| 10 ᠳ᠋ᠤᠭᠠᠷ ᠰᠠᠷ᠎ᠠ ᠶᠢᠨ 27 ᠤ ᠡᠳᠦᠷ ᠂ ︽ ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ︾ | ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠂ ᠮᠠᠨ ᠤ ᠣᠷᠣᠨ ᠤ ᠠᠩᠬᠠᠳᠠᠭᠴᠢ ᠲᠤᠰᠬᠠᠶᠢᠯᠠᠨ ᠨᠠᠭᠤᠷ ᠴᠦᠬᠦᠷᠦᠮ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠳᠤ ᠴᠢᠭᠯᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ︽ ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ︾ ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠰᠢᠶᠡᠷᠡᠭᠦᠯᠦᠭᠰᠡᠨ ᠪᠥᠭᠡᠳ 2023 ᠣᠨ ᠤ 11 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠣᠯᠣᠨ᠎ᠠ ᠃ | ᠲᠠᠨᠢᠯᠴᠠᠭᠤᠯᠤᠭᠰᠠᠨ ᠢᠶᠠᠷ ᠂ ᠲᠤᠰ ︽ ᠳᠦᠷᠢᠮ ︾ ᠨᠡᠶᠢᠲᠡ ᠵᠢᠷᠭᠤᠭᠠᠨ ᠪᠦᠯᠦᠭ ᠲᠠᠪᠢᠨ ᠵᠢᠷᠭᠤᠭᠠᠨ ᠵᠣᠷᠪᠣᠰ ᠲᠠᠢ ᠃ ᠨᠢᠭᠡᠳᠦᠭᠡᠷ ᠪᠦᠯᠦᠭ ᠤᠨ ᠶᠡᠷᠦᠩᠬᠡᠢ | ᠳᠦᠷᠢᠮ ᠳᠤ ᠂ ᠳᠦᠷᠢᠮ ᠢ ᠳᠣᠭᠲᠠᠭᠠᠭᠰᠠᠨ ᠵᠣᠷᠢᠯᠭ᠎ᠠ ᠂ ᠬᠡᠷᠡᠭᠵᠢᠭᠦᠯᠬᠦ ᠬᠡᠪᠴᠢᠶ᠎ᠡ ᠂ ᠦᠨᠳᠦᠰᠦᠨ ᠵᠠᠷᠴᠢᠮ ᠂ ᠬᠠᠮᠢᠶᠠᠷᠬᠤ ᠪᠠᠶᠢᠭᠤᠯᠤᠯ ᠲᠣᠭᠲᠠᠴᠠ ᠂ ᠢᠷᠭᠡᠨ ᠤ | ᠡᠭᠦᠷᠭᠡ ᠪᠠ ᠡᠷᠬᠡ ᠵᠡᠷᠭᠡ ᠶᠢ ᠪᠣᠳᠠᠲᠠᠢ ᠲᠣᠭᠲᠠᠭᠠᠵᠠᠢ ᠃ ᠡᠭᠦᠨ ᠠᠴᠠ ᠭᠠᠳᠠᠨ᠎ᠠ ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠂ ᠤᠰᠤ ᠠᠷᠪᠢᠯᠠᠨ ᠤᠰᠤ ᠶᠢ | ᠡᠵᠡᠮᠳᠡᠬᠦ ᠂ ᠪᠣᠬᠢᠷᠲᠤᠯ ᠢ ᠰᠡᠷᠭᠡᠶᠢᠯᠡᠨ ᠵᠠᠰᠠᠬᠤ ᠂ ᠪᠠᠲᠤᠯᠠᠬᠤ ᠪᠠ ᠬᠢᠨᠠᠬᠤ ᠵᠢᠴᠢ ᠳᠠᠭᠠᠯᠲᠠ ᠳᠦᠷᠢᠮ ᠵᠡᠷᠭᠡ ᠠᠭᠤᠯᠭ᠎ᠠ ᠲᠠᠢ ᠃ ᠲᠤᠰ ᠳᠦᠷᠢᠮ ᠢ ᠬᠡᠷᠡᠭᠵᠢᠭᠦᠯᠬᠦ ᠨᠢ | ᠪᠠᠶᠠᠨᠨᠠᠭᠤᠷ ᠬᠤᠳᠠ ᠶᠢᠨ ᠤᠯᠠᠭᠠᠨᠰᠤᠬᠠᠢ ᠶᠢ ᠬᠠᠮᠠᠭᠠᠯᠠᠨ ᠵᠠᠰᠠᠬᠤ ᠰᠡᠳᠬᠢᠮᠵᠢ ︽ ᠲᠠᠩ ᠭᠠᠭᠴᠠ ᠨᠠᠭᠤᠷ ᠴᠥᠭᠦᠷᠥᠮ ᠢ ᠵᠠᠰᠠᠵᠤ ︾ ᠪᠠᠶᠢᠭᠰᠠᠨ ᠠᠴᠠ ︽ ᠰᠠᠪᠠ | ᠭᠠᠵᠠᠷ ᠢ ᠰᠢᠰᠲ᠋ᠧᠮ ᠲᠠᠢ ᠪᠠᠷ ᠵᠠᠰᠠᠬᠤ ︾ ᠲᠡᠶᠢᠰᠢ ᠦᠨᠳᠦᠰᠦᠨ ᠬᠤᠪᠢᠷᠠᠯᠲᠠ ᠭᠠᠷᠤᠭᠰᠠᠨ ᠢ ᠬᠠᠷᠠᠭᠤᠯᠤᠨ᠎ᠠ ᠃ | ᠣᠶᠢᠯᠠᠭᠠᠭᠰᠠᠨ ᠢᠶᠠᠷ ᠂ ᠤᠯᠠᠭᠠᠨᠰᠤᠬᠠᠢ ᠪᠣᠯ ᠬᠠᠲᠤᠨ ᠭᠤᠣᠯ ᠤᠨ ᠤᠷᠤᠰᠬᠠᠯ ᠤᠨ ᠵᠠᠮ ᠢ ᠥᠭᠡᠷᠡᠴᠢᠯᠡᠵᠦ ᠪᠣᠶ ᠪᠣᠯᠭᠠᠭᠰᠠᠨ ᠪᠤᠭᠤᠯᠠᠭᠠᠨ ᠨᠠᠭᠤᠷ ᠪᠥᠭᠡᠳ | ᠬᠠᠲᠤᠨ ᠭᠤᠣᠯ ᠤᠨ ᠰᠠᠪᠠ ᠭᠠᠵᠠᠷ ᠲᠠᠬᠢ ᠬᠠᠮᠤᠭ ᠤᠨ ᠶᠡᠭᠡ ᠨᠠᠭᠤᠷ ᠨᠤᠭᠤ ᠲᠠᠢ ᠭᠠᠵᠠᠷ ᠪᠠᠶᠢᠵᠤ ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠂ | ᠤᠰᠤᠨ ᠤ ᠴᠢᠨᠠᠷ ᠢ ᠴᠡᠪᠡᠷᠰᠢᠭᠦᠯᠬᠦ ᠂ ᠰᠥᠩ ᠬᠠᠯᠢᠶ᠎ᠠ ᠬᠢᠭᠡᠳ ᠦᠶᠡᠷ ᠢ ᠰᠡᠷᠭᠡᠶᠢᠯᠡᠬᠦ ᠵᠡᠷᠭᠡ ᠣᠯᠠᠨ ᠴᠢᠬᠤᠯᠠ ᠴᠢᠳᠠᠮᠵᠢ ᠲᠠᠢ ᠃ ᠮᠥᠨ ᠴᠦ ᠬᠠᠲᠤᠨ ᠭᠤᠣᠯ ᠤᠨ | ᠠᠮᠢ ᠠᠬᠤᠢ ᠶᠢᠨ ᠠᠮᠤᠷ ᠲᠦᠪᠰᠢᠨ ᠤ ︽ ᠪᠠᠶᠢᠭᠠᠯᠢ ᠶᠢᠨ ᠪᠥᠭᠡᠷ᠎ᠡ ︾ ᠂ ᠮᠠᠨ ᠤ ᠤᠯᠤᠰ ᠤᠨ ᠤᠮᠠᠷᠠᠲᠤ ᠶᠢᠨ ᠠᠯᠢ ᠣᠯᠠᠨ ᠠᠮᠢ ᠠᠬᠤᠢ ᠶᠢᠨ ᠴᠢᠳᠠᠮᠵᠢ ᠶᠢᠨ | ᠠᠭᠤᠯᠵᠠᠷ ᠣᠷᠣᠨ ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠬᠢᠵᠠᠭᠠᠷᠯᠠᠬᠤ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠶᠤᠮ ᠃ ᠤᠯᠠᠭᠠᠨᠰᠤᠬᠠᠢ | ᠨᠠᠭᠤᠷ ᠨᠢ ᠪᠣᠷᠣᠳᠣᠬᠤᠢ ᠶᠢᠨ ᠲᠠᠯ᠎ᠠ ᠭᠠᠵᠠᠷ ᠂ ᠨᠠᠭᠤᠷ ᠴᠥᠭᠦᠷᠥᠮ ᠨᠤᠭᠤ ᠭᠠᠵᠠᠷ ᠵᠡᠷᠭᠡ ᠠᠮᠢ ᠠᠬᠤᠢ ᠶᠢᠨ ᠡᠯᠧᠮᠧᠨ᠋ᠲ ᠤᠳ ᠲᠠᠢ ᠨᠡᠶᠢᠯᠡᠭᠡᠳ ᠤᠯᠠᠭᠠᠨᠰᠤᠬᠠᠢ ᠶᠢᠨ | ᠰᠠᠪᠠ ᠭᠠᠵᠠᠷ ᠢ ᠪᠦᠷᠢᠯᠳᠦᠭᠦᠯᠵᠡᠢ ᠃ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠵᠠᠰᠠᠬᠤ ᠨᠢ ᠮᠠᠨ ᠤ ᠤᠯᠤᠰ ᠤᠨ | ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠪᠣᠳᠠᠲᠤ | ᠠᠴᠢ ᠬᠤᠯᠪᠣᠭᠳᠠᠯ ᠲᠠᠢ ᠠᠵᠢ ᠃ | | | |