| ᠣᠶᠢᠷ᠎ᠠ ᠳᠤ ᠂ ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠱᠬᠠᠳᠠᠷ ᠶᠢᠨ ᠨᠢᠭᠡᠳᠦᠭᠡᠷ ᠲᠣᠮᠢᠯᠠᠭᠰᠠᠨ ᠰᠠᠯᠪᠤᠷᠢ ᠶᠢᠨ ᠴᠠᠭᠳᠠᠭ᠎ᠠ | ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠯᠠᠮᠠ ᠭᠠᠯᠠᠭᠤ ᠶᠢ ᠠᠮᠵᠢᠯᠲᠠᠲᠠᠶ ᠠᠪᠤᠷᠠᠨ ᠲᠤᠰᠠᠯᠠᠪᠠ ᠃ | | 【11 ᠰᠠᠷ᠎ᠠ ᠶᠢᠨ 3 ᠤ ᠡᠳᠦᠷ ᠤᠨ 14:00 ᠤᠨ ᠦᠶ᠎ᠡ ᠪᠠᠷ ᠂ ᠭᠤᠷᠪᠠᠨ ᠰᠠᠭᠤᠭᠠᠯᠢ ᠠᠷᠠᠳ ᠨᠢᠭᠡ ᠬᠡᠭᠡᠷ᠎ᠡ ᠶᠢᠨ ᠨᠤᠭᠤᠰᠤ ᠲᠡᠪᠡᠷᠢᠭᠡᠳ ᠱᠬᠠᠳᠠᠷ ᠶᠢᠨ | ᠨᠢᠭᠡᠳᠦᠭᠡᠷ ᠲᠣᠮᠢᠯᠠᠭᠰᠠᠨ ᠰᠠᠯᠪᠤᠷᠢ ᠳᠤ ᠲᠤᠰᠠᠯᠠᠮᠵᠢ ᠭᠤᠶᠤᠬᠤ ᠪᠠᠷ ᠢᠷᠡᠭᠰᠡᠨ ᠳᠤ ᠂ ᠴᠬᠠᠳᠠᠭ᠎ᠠ ᠬᠠᠮᠢᠶ᠎ᠠ ᠪᠦᠬᠦᠢ ᠮᠠᠲ᠋ᠧᠷᠢᠶᠠᠯ ᠡᠷᠢᠵᠦ ᠬᠠᠷᠢᠴᠠᠭᠤᠯᠤᠭᠰᠠᠨ ᠤ | ᠲᠠᠷᠠᠭ᠎ᠠ ᠡᠨᠡ ᠬᠦ ᠬᠡᠭᠡᠷ᠎ᠡ ᠶᠢᠨ ᠠᠮᠢᠲᠠᠨ ᠢ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠳᠤ ᠪᠠᠶᠢᠭ᠎ᠠ ᠯᠠᠮᠠ ᠭᠠᠯᠠᠭᠤ ᠭᠡᠵᠦ ᠲᠤᠳᠤᠯᠠᠵᠠᠢ ᠂ ᠪᠠᠶᠢᠴᠠᠭᠠᠭᠰᠠᠨ ᠤ | ᠲᠠᠷᠠᠭ᠎ᠠ ᠶᠡᠭᠡ ᠰᠢᠷᠬ᠎ᠠ ᠦᠭᠡᠢ ᠂ ᠠᠮᠠ ᠨᠢ ᠵᠢᠭᠠᠬᠠᠨ ᠰᠢᠯᠪᠤᠷᠠᠭᠰᠠᠨ ᠪᠠᠶᠢᠳᠠᠯ ᠲᠠᠢ ᠂ ᠲᠡᠷᠡ ᠲᠠᠷᠤᠢ ᠳᠤ ᠨᠢ ᠲᠤᠬᠠᠶ ᠶᠢᠨ ᠭᠠᠵᠠᠷ ᠤᠨ ᠤᠢ ᠰᠢᠭᠤᠶ ᠡᠪᠡᠰᠦ | ᠪᠡᠯᠴᠢᠭᠡᠷ ᠤᠨ ᠰᠠᠯᠠᠭ᠎ᠠ ᠮᠥᠴᠢᠷ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠦᠷᠳᠡᠭᠡ ᠲᠠᠢ ᠬᠠᠷᠢᠯᠴᠠᠵᠠᠶ ᠃ 】 ᠭᠡᠵᠦ ᠶᠠᠩ ᠰᠢᠤᠢ ᠳ᠋ᠦᠩ ᠬᠡᠯᠡᠪᠡ ᠃ | ᠣᠶᠢᠯᠠᠭᠠᠭᠰᠠᠨ ᠢᠶᠠᠷ ᠂ ᠯᠠᠮᠠ ᠭᠠᠯᠠᠭᠤ ᠪᠣᠯ ᠭᠠᠯᠠᠭᠤᠨ ᠤ ᠪᠠᠭ ᠤᠨ ᠬᠠᠯᠳᠠᠷ ᠨᠤᠭᠤᠰᠤ ᠶᠢᠨ ᠢᠵᠠᠭᠤᠷ ᠤᠨ ᠨᠢᠭᠡ ᠲᠥᠷᠥᠯ ᠪᠣᠯᠤᠨ᠎ᠠ ᠂ ᠭᠤᠤᠯᠳᠠᠭᠤ ᠥᠷᠭᠡᠨ | ᠠᠭᠤᠳᠠᠮ ᠲᠠᠯ᠎ᠠ ᠨᠤᠲᠤᠭ ᠂ ᠨᠠᠭᠤᠷ ᠴᠥᠭᠦᠷᠥᠮ ᠂ ᠲᠠᠷᠢᠶᠠᠨ ᠭᠠᠵᠠᠷ ᠵᠡᠷᠭᠡ ᠣᠷᠴᠢᠨ ᠲᠣᠭᠤᠷᠢᠨ ᠳᠤ ᠠᠮᠢᠳᠤᠷᠠᠳᠠᠭ ᠂ ᠳᠤᠮᠳᠠᠳᠤ ᠤᠯᠤᠰ ᠤᠨ ᠭᠤᠤᠯ ᠪᠣᠯᠬᠤ | ᠠᠵᠤ ᠦᠶ᠋ᠯᠡᠰ ᠤᠨ ᠰᠢᠪᠠᠭᠤᠨ ᠤ ᠲᠥᠷᠥᠯ ᠤᠨ ᠨᠢᠭᠡ ᠪᠠᠶᠢᠵᠤ ᠂ ︽ ᠤᠯᠤᠰ ᠤᠨ ᠬᠠᠮᠠᠭᠠᠯᠠᠯᠲᠠ ᠳᠤ ᠪᠠᠶᠢᠭ᠎ᠠ ᠠᠰᠢᠭᠲᠠᠶ ᠪᠤᠶᠤ ᠴᠢᠬᠤᠯᠠ ᠠᠵᠤ ᠠᠬᠤᠶ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠦᠨ᠎ᠡ ᠥᠷᠲᠡᠭ ᠲᠠᠢ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠨᠡᠷᠡᠰ ᠤᠨ ᠵᠢᠭᠰᠠᠭᠠᠯᠲᠠ ︾ ᠳᠤ ᠵᠢᠭᠰᠠᠭᠠᠭᠳᠠᠵᠠᠶ ᠃ | ᠣᠶᠢᠷ᠎ᠠ ᠶᠢᠨ ᠵᠢᠯ ᠤᠳ ᠲᠤ ᠂ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ ᠂ ᠵᠡᠭᠦᠨᠭᠠᠷ ᠬᠤᠰᠢᠭᠤᠨ ᠤ ᠬᠢᠯᠢ ᠳᠣᠲᠣᠷᠠᠬᠢ | ᠤᠯᠠᠭᠠᠨ ᠣᠯᠣᠰᠣ ᠨᠤᠭᠤᠰᠤ ᠶᠢᠨ ᠲᠤᠭ᠎ᠠ ᠬᠡᠮᠵᠢᠶ᠎ᠡ ᠶᠡᠭᠡ ᠪᠠᠷ ᠨᠡᠮᠡᠭᠳᠡᠵᠡᠶ ᠃ ᠣᠳᠣᠬᠠᠨ ᠳᠤ ᠂ ᠠᠪᠤᠷᠠᠨ ᠲᠤᠰᠠᠯᠠᠭᠳᠠᠭᠰᠠᠨ ᠯᠠᠮᠠ ᠭᠠᠯᠠᠭᠤ ᠶᠢ ᠵᠡᠭᠦᠨᠭᠠᠷ | ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠭᠰᠠᠨ ᠤ ᠳᠠᠷᠠᠭ᠎ᠠ ᠡᠮᠨᠡᠨ ᠵᠠᠰᠠᠭᠤᠯᠬᠤ ᠶᠢᠨ ᠬᠠᠮᠲᠤ ᠡᠬᠡ | ᠪᠠᠶᠢᠭᠠᠯᠢ ᠳᠤ ᠪᠤᠴᠠᠭᠤᠯᠪᠠ ᠃ | | | |