠᠭ᠎ᠠ ᠶᠢ | ᠵᠢᠷᠤᠮᠵᠢᠭᠤᠯᠵᠤ ᠂ ᠵᠢᠱᠢᠯᠲᠡ ᠶᠢ ᠵᠦᠢ ᠵᠣᠬᠢᠰᠲᠠᠢ ᠪᠠᠷ ᠬᠥᠲᠥᠯᠥᠨ ᠵᠢᠯᠤᠭᠤᠳᠴᠤ ᠂ ᠠᠶᠤᠯ ᠲᠦᠭᠰᠢᠭᠦᠷᠢ ᠶᠢᠨ ᠣᠷᠣᠨ ᠪᠦᠰᠡ ᠠᠯᠤᠰᠯᠠᠨ ᠂ ᠵᠠᠬ᠎ᠠ ᠳᠡᠯᠭᠡᠭᠦᠷ | ᠠᠯᠤᠰᠯᠠᠨ ᠂ ᠬᠢᠯᠢ ᠠᠯᠤᠰᠯᠠᠨ ᠳᠠᠮᠵᠢᠭᠤᠯᠤᠨ ᠶᠠᠪᠤᠭᠳᠠᠭᠤᠯᠬᠤ ᠶᠢ ᠰᠡᠷᠭᠡᠶᠢᠯᠡᠬᠦ ᠬᠡᠷᠡᠭᠲᠡᠢ ᠃ ᠭᠠᠳᠠᠭᠠᠳᠤ ᠭᠤᠪᠢᠭᠤᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ | ᠴᠢᠩᠭᠠᠳᠬᠠᠵᠤ ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ | ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠂ ᠡᠷᠬᠡ ᠪᠠ ᠬᠠᠷᠢᠭᠤᠴᠠᠯᠭ᠎ᠠ ᠶᠢᠨ | ᠬᠠᠷᠢᠴᠠᠭ᠎ᠠ ᠶᠢ ᠰᠠᠶᠢᠲᠤᠷ ᠡᠵᠡᠮᠳᠡᠵᠦ ᠂ ᠡᠷᠬᠡ ᠬᠠᠷᠢᠭᠤᠴᠠᠯᠭ᠎ᠠ ᠨᠢᠭᠡᠳᠦᠯᠲᠡᠢ ᠂ ᠤᠷᠮᠠᠰᠢᠭᠤᠯᠵᠤ ᠬᠢᠵᠠᠭᠠᠷᠯᠠᠬᠤ ᠬᠠᠷᠢᠯᠴᠠᠨ ᠵᠣᠬᠢᠴᠠᠭᠰᠠᠨ ᠠᠶᠤᠯ ᠲᠦᠭᠰᠢᠭᠦᠷᠢ ᠶᠢ | ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠬᠦ ᠭᠡᠷᠡᠭᠲᠡᠢ ; ᠲᠦᠷᠭᠡᠨ ᠪᠠ ᠲᠣᠭᠲᠠᠭᠤᠨ ᠪᠠᠶᠢᠯᠭᠠᠬᠤ ᠶᠢᠨ ᠬᠠᠷᠢᠴᠠᠭ᠎ᠠ ᠶᠢ ᠰᠠᠶᠢᠲᠤᠷ | ᠡᠵᠡᠮᠳᠡᠵᠦ ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠤᠷᠢᠲᠠᠯ ᠳᠣᠣᠷ᠎ᠠ ᠲᠣᠬᠢᠷᠠᠮᠵᠢᠲᠠᠢ ᠴᠠᠭ ᠲᠣᠬᠢᠷᠠᠮᠵᠢᠲᠠᠢ ᠬᠡᠮᠵᠢᠶ᠎ᠡ ᠳᠤ ᠦᠷ᠎ᠡ ᠪᠦᠲᠦᠮᠵᠢ ᠭᠠᠷᠭᠠᠵᠤ ᠂ | ᠠᠶᠤᠯ ᠲᠦᠭᠰᠢᠭᠦᠷᠢ ᠶᠢ ᠯᠠᠪᠳᠠᠭᠤᠨ ᠪᠠᠲᠤᠲᠠᠢ ᠪᠥᠭᠡᠳ ᠲᠣᠬᠢᠲᠠᠢ ᠨᠠᠮᠳᠠᠭᠠᠵᠤ ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠢᠯᠵᠠᠷᠠᠯ ᠤᠨ ᠦᠢᠯᠡ | ᠠᠵᠢᠯᠯᠠᠭ᠎ᠠ ᠶᠢ ᠡᠷᠡᠰ ᠵᠠᠯᠬᠠᠭᠠᠨ ᠰᠢᠢᠳᠬᠡᠵᠦ ᠂ ᠶᠣᠰᠣ ᠮᠣᠷᠠᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠭᠡᠷᠡᠭᠲᠡᠢ ; ᠠᠶᠤᠯ ᠲᠦᠭᠰᠢᠭᠦᠷᠢ ᠶᠢ ᠡᠷᠲᠡ | ᠢᠯᠭᠠᠨ ᠲᠠᠨᠢᠵᠤ ᠂ ᠡᠷᠲᠡ ᠤᠷᠢᠳᠴᠢᠯᠠᠨ ᠰᠡᠷᠡᠮᠵᠢᠯᠡᠭᠦᠯᠵᠦ ᠂ ᠡᠷᠲᠡ ᠢᠯᠡᠷᠡᠭᠦᠯᠵᠦ ᠂ ᠡᠷᠲᠡ ᠰᠢᠢᠳᠪᠦᠷᠢᠯᠡᠵᠦ ᠂ ᠬᠠᠲᠠᠭᠤ ᠬᠢᠵᠠᠭᠠᠷᠯᠠᠯ ᠲᠠᠢ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠡᠷᠲᠡ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠣᠯ | ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ ᠃ ᠨᠠᠮ ᠠᠴᠠ ᠮᠥᠩᠭᠦᠨ ᠭᠦᠢᠯᠭᠡᠭᠡᠨ ᠤ ᠠᠵᠢᠯ ᠢ ᠤᠳᠤᠷᠢᠳᠬᠤ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ ᠂ ᠲᠥᠪ ᠤᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠢ ᠃ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠢᠶ᠎ᠠ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ ᠂ ᠮᠥᠩᠭᠦᠨ ᠭᠦᠢᠯᠭᠡᠭᠡᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠃ ᠣᠷᠣᠨ ᠨᠤᠲᠤᠭ ᠤᠨ | ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠪᠠ ᠮᠥᠩᠭᠦᠨ ᠭᠦᠢᠯᠭᠡᠭᠡᠨ ᠤ ᠠᠵᠢᠯ ᠤᠨ ᠵᠥᠪᠯᠡᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ | ᠬᠠᠷᠢᠶ᠎ᠠ ᠣᠷᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ ᠂ ᠡᠷᠳᠡᠮ ᠴᠢᠳᠠᠪᠤᠷᠢ ᠶᠢᠨ ᠲᠠᠯ᠎ᠠ ᠪᠠᠷ | ᠰᠢᠯᠭᠠᠷᠠᠭᠰᠠᠨ ᠂ ᠣᠪᠣᠷ ᠰᠤᠷᠲᠠᠯ ᠤᠨ ᠲᠠᠯ᠎ᠠ ᠪᠠᠷ ᠪᠠᠲᠤ ᠴᠢᠩᠭ᠎ᠠ ᠪᠠᠶᠢᠬᠤ ᠪᠠᠷᠢᠮᠵᠢᠶ᠎ᠠ ᠶᠢ ᠪᠠᠷᠢᠮᠲᠠᠯᠠᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠮᠥᠩᠭᠦᠨ ᠭᠦᠢᠯᠭᠡᠭᠡᠨ ᠤ ᠺᠠᠳ᠋ᠷ ᠤᠨ ᠴᠢᠳᠠᠪᠤᠷᠢᠲᠠᠨ ᠤ ᠡᠩᠨᠡᠭᠡ ᠶᠢ ᠳᠠᠪᠲᠠᠨ ᠪᠤᠯᠪᠠᠰᠤᠷᠠᠭᠤᠯᠬᠤ | ᠬᠡᠷᠡᠭᠲᠡᠢ ᠃ ᠮᠥᠩᠭᠦᠨ ᠭᠦᠢᠯᠭᠡᠭᠡᠨ ᠤ ᠰᠢᠰᠲ᠋ᠧᠮ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ ᠂ ᠦᠨᠡᠨᠴᠢ ᠢᠲᠡᠭᠡᠮᠵᠢᠲᠡᠢ | ᠪᠠᠶᠢᠬᠤ ᠂ ᠴᠢᠬᠡᠴᠢ ᠵᠢᠷᠤᠮ ᠢᠶᠠᠷ ᠠᠰᠢᠭ ᠣᠯᠬᠤ ᠂ ᠯᠠᠪᠳᠠᠭᠤᠨ ᠪᠣᠯᠭᠤᠮᠵᠢᠲᠠᠢ ᠪᠠᠶᠢᠬᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠂ ᠬᠠᠤᠯᠢ | ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠬᠤ ᠬᠡᠷᠡᠭᠲᠡᠢ ᠃ ᠮᠥᠩᠭᠦᠨ ᠭᠦᠢᠯᠭᠡᠭᠡᠨ ᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ ᠂ ᠮᠥᠩᠭᠦᠨ ᠭᠦᠢᠯᠭᠡᠭᠡᠨ ᠤ | ᠭᠤᠣᠯᠳᠠᠯᠭ᠎ᠠ ᠲᠠᠢ ᠬᠦᠷᠢᠶ᠎ᠡ ᠪᠣᠯᠣᠨ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠤᠯᠢ ᠲᠣᠭᠲᠠᠭᠠᠯᠲᠠ ᠶᠢ ᠴᠠᠭ ᠲᠤᠬᠠᠢ ᠳᠤᠨᠢ ᠠᠬᠢᠭᠤᠯᠵᠤ ᠂ ᠮᠥᠩᠭᠦᠨ ᠭᠦᠢᠯᠭᠡᠭᠡᠨ ᠤ | ᠦᠢᠯᠡᠰ ᠤᠨ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠠᠯᠢ ᠣᠯᠠᠨ ᠴᠢᠬᠤᠯᠠ | ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ | ᠴᠢᠬᠤᠯᠠ ᠪᠦᠷᠢᠯᠳᠦᠭᠦᠨ ᠬᠡᠰᠡᠭ ᠮᠥᠨ ᠂ ᠮᠥᠩᠭᠦᠨ ᠭᠦᠢᠯᠭᠡᠭᠡᠨ ᠤ ᠠᠰᠠᠭᠤᠳᠠᠯ ᠤᠨ ᠲᠤᠬᠠᠢ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠢ ᠶᠢᠨ | ᠤᠬᠠᠭᠠᠨ ᠤ ᠴᠢᠬᠤᠯᠠ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠮᠥᠨ ᠂ ᠡᠨᠡ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠭᠦᠨᠵᠡᠭᠡᠢ ᠰᠤᠷᠤᠯᠴᠠᠨ ᠣᠶᠢᠯᠠᠭᠠᠵᠤ ᠂ ᠤᠬᠠᠮᠰᠠᠷ ᠠᠴᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ ᠮᠥᠩᠭᠦᠨ ᠭᠦᠢᠯᠭᠡᠭᠡᠨ ᠤ | ᠬᠤᠷᠸ᠎ᠠ ᠡᠵᠡᠮᠳᠡᠯ ᠲᠣᠬᠢᠷᠠᠭᠤᠯᠭ᠎ᠠ ᠶᠢ ᠲᠡᠭᠦᠯᠳᠡᠷᠵᠢᠭᠦᠯᠵᠦ ᠂ ᠵᠣᠭᠤᠰᠤᠨ ᠤ ᠢᠲᠡᠭᠡᠮᠵᠢᠲᠦ ᠵᠢᠭᠡᠯᠡᠯᠭᠡ ᠶᠢᠨ ᠬᠠᠩᠭᠠᠯᠭ᠎ᠠ ᠬᠡᠷᠡᠭᠴᠡᠭᠡ ᠶᠢᠨ ᠵᠢᠮ᠎ᠡ ᠶᠣᠰᠣ ᠪᠠ ᠰᠢᠨ᠎ᠡ | ᠣᠨᠴᠠᠯᠢᠭ ᠢ ᠣᠨᠣᠪᠴᠢᠲᠠᠢ ᠡᠵᠡᠮᠳᠡᠵᠦ ᠂ ᠵᠣᠭᠤᠰᠤᠨ ᠤ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠲᠣᠬᠢᠷᠠᠭᠤᠯᠤᠯᠲᠠ ᠶᠢ ᠴᠢᠩᠭᠠᠳᠬᠠᠬᠤ | ᠬᠡᠷᠡᠭᠲᠡᠢ ᠃ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠦᠢᠯᠡᠴᠢᠯᠡᠭᠡ ᠶᠢ ᠴᠢᠩᠭᠠᠳᠬᠠᠵᠤ ᠂ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠨᠡᠭᠡᠭᠡᠯᠲᠡ ᠶᠢ | ᠥᠷᠭᠡᠳᠬᠡᠨ ᠂ ︽ ᠭᠠᠳᠠᠭᠰᠢ ᠭᠠᠷᠭᠠᠬᠤ ︾ ᠪᠠ ︽ ᠨᠢᠭᠡ ᠪᠦᠰᠡ ᠨᠢᠭᠡ ᠵᠠᠮ ︾ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠦᠢᠯᠡᠴᠢᠯᠡᠵᠦ ᠂ ᠠᠷᠠᠳ ᠤᠨ | ᠵᠣᠭᠤᠰ ᠤᠨ ᠳᠡᠯᠡᠬᠡᠶᠢᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠵᠦ ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ | ᠪᠦᠷᠢᠨᠰᠢᠭᠦᠯᠵᠦ ᠂ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ ᠃ | ᠣᠳᠣᠬᠠᠨ ᠤ ᠮᠥᠩᠭᠦᠨ ᠭᠦᠢᠯᠭᠡᠭᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠬᠢᠵᠦ ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠪᠠ | ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ ᠂ ᠭᠦᠢᠯᠭᠡᠭᠡᠨ ᠤ ᠵᠣᠬᠢᠰᠲᠠᠢ ᠪᠥᠭᠡᠳ ᠭᠦᠢᠴᠡᠳ ᠪᠠᠶᠢᠬᠤ ᠂ ᠪᠡᠯᠡ ᠮᠥᠩᠭᠦ ᠴᠤᠭᠯᠠᠭᠤᠯᠬᠤ ᠥᠪᠡᠷ ᠤᠨ | ᠦᠷᠳᠡᠭ ᠢ ᠦᠷᠭᠦᠯᠵᠢᠯᠡᠨ ᠪᠠᠭᠤᠷᠠᠭᠤᠯᠬᠤ ᠶᠢ ᠪᠠᠲᠤᠯᠠᠵᠤ ᠂ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠭᠡᠵᠦ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠨᠡᠩ | ᠰᠠᠶᠢᠲᠤᠷ ᠲᠡᠮᠵᠢᠵᠤ ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠶᠢ ᠠᠬᠢᠭᠤᠯᠵᠤ ᠂ ᠰᠢᠨ᠎ᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠂ | ᠰᠢᠨ᠎ᠡ ᠤᠷᠤᠯᠳᠤᠭᠠᠨ ᠤ ᠵᠠᠮ ᠂ ᠰᠢᠨ᠎ᠡ ᠵᠠᠬ᠎ᠠ ᠳᠡᠯᠭᠡᠭᠦᠷ ᠲᠤ ᠦᠵᠡᠭᠦᠯᠭᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ ᠂ ᠰᠢᠨ᠎ᠡ ᠬᠥᠳᠡᠯᠭᠡᠬᠦ ᠬᠦᠴᠦᠨ | ᠰᠢᠨ᠎ᠡ ᠳᠠᠪᠠᠭᠤᠯᠢᠭ ᠢ ᠲᠦᠷᠭᠡᠨ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠯᠠᠩᠭᠤᠶ᠎ᠠ | ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠴᠢᠨᠠᠭᠰᠢᠳᠠ ᠨᠢᠭᠡᠳᠬᠡᠵᠦ ᠂ ᠬᠠᠷᠠᠯᠲᠠ ᠪᠠᠷ | ᠤᠳᠤᠷᠢᠳᠤᠮᠵᠢ ᠪᠤᠯᠭᠠᠬᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ | ᠪᠦᠭᠦ ᠲᠠᠯ᠎ᠠ ᠪᠠᠷ ᠴᠢᠩᠭᠠᠳᠬᠠᠵᠤ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ ᠂ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠤᠭᠤᠰᠢᠯᠠᠭᠤᠯᠬᠤ ᠶᠢ ᠰᠠᠶᠢᠲᠤᠷ ᠠᠳᠬᠤᠵᠤ ᠂ ᠮᠥᠩᠭᠦᠨ ᠭᠦᠢᠯᠭᠡᠭᠡᠨ ᠤ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠠᠵᠢᠯ ᠤᠨ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃ | ᠾᠧ ᠯᠢ ᠹᠧᠩ ᠳ᠋ᠦᠩᠨᠡᠯᠲᠡ ᠶᠢᠨ ᠶᠠᠷᠢᠶ᠎ᠠ ᠲᠠᠯᠪᠢᠪᠠ ᠃ ᠳᠤᠮᠳᠠᠳᠤ ᠤᠯᠤᠰ ᠤᠨ ᠠᠷᠠᠳ ᠤᠨ ᠪᠠᠩᠬᠢ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠂ ᠪᠡᠭᠡᠵᠢᠩ ᠬᠤᠲᠠ ᠂ ᠯᠢᠶᠣᠤᠨᠢᠩ ᠮᠤᠵᠢ ᠂ | ᠬᠤᠪᠧᠢ ᠮᠤᠵᠢ ᠂ ᠰᠧᠴᠤᠸᠠᠨ ᠮᠤᠵᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠂ ᠲᠦᠷᠦ ᠶᠢᠨ ᠶᠠᠪᠤᠳᠠᠯ ᠤᠨ | ᠭᠡᠰᠢᠭᠦᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ | ᠨᠥᠬᠦᠳ ᠬᠤᠷᠠᠯ ᠳᠤ ᠣᠷᠣᠯᠴᠠᠪᠠ ᠃ | | ᠲᠥᠪ ᠤᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠭᠡᠰᠢᠭᠦᠨ ᠂ ᠡᠯ᠎ᠡ ᠮᠤᠵᠢ ᠣᠷᠣᠨ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ ᠂ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ | ᠬᠤᠯᠪᠣᠭᠳᠠᠯ ᠪᠦᠬᠦᠢ ᠠᠷᠠᠳ ᠤᠨ ᠪᠦᠯᠭᠦᠮ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ | ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠬᠡᠰᠡᠭ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ ᠃ | | | |