| 11 ᠰᠠᠷ᠎ᠠ ᠶᠢᠨ 8 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ | ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ ᠤᠨ ᠡᠭᠢᠯᠡᠯᠳᠠ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ ᠃ | | 11 ᠰᠠᠷ᠎ᠠ ᠶᠢᠨ 8 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ | ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ ᠤᠨ ᠡᠭᠢᠯᠡᠯᠳᠠ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 8 ᠤ ᠴᠠᠭᠢᠯᠭᠠᠨ ᠮᠡᠳᠡᠭᠡ ᠰᠢ ᠶᠢᠨ ᠫᠢᠩ ᠂ 2015 ᠣᠨ ᠳᠤ ᠪᠢ ᠬᠤᠶᠠᠳᠤᠭᠠᠷ ᠬᠤᠭᠤᠴᠠᠭᠠᠨ ᠤ | ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠡᠭᠢᠯᠡᠯᠲᠡ ᠶᠢᠨ ᠶᠣᠰᠣᠯᠠᠯ ᠳᠡᠭᠡᠷ᠎ᠡ ᠪᠦᠭᠦ ᠪᠥᠮᠪᠥᠷᠴᠡᠭ ᠤᠨ ᠢᠨᠲ᠋ᠧᠷ ᠰᠦᠯᠵᠢᠶᠡᠨ ᠤ ᠬᠥᠭᠵᠢᠯᠲᠡ | ᠵᠠᠰᠠᠯᠲᠠ ᠶᠢᠨ ︽ ᠳᠥᠷᠪᠡᠨ ᠵᠠᠷᠴᠢᠮ ︾ ᠂ ︽ ᠲᠠᠪᠤᠨ ᠵᠣᠷᠢᠯᠲᠠ ︾ ᠶᠢ ᠳᠤᠷᠠᠳᠴᠤ ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠰᠠᠨᠠᠭᠠᠴᠢᠯᠠᠵᠠᠢ ᠂ ᠡᠨᠡ ᠬᠦ ᠣᠶᠢᠯᠠᠭᠠᠭᠳᠠᠬᠤᠨ ᠨᠢ ᠳᠡᠯᠡᠬᠡᠢ ᠨᠡᠶᠢᠲᠡ ᠶᠢᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠢᠳᠡᠪᠬᠢᠲᠡᠢ | ᠬᠦᠷᠢᠶᠡᠯᠡᠯ ᠢ ᠣᠯᠣᠭᠰᠠᠨ ᠪᠠᠶᠢᠨ᠎ᠠ ᠃ ᠣᠳᠣᠬᠠᠨ ᠤ ᠳᠡᠯᠡᠬᠡᠢ ᠶᠢᠷᠲᠢᠨᠴᠦ ᠳᠤ ᠬᠤᠪᠢᠰᠤᠯᠲᠠ ᠳᠡᠪᠵᠢᠶᠡᠨ ᠰᠣᠯᠪᠢᠴᠠᠵᠤ ᠂ ᠵᠠᠭᠤᠨ ᠵᠢᠯ ᠳᠤ ᠲᠣᠬᠢᠶᠠᠯᠳᠤᠭ᠎ᠠ ᠦᠭᠡᠢ | ᠬᠤᠪᠢᠰᠤᠯᠲᠠ ᠶᠢᠨ ᠪᠠᠶᠢᠳᠠᠯ ᠲᠦᠷᠭᠡᠳᠦᠨ ᠬᠤᠪᠢᠷᠠᠵᠤ ᠪᠠᠶᠢᠨ᠎ᠠ ᠂ ᠬᠥᠭᠵᠢᠯᠲᠡ ᠶᠢᠨ ᠤᠯᠠᠭᠠᠨ ᠲᠤᠭ᠎ᠠ ᠶᠢ ᠬᠡᠷᠬᠢᠨ ᠰᠢᠢᠳᠪᠦᠷᠢᠯᠡᠬᠦ ᠂ ᠠᠮᠤᠷ ᠲᠦᠪᠰᠢᠨ ᠤ | ᠬᠦᠴᠢᠷᠳᠡᠯ ᠢ ᠬᠡᠷᠬᠢᠨ ᠰᠢᠢᠳᠪᠦᠷᠢᠯᠡᠬᠦ ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠴᠢᠩᠭᠠᠳᠬᠠᠬᠤ ᠪᠣᠯ ᠪᠢᠳᠡᠨ ᠳᠤ ᠬᠠᠮᠲᠤ ᠪᠠᠷ ᠲᠤᠯᠭᠠᠷᠠᠵᠤ ᠪᠠᠶᠢᠭ᠎ᠠ ᠴᠠᠭ | ᠦᠶ᠎ᠡ ᠶᠢᠨ ᠰᠡᠳᠦᠪ ᠪᠣᠯᠣᠨ᠎ᠠ ᠃ ᠢᠨᠲ᠋ᠧᠷ ᠰᠦᠯᠵᠢᠶ᠎ᠡ ᠨᠢ ᠡᠳᠦᠷ ᠢᠷᠡᠬᠦᠶ᠎ᠡ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ ᠂ ᠠᠮᠤᠷ ᠲᠦᠪᠰᠢᠨ ᠢ | ᠬᠠᠮᠠᠭᠠᠯᠠᠬᠤ ᠰᠢᠨ᠎ᠡ ᠣᠷᠣᠨ ᠵᠠᠢ ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠰᠢᠨ᠎ᠡ ᠲᠠᠪᠴᠠᠩ ᠪᠣᠯᠵᠤ ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ ᠰᠡᠳᠦᠪ ᠢ ᠬᠠᠷᠢᠭᠤᠯᠬᠤ ᠶᠢᠨ ᠵᠠᠶᠢᠯᠠᠰᠢ ᠦᠭᠡᠢ ᠰᠣᠩᠭᠤᠯᠲᠠ ᠪᠤᠯᠬᠤ ᠪᠥᠭᠡᠳ ᠪᠠᠰᠠ ᠳᠡᠯᠡᠬᠡᠢ | ᠨᠡᠶᠢᠭᠡᠮ ᠤᠨ ᠬᠠᠮᠲᠤ ᠶᠢᠨ ᠬᠦᠰᠡᠯ ᠱᠠᠭᠠᠷᠳᠠᠯᠭ᠎ᠠ ᠪᠣᠯᠣᠨ᠎ᠠ ᠃ ᠪᠢᠳᠡ ᠰᠣᠯᠢᠯᠴᠠᠭ᠎ᠠ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ | ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠱᠠᠲᠤᠨ ᠳᠤ ᠣᠷᠣᠬᠤ ᠶᠢ ᠬᠠᠮᠲᠤ ᠪᠠᠷ ᠠᠬᠢᠭᠤᠯᠬᠤ ᠬᠡᠷᠡᠭᠲᠡᠢ ᠃ | ᠪᠢᠳᠡ ᠬᠥᠭᠵᠢᠭᠦᠯᠬᠦ ᠶᠢ ᠲᠡᠷᠢᠭᠦᠨ ᠳᠤ ᠲᠠᠯᠪᠢᠬᠤ ᠶᠢ ᠰᠠᠨᠠᠭᠠᠴᠢᠯᠠᠵᠤ ᠂ ᠨᠡᠩ ᠲᠦᠭᠡᠮᠡᠯ ᠭᠦᠷᠳᠡᠭᠡᠮᠵᠢᠳᠤ ᠴᠡᠴᠡᠭᠯᠡᠨ ᠬᠥᠭᠵᠢᠭᠰᠡᠨ ᠰᠦᠯᠵᠢᠶᠡᠨ ᠤ ᠣᠷᠣᠨ ᠵᠠᠢ ᠶᠢ | ᠪᠠᠶᠢᠭᠤᠯᠬᠤ ᠬᠡᠷᠡᠭᠲᠡᠢ ᠃ ᠲᠣᠭᠠᠴᠢᠯᠠᠭᠰᠠᠨ ᠬᠦᠷᠢᠶᠡᠨ ᠳᠠᠬᠢ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠳᠠ ᠶᠢ ᠲᠦᠷᠭᠡᠳᠬᠡᠬᠦ ᠬᠡᠷᠡᠭᠲᠡᠢ ᠃ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ | ᠲᠦᠭᠡᠮᠡᠯᠵᠢᠯᠲᠡ ᠶᠢ ᠲᠦᠷᠭᠡᠳᠬᠡᠵᠦ ᠂ ᠲᠣᠭᠠᠴᠢᠯᠠᠯᠳᠠ ᠶᠢᠨ ᠵᠠᠭᠠᠭ ᠵᠠᠢ ᠶᠢ ᠪᠠᠭᠠᠰᠬᠠᠵᠤ ᠂ ᠢᠨᠲ᠋ᠧᠷ ᠰᠦᠯᠵᠢᠶᠡᠨ ᠤ ᠬᠥᠭᠵᠢᠯᠲᠡ ᠳᠤᠮᠳᠠ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠵᠤ ᠂ ᠨᠡᠩ ᠤᠯᠠᠨ ᠤᠯᠤᠰ ᠪᠠ ᠠᠷᠠᠳ ᠲᠦᠮᠡᠨ ᠳᠤ ᠢᠨᠲ᠋ᠧᠷ ᠰᠦᠯᠵᠢᠶᠡᠨ ᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠭᠦᠯᠭᠦ ᠬᠡᠷᠡᠭᠲᠡᠢ ᠃ | ᠪᠢᠳᠡ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠬᠤ ᠶᠢ ᠰᠠᠨᠠᠭᠠᠴᠢᠯᠠᠵᠤ ᠂ ᠨᠡᠩ ᠡᠩᠬᠡ ᠲᠠᠶᠢᠪᠤᠩ ᠠᠮᠤᠷ ᠲᠦᠪᠰᠢᠨ ᠰᠦᠯᠵᠢᠶᠡᠨ ᠤ ᠣᠷᠣᠨ | ᠵᠠᠢ ᠶᠢ ᠪᠠᠶᠢᠭᠤᠯᠬᠤ ᠬᠡᠷᠡᠭᠲᠡᠢ ᠃ ᠰᠦᠯᠵᠢᠶᠡᠨ ᠤ ᠡᠷᠬᠡ ᠮᠡᠳᠡᠯ ᠢ ᠭᠦᠨᠳᠦᠳᠭᠡᠵᠦ ᠂ ᠡᠯ᠎ᠡ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠵᠠᠮ ᠪᠣᠯᠣᠨ | ᠵᠠᠰᠠᠯᠲᠠ ᠶᠢᠨ ᠵᠠᠭᠪᠤᠷ ᠢ ᠬᠦᠨᠳᠦᠳᠬᠡᠬᠦ ᠬᠡᠷᠡᠭᠲᠡᠢ ᠃ ᠰᠦᠯᠵᠢᠶᠡᠨ ᠤ ᠣᠷᠣᠨ ᠵᠠᠢ ᠶᠢᠨ ᠤᠯᠠᠨ ᠤᠯᠤᠰ ᠤᠨ ᠳᠦᠷᠢᠮ ᠢ ᠵᠢᠷᠤᠮᠯᠠᠵᠤ ᠂ ᠰᠦᠯᠵᠢᠶᠡᠨ ᠤ ᠡᠵᠡᠷᠬᠡᠭᠯᠡᠯ | ᠶᠠᠪᠤᠭᠤᠯᠬᠤ ᠦᠭᠡᠢ ᠃ ᠰᠦᠯᠵᠢᠶᠡᠨ ᠤ ᠣᠷᠣᠨ ᠵᠠᠢ ᠶᠢᠨ ᠯᠡᠭᠧᠷ ᠤᠨ ᠡᠰᠡᠷᠭᠦᠴᠡᠯᠳᠦᠯ ᠪᠠ ᠴᠡᠷᠢᠭ ᠵᠡᠪᠰᠡᠭ ᠤᠨ ᠤᠷᠤᠯᠳᠤᠭᠠᠨ ᠶᠠᠪᠤᠭᠤᠯᠬᠤ ᠦᠭᠡᠢ ᠃ | ᠰᠦᠯᠵᠢᠶᠡᠨ ᠤ ᠠᠮᠤᠷ ᠲᠦᠪᠰᠢᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ | ᠬᠡᠷᠡᠭᠲᠡᠢ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠠᠴᠠ ᠪᠣᠯᠤᠭᠰᠠᠨ ᠵᠢᠷᠤᠮ ᠭᠤᠷᠢᠮ ᠤᠨ ᠮᠥᠷᠭᠦᠯᠳᠦᠭᠡᠨ ᠂ ᠨᠡᠶᠢᠭᠡᠮ ᠤᠨ ᠠᠶᠤᠯ | ᠲᠦᠭᠰᠢᠭᠦᠷᠢ ᠂ ᠶᠣᠰᠣ ᠰᠤᠷᠲᠠᠬᠤᠨ ᠤ ᠥᠷᠢᠰᠦᠯᠳᠦᠭᠡᠨ ᠢ ᠲᠣᠬᠢᠲᠠᠢ ᠠᠷᠭᠠᠴᠠᠭᠠᠬᠤ ᠬᠡᠷᠡᠭᠲᠡᠢ ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ | ᠬᠤᠯᠪᠣᠨ ︽ ᠪᠦᠭᠦ ᠪᠥᠮᠪᠥᠷᠴᠡᠭ ᠤᠨ ᠵᠣᠬᠢᠶᠠᠮᠠᠯ ᠣᠶᠤᠨ ᠴᠢᠳᠠᠪᠤᠷᠢ ᠶᠢᠨ ᠵᠠᠰᠠᠯᠲᠠ ᠶᠢᠨ ᠰᠠᠨᠠᠭᠠᠴᠢᠯᠠᠭ᠎ᠠ ︾ ᠶᠢ ᠨᠠᠶᠢᠳᠠᠪᠤᠷᠢᠵᠢᠭᠤᠯᠵᠤ ᠂ ᠵᠣᠬᠢᠶᠠᠮᠠᠯ ᠣᠶᠤᠨ | ᠴᠢᠳᠠᠪᠤᠷᠢ ᠶᠢᠨ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ ᠃ | ᠪᠢᠳᠡ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠰᠠᠨᠠᠭᠠᠴᠢᠯᠠᠵᠤ ᠂ ᠨᠡᠩ ᠡᠷᠬᠡ ᠲᠡᠭᠰᠢ ᠪᠠᠭᠲᠠᠭᠠᠮᠵᠢᠲᠠᠢ ᠰᠦᠯᠵᠢᠶᠡᠨ ᠤ ᠣᠷᠣᠨ ᠵᠠᠢ ᠶᠢ ᠪᠠᠶᠢᠭᠤᠯᠬᠤ | ᠬᠡᠷᠡᠭᠲᠡᠢ ᠃ ᠰᠦᠯᠵᠢᠶᠡᠨ ᠳᠡᠭᠡᠷᠡᠬᠢ ᠰᠣᠯᠢᠯᠴᠠᠭ᠎ᠠ ᠶᠠᠷᠢᠯᠴᠠᠭ᠎ᠠ ᠶᠢ ᠴᠢᠩᠭᠠᠳᠬᠠᠵᠤ ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠵᠤ ᠬᠠᠷᠢᠯᠴᠠᠨ | ᠳᠣᠲᠣᠨᠣᠴᠢᠯᠠᠬᠤ ᠶᠢ ᠠᠬᠢᠭᠤᠯᠵᠤ ᠂ ᠠᠳᠠᠯᠢ ᠪᠤᠰᠤ ᠪᠣᠯᠪᠠᠰᠤᠨ ᠤ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠠᠬᠢᠭᠤᠯᠵᠤ ᠂ ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠦᠷᠳᠡᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠃ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠂ ᠴᠢᠨᠠᠷ ᠰᠠᠶᠢᠲᠠᠢ | ᠰᠦᠯᠵᠢᠶᠡᠨ ᠤ ᠰᠣᠶᠣᠯ ᠤᠨ ᠪᠦᠲᠦᠭᠡᠭᠳᠡᠬᠦᠨ ᠢ ᠦᠢᠯᠡᠳᠪᠦᠷᠢᠯᠡᠨ ᠳᠠᠮᠵᠢᠭᠤᠯᠬᠤ ᠶᠢ ᠠᠬᠢᠭᠤᠯᠵᠤ ᠂ ᠬᠥᠮᠥᠨ ᠲᠥᠷᠥᠯᠬᠢᠲᠡᠨ ᠤ ᠰᠢᠯᠢᠳᠡᠭ ᠪᠣᠯᠪᠠᠰᠤᠨ ᠤ ᠦᠷ᠎ᠡ | ᠪᠦᠲᠦᠭᠡᠯ ᠢ ᠭᠦᠢᠴᠡᠳ ᠢᠯᠡᠷᠡᠭᠦᠯᠵᠦ ᠂ ᠪᠣᠯᠪᠠᠰᠤᠨ ᠢ ᠤᠯᠠᠮᠵᠢᠯᠠᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ ᠂ ᠰᠦᠯᠵᠢᠶᠡᠨ ᠳᠡᠭᠡᠷᠡᠬᠢ ᠤᠶᠤᠨ ᠰᠠᠨᠠᠭᠠᠨ ᠤ ᠭᠡᠷ | ᠣᠷᠣᠨ ᠢ ᠬᠠᠮᠲᠤ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠮᠡᠳᠡᠭᠡ ᠵᠠᠩᠭᠢ ᠶᠢᠨ ᠬᠤᠪᠢᠰᠬᠠᠯ ᠤᠨ ᠴᠠᠭ ᠦᠶ᠎ᠡ ᠶᠢᠨ ᠤᠷᠤᠰᠬᠠᠯ ᠰᠦᠷ ᠳᠠᠯᠠᠶᠢᠴᠠᠲᠠᠢ ᠤᠷᠤᠭᠰᠢᠯᠠᠵᠤ ᠂ | ᠰᠦᠯᠵᠢᠶᠡᠨ ᠤ ᠣᠷᠣᠨ ᠵᠠᠢ ᠬᠥᠮᠥᠨ ᠲᠥᠷᠥᠯᠬᠢᠲᠡᠨ ᠤ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ ᠃ | ᠪᠢᠳᠠ ᠭᠠᠷ ᠬᠤᠯᠪᠣᠨ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠂ ᠢᠨᠲ᠋ᠧᠷ ᠰᠦᠯᠵᠢᠶ᠎ᠡ ᠪᠠᠷ ᠳᠡᠯᠡᠬᠡᠢ ᠶᠢᠨ | ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠴᠣᠭᠴᠠᠯᠠᠶ᠎ᠠ ︕ ᠭᠡᠵᠦ ᠴᠢᠬᠤᠯᠠᠴᠢᠯᠠᠪᠠ ᠃ | 2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ 11 ᠰᠠᠷ᠎ᠠ ᠶᠢᠨ 8 ᠠᠴᠠ 10 ᠤ | ᠡᠳᠦᠷ ᠪᠤᠯᠲᠠᠯ᠎ᠠ ᠵᠧᠵᠢᠶᠠᠩ ᠤᠨ ᠦ᠋ ᠵᠧᠨ ᠪᠠᠯᠭᠠᠰᠤᠨ ᠳᠤ ᠶᠠᠪᠤᠭᠳᠠᠨ ᠂ ︽ ᠪᠠᠭᠲᠠᠭᠠᠮᠵᠢᠲᠠᠢ ᠂ ᠲᠦᠭᠡᠮᠡᠯ ᠭᠦᠷᠳᠡᠭᠡᠮᠵᠢᠳᠤ ᠂ ᠤᠶᠠᠨ ᠬᠠᠲᠠᠨ ᠴᠢᠨᠠᠷᠲᠠᠢ | ᠲᠣᠭᠠᠴᠢᠯᠠᠭᠰᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠵᠤ – ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ | ᠬᠤᠯᠪᠣᠨ ᠪᠠᠶᠢᠭᠤᠯᠤᠶ᠎ᠠ ︾ ᠭᠡᠬᠦ ᠪᠠᠷ ᠭᠤᠣᠯ ᠰᠡᠳᠦᠪ ᠪᠣᠯᠭᠠᠪᠠ ᠃ | | | |