| 11 ᠰᠠᠷ᠎ᠠ ᠶᠢᠨ 9 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ | ᠪᠤᠯᠲᠠᠯᠠᠭᠢ 100 ᠡᠳᠦᠷ ᠤᠨ ᠲᠠᠩᠭᠠᠷᠢᠬᠯᠠᠯᠳᠠ ᠳᠠᠶᠢᠴᠢᠯᠠᠯᠲᠠ ᠶᠢᠨ ᠶᠡᠭᠡ ᠬᠤᠷᠠᠯ ᠭᠦᠭᠡᠬᠤᠲᠠ ᠳᠤ ᠶᠠᠪᠤᠭᠳᠠᠪᠠ ᠃ ︽ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︾ ᠤ ᠵᠣᠬᠢᠶᠠᠨ ᠪᠠᠶᠢᠭᠤᠯᠬᠤ ᠺᠣᠮᠢᠰ ᠤᠨ ᠭᠦᠢᠴᠡᠳᠭᠡᠭᠴᠢ ᠡᠷᠭᠢᠯᠡᠭᠴᠢ ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠂ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠯᠢ ᠶᠢᠩ ᠴᠤᠸᠠᠨ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠠᠢ ᠃ | ᠯᠢ ᠶᠢᠩ ᠴᠤᠸᠠᠨ ᠂ ︽ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︾ ᠤ ᠪᠡᠯᠡᠳᠬᠡᠯ ᠠᠵᠢᠯ | ᠨᠢᠭᠡᠨᠲᠡ ᠪᠦᠭᠦ ᠬᠦᠴᠦᠨ ᠢᠶᠠᠷ ᠢᠶᠠᠨ ᠰᠢᠪᠲᠤᠯᠤᠯᠲᠠ ᠬᠢᠬᠦ ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠣᠯᠬᠤ ᠵᠠᠩᠭᠢᠯᠠᠭ᠎ᠠ ᠶᠢᠨ | ᠱᠠᠲᠤᠨ ᠳᠤ ᠣᠷᠣᠪᠠ ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ ᠂ ︽ ᠤᠯᠤᠰ ᠤᠨ ᠶᠡᠭᠡ ᠶᠠᠪᠤᠳᠠᠯ ︾ ᠢ ᠬᠡᠬᠦᠳᠡᠭ ᠴᠡᠭᠡᠵᠢᠨ ᠳᠡᠭᠡᠨ | ᠴᠡᠭᠡᠵᠢᠯᠡᠵᠦ ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠲᠦ ᠡᠭᠦᠷᠭᠡᠲᠦ ᠰᠡᠳᠬᠢᠯᠭᠡ ᠪᠠᠷ ᠶᠡᠷᠦᠩᠬᠡᠢ ᠱᠦᠵᠢ ᠰᠢ ᠶᠢᠨ | ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠴᠢᠬᠤᠯᠠ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠵᠤ ᠂ ᠰᠠᠶᠢᠲᠤᠷ ᠨᠠᠶᠢᠳᠠᠪᠤᠷᠢᠵᠢᠭᠤᠯᠵᠤ ᠂ ᠰᠠᠶᠢᠲᠤᠷ ᠪᠡᠶᠡᠯᠡᠭᠦᠯᠬᠦ | ᠬᠡᠷᠡᠭᠲᠡᠢ ᠃ ᠬᠤᠷᠢᠭ᠎ᠠ ᠱᠤᠭᠤᠮ ᠤᠨ ᠰᠡᠳᠬᠢᠬᠦᠢ ᠂ ᠲᠦᠢᠯᠳᠠᠭᠤ ᠰᠡᠳᠬᠢᠬᠦᠢ ᠶᠢ ᠪᠠᠷᠢᠮᠲᠠᠯᠠᠵᠤ ᠂ ᠠᠯᠮᠠᠶᠢᠷᠠᠬᠤ ᠦᠵᠡᠯ ᠰᠠᠨᠠᠭ᠎ᠠ ᠂ ᠠᠵᠠ ᠬᠠᠷᠠᠬᠤ ᠪᠤᠳᠤᠯ ᠂ ᠡᠷᠴᠢ | ᠰᠤᠯᠠᠷᠠᠬᠤ ᠣᠪᠣᠷ ᠢ ᠲᠡᠪᠴᠢᠵᠦ ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠵᠦ ᠂ ᠲᠦᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠢ ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ ᠂ ᠬᠠᠮᠵᠢᠯᠴᠠᠨ ᠬᠠᠪᠰᠤᠷᠤᠯᠴᠠᠬᠤ ᠪᠠᠨ ᠴᠢᠩᠭᠠᠳᠬᠠᠵᠤ ᠂ ᠤᠷᠤᠯᠳᠤᠭᠠᠨ ᠤ ᠲᠣᠭᠤᠷᠢᠨ ᠳᠤ ᠠᠵᠢᠯ ᠢᠶᠠᠨ | ᠥᠷᠨᠢᠭᠦᠯᠵᠦ ᠂ ᠡᠯ᠎ᠡ ᠵᠦᠢᠯ ᠤᠨ ᠪᠡᠯᠡᠳᠬᠡᠯ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ ᠃ | ᠸᠠᠩ ᠯᠢ ᠰᠢᠶᠠ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠬᠦᠴᠦᠲᠡᠢ ᠳᠡᠮᠵᠢᠯᠭᠡ ᠪᠠ ᠪᠡᠭᠡᠵᠢᠩ ᠂ ᠾᠧᠪᠧᠢ ᠶᠢᠨ ᠤᠷᠤᠯᠳᠤᠭᠠᠨ ᠢ | ᠳᠠᠭᠠᠭᠠᠴᠢᠯᠠᠨ ᠡᠷᠭᠢᠯᠡᠭᠦ ᠲᠠᠯ᠎ᠠ ᠪᠠᠷ ᠦᠵᠡᠭᠦᠯᠦᠭᠰᠡᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ︽ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︾ ᠢ ᠳᠠᠭᠠᠭᠠᠴᠢᠯᠠᠨ ᠡᠷᠭᠢᠯᠡᠭᠦ ᠪᠣᠯ ᠨᠠᠮ ᠤᠨ ᠲᠥᠪ ᠬᠤᠷᠢᠶ᠎ᠠ ᠂ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ ᠂ ᠠᠷᠪᠠᠨ ᠬᠤᠶᠠᠷ ᠬᠤᠪᠢ ᠶᠢᠨ | ᠵᠣᠷᠢᠭ ᠰᠠᠨᠠᠭ᠎ᠠ ᠶᠢ ᠪᠠᠳᠠᠷᠠᠭᠤᠯᠵᠤ ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ ᠂ ᠨᠠᠷᠢᠯᠢᠭ ᠲᠥᠰᠥᠪᠯᠡᠵᠦ ᠨᠢᠮᠪᠠᠢ ᠪᠠᠶᠢᠷᠢᠯᠠᠭᠤᠯᠤᠨ ᠂ ᠨᠠᠷᠢᠯᠢᠭ ᠪᠣᠯᠪᠠᠰᠤᠷᠠᠵᠤ ᠂ ᠪᠦᠭᠦ | ᠬᠦᠴᠦᠨ ᠢᠶᠠᠷ ᠢᠶᠠᠨ ᠪᠡᠯᠡᠳᠬᠡᠵᠦ ᠂ ᠤᠷᠤᠯᠳᠤᠭᠠᠨ ᠢ ᠭᠤᠶᠢᠳᠠ ᠰᠠᠶᠢᠬᠠᠨ ᠡᠷᠭᠢᠯᠡᠭᠦ ᠂ ᠤᠷᠤᠯᠳᠤᠭᠠᠨ ᠳᠤ ᠣᠷᠣᠯᠴᠠᠵᠤ ᠰᠢᠯᠢᠳᠡᠭ ᠠᠮᠵᠢᠯᠲᠠ ᠣᠯᠵᠤ ᠂ ᠬᠠᠨᠤᠮᠵᠢᠳᠠᠢ | ᠦᠢᠯᠡᠴᠢᠯᠡᠭᠡ ᠬᠠᠩᠭᠠᠵᠤ ᠂ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠤ ᠂ ᠬᠥᠭᠵᠢᠯᠲᠡ ᠳᠤ ᠭᠡᠷᠡᠯ ᠭᠢᠯᠪᠠᠭ᠎ᠠ ᠨᠡᠮᠡᠷᠢᠯᠡᠬᠦ ᠶᠢ ᠪᠡᠶᠡᠯᠡᠭᠦᠯᠬᠦ ᠬᠡᠷᠡᠭᠲᠡᠢ ᠃ | ᠲᠠᠯᠠᠪᠠᠶ ᠣᠷᠳᠣᠨ ᠤ ᠲᠤᠨᠤᠭ ᠲᠥᠬᠦᠭᠡᠷᠦᠮᠵᠢ ᠶᠢ ᠱᠠᠯᠠᠪᠳᠠᠨ ᠲᠡᠭᠦᠯᠳᠡᠷᠵᠢᠭᠦᠯᠵᠦ ᠂ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠲᠤᠰᠢᠶᠠᠨ | ᠠᠰᠢᠭᠯᠠᠯᠲᠠ ᠳᠤ ᠤᠷᠤᠭᠤᠯᠬᠤ ᠬᠡᠷᠡᠭᠲᠡᠢ ᠃ ᠤᠷᠤᠯᠳᠤᠭᠠᠨ ᠤ ᠶᠠᠪᠤᠳᠠᠯ ᠤᠨ ᠲᠣᠬᠢᠷᠠᠭᠤᠯᠤᠯᠲᠠ ᠶᠢ ᠨᠠᠷᠢᠨ ᠨᠢᠮᠪᠠᠢ ᠰᠠᠶᠢᠲᠤᠷ ᠬᠢᠵᠦ ᠂ ᠨᠢᠭᠡ ᠲᠠᠯᠠᠪᠤᠷ ᠣᠷᠳᠣᠨ ︵ | ᠭᠠᠵᠠᠷ ︶ ᠳᠤ ᠨᠢᠭᠡ ᠲᠥᠰᠥᠯ ᠢ ᠬᠡᠷᠡᠭᠵᠢᠭᠦᠯᠵᠦ ᠰᠢᠯᠭᠠᠯᠲᠠ ᠰᠣᠷᠢᠯᠲᠠ ᠶᠢ ᠰᠠᠶᠢᠲᠤᠷ ᠬᠢᠵᠦ ᠂ ᠥᠨᠳᠥᠷ ᠪᠦᠲᠦᠮᠵᠢᠲᠡᠶ ᠨᠠᠷᠢᠯᠢᠭ ᠂ ᠲᠤᠰᠬᠠᠢ ᠮᠡᠷᠭᠡᠵᠢᠯ ᠤᠨ | ᠪᠥᠭᠡᠳ ᠵᠢᠷᠤᠮᠵᠢᠯ ᠲᠠᠢ ᠪᠠᠶᠢᠬᠤ ᠬᠡᠷᠡᠭᠲᠡᠢ ᠃ ᠡᠭᠢᠯᠡᠯᠳᠠ ᠶᠢᠨ ᠶᠣᠰᠣᠯᠠᠯ ᠲᠡᠭᠦᠰᠬᠦ ᠶᠣᠰᠣᠯᠠᠯ ᠂ ᠭᠠᠯ ᠪᠠᠮᠪᠠᠷ ᠳᠠᠮᠵᠢᠭᠤᠯᠬᠤ ᠵᠡᠷᠭᠡ ᠴᠢᠬᠤᠯᠠ ᠶᠡᠭᠡ ᠠᠵᠢᠯᠯᠠᠭ᠎ᠠ ᠶᠢ | ᠨᠢᠭᠲᠠ ᠠᠴᠠ ᠨᠢᠭᠲᠠ ᠰᠠᠶᠢᠲᠤᠷ ᠵᠣᠬᠢᠶᠠᠨ ᠪᠠᠶᠢᠭᠤᠯᠵᠤ ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠵᠦ ᠂ ᠮᠥᠰᠥ ᠴᠠᠰᠤᠨ ᠤ ᠠᠵᠤ | ᠠᠬᠤᠢ ᠶᠢ ᠬᠥᠭᠵᠢᠭᠦᠯᠵᠦ ᠂ ᠰᠣᠳᠣᠨ ᠪᠦᠲᠦᠭᠡᠯ ᠢ ᠡᠭᠦᠳᠴᠦ ᠂ ᠰᠣᠩᠭᠤᠳᠠᠭ ᠢ ᠦᠯᠡᠳᠡᠭᠡᠬᠦ ᠬᠡᠷᠡᠭᠲᠡᠢ ᠃ ᠨᠢᠭᠡ ᠴᠤᠭᠯᠠᠭᠠᠨ ᠢ ᠰᠠᠶᠢᠲᠤᠷ ᠡᠷᠭᠢᠯᠡᠵᠦ ᠂ ᠨᠢᠭᠡ | ᠬᠤᠳᠠ ᠶᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠬᠤ ᠶᠢ ᠪᠡᠶᠡᠯᠡᠭᠦᠯᠵᠦ ᠂ ᠬᠤᠳᠠ ᠶᠢᠨ ᠳᠦᠷᠰᠦ ᠪᠠᠶᠢᠳᠠᠯ ᠴᠢᠨᠠᠷ ᠴᠢᠨᠰᠠᠭ᠎ᠠ ᠂ ᠵᠠᠰᠠᠯᠲᠠ ᠶᠢᠨ ᠲᠦᠪᠰᠢᠨ ᠪᠣᠯᠣᠨ | ᠪᠣᠯᠪᠠᠰᠤᠨ ᠤ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ ᠂ ᠥᠷᠭᠡᠨ ᠳᠡᠯᠭᠡᠷᠡᠩᠭᠦᠢ ᠪᠠᠷ ᠵᠣᠬᠢᠶᠠᠨ ᠪᠠᠶᠢᠭᠤᠯᠵᠤ ᠤᠬᠠᠭᠤᠯᠤᠨ ᠲᠠᠶᠢᠴᠢᠯᠠᠵᠦ ᠂ ︽ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︾ ᠤ ᠭᠦᠷ ᠬᠥᠭᠵᠢᠶᠡᠨ ᠢ ᠳᠡᠭᠡᠭᠰᠢᠯᠡᠭᠦᠯᠵᠦ ᠂ ᠥᠪᠥᠷ | ᠮᠣᠩᠭᠤᠯ ᠤᠨ ᠠᠯᠳᠠᠷᠰᠢᠯ ᠤᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠃ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭ᠎ᠠ ᠠᠳᠬᠤᠵᠤ ᠂ ᠨᠢᠭᠡ ᠬᠤᠭᠤᠴᠠᠭᠠᠨ ᠤ | ᠠᠷᠢᠭᠤᠨ ᠴᠢᠬᠡᠴᠢ ᠂ ᠠᠷᠢᠭᠤᠨ ᠴᠡᠪᠡᠷ ᠂ ᠠᠮᠤᠷ ᠲᠦᠪᠰᠢᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠡᠷᠭᠢᠯᠡᠭᠦ ᠬᠡᠷᠡᠭᠲᠡᠢ ᠃ ᠴᠤᠭᠯᠠᠭᠠᠨ ᠬᠦᠷᠴᠦ | ᠢᠷᠡᠬᠦ ᠶᠢ ᠡᠳᠦᠷ ᠲᠣᠭᠠᠯᠠᠵᠤ ᠵᠢᠭᠰᠠᠭᠠᠨ ᠲᠣᠬᠢᠷᠠᠭᠤᠯᠤᠯᠲᠠ ᠶᠢ ᠠᠳᠬᠤᠵᠤ ᠂ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠨᠠᠷᠢᠯᠢᠭ ᠵᠦᠢᠯᠡᠰ ᠢ ᠠᠳᠬᠤᠵᠤ ᠂ ᠤᠷᠠᠨ | ᠳᠠᠷᠬᠠᠨ ᠤ ᠵᠣᠷᠢᠭ ᠰᠠᠨᠠᠭ᠎ᠠ ᠪᠠᠷ ᠨᠢᠭᠡ ᠨᠢᠭᠡ ᠪᠣᠭᠤᠮᠲᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ ᠂ ᠴᠢᠩ ᠦᠨᠡᠨᠴᠢ ᠰᠡᠳᠬᠢᠯ ᠢᠶᠠᠷ ᠨᠠᠮ ᠤᠨ ᠲᠥᠪ | ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ | ᠬᠠᠭᠤᠳᠠᠰᠤ ᠲᠤᠰᠢᠶᠠᠬᠤ ᠬᠡᠷᠡᠭᠲᠡᠢ ᠭᠡᠵᠦ ᠬᠡᠯᠡᠪᠡ ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠶᠡᠭᠡ ᠬᠤᠷᠠᠯ ᠢ ᠡᠷᠭᠢᠯᠡᠵᠠᠢ ᠃ | | | |