| ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠬᠥᠮᠦᠵᠢᠯ ᠢ ᠠᠬᠢᠭᠤᠯᠬᠤ ᠳᠦᠷᠢᠮ ︾ ᠢ ᠢᠳᠡᠪᠬᠢᠲᠡᠢ ᠨᠠᠶᠢᠳᠠᠪᠤᠷᠢᠵᠢᠭᠤᠯᠵᠤ ᠂ | ᠰᠤᠷᠭᠠᠭᠤᠯᠢ ᠶᠢᠨ ᠬᠠᠮᠵᠢᠯᠴᠠᠨ ᠬᠥᠮᠥᠵᠢᠭᠦᠯᠬᠦ ᠤᠳᠤᠷᠢᠳᠤᠮᠵᠢ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ ᠂ ᠭᠡᠷ ᠪᠦᠯᠢ ᠪᠠ ᠨᠡᠶᠢᠭᠡᠮ ᠲᠠᠢ ᠨᠢᠭᠲᠠ | ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠬᠤ ᠶᠢᠨ ᠲᠥᠯᠥᠭᠡ ᠂ ᠣᠶᠢᠷ᠎ᠠ ᠳᠤ ᠂ ᠮᠠᠨ ᠤ ᠣᠷᠣᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠤᠮᠳᠠᠳᠤ ᠪᠠᠭ᠎ᠠ ᠰᠤᠷᠭᠠᠭᠤᠯᠢ ᠴᠡᠴᠡᠷᠯᠢᠭ ᠤᠨ ᠭᠡᠷ ᠤᠨ ᠬᠥᠮᠦᠵᠢᠯ ᠤᠨ ᠬᠢᠴᠢᠶᠡᠯ ᠤᠨ ᠲᠣᠭᠲᠠᠯᠴᠠᠭ᠎ᠠ ᠶᠢ ᠪᠠᠶᠢᠭᠤᠯᠬᠤ ᠵᠢᠯᠤᠭᠤᠳᠬᠤ ᠬᠥᠲᠥᠯᠪᠦᠷᠢ ︾ ᠶᠢ | ᠨᠡᠶᠢᠲᠡᠯᠡᠵᠦ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠰᠠᠭᠤᠷᠢ ᠰᠤᠷᠭᠠᠨ ᠬᠥᠮᠦᠵᠢᠯ ᠬᠦᠷᠲᠡᠯᠡᠬᠢ ᠱᠠᠲᠤᠨ ᠳᠤ ᠭᠡᠷ ᠤᠨ | ᠬᠥᠮᠦᠵᠢᠯ ᠤᠨ ᠬᠢᠴᠢᠶᠡᠯ ᠢ ᠨᠡᠭᠡᠭᠡᠨ ᠬᠥᠭᠵᠢᠭᠦᠯᠬᠦ ᠂ ᠵᠢᠯᠤᠭᠤᠳᠬᠤ ᠂ ᠬᠡᠷᠡᠭᠵᠢᠭᠦᠯᠬᠦ ᠵᠢᠴᠢ ᠦᠨᠡᠯᠡᠬᠦ ᠵᠡᠷᠭᠡ ᠶᠢ ᠥᠷᠨᠢᠭᠦᠯᠬᠦ ᠲᠤᠬᠠᠢ ᠠᠷᠭ᠎ᠠ ᠪᠠ ᠦᠨᠳᠦᠰᠦᠯᠡᠯ | ᠬᠠᠩᠭᠠᠬᠤ ᠶᠢ ᠲᠣᠳᠣᠷᠬᠠᠶᠢᠯᠠᠵᠤ ᠂ ᠳᠤᠮᠳᠠᠳᠤ ᠪᠠᠭ᠎ᠠ ᠰᠤᠷᠭᠠᠭᠤᠯᠢ ᠴᠡᠴᠡᠷᠯᠢᠭ ᠵᠢᠴᠢ ᠰᠤᠷᠭᠠᠭᠤᠯᠢ ᠳᠤ ᠣᠷᠣᠬᠤ ᠨᠠᠰᠤᠨ ᠤ ᠪᠠᠭᠠᠴᠤᠳ ᠤᠨ ᠭᠡᠷ ᠤᠨ ᠠᠬᠠᠮᠠᠳ ᠤᠨ | ᠭᠡᠷ ᠤᠨ ᠬᠥᠮᠦᠵᠢᠯ ᠢ ᠪᠣᠳᠠᠲᠠᠢ ᠥᠷᠨᠢᠭᠦᠯᠬᠦ ᠳᠤ ᠯᠠᠪᠯᠠᠯᠲᠠ ᠬᠠᠩᠭᠠᠪᠠ ᠃ | ᠴᠡᠴᠡᠷᠯᠢᠭ ᠤᠨ ᠱᠠᠲᠤᠨ ᠳᠤ ᠲᠥᠬᠦᠮ ᠲᠠᠨᠢᠨ ᠮᠡᠳᠡᠬᠦᠢ ᠪᠠ ᠦᠶ᠋ᠯᠡ ᠠᠵᠢᠯᠯᠠᠭ᠎ᠠ ᠪᠤᠶᠤ ᠬᠥᠳᠡᠯᠭᠡᠭᠡᠨ ᠤ ᠬᠢᠴᠢᠶᠡᠯ ᠢᠶᠠᠷ ᠭᠤᠣᠯᠯᠠᠵᠤ ᠂ ᠠᠭᠤᠯᠭ᠎ᠠ ᠬᠡᠯᠪᠡᠷᠢ ᠶᠢᠨ | ᠲᠠᠯ᠎ᠠ ᠪᠠᠷ ᠰᠢᠭᠤᠳ ᠦᠵᠡᠭᠦᠯᠬᠦ ᠂ ᠰᠣᠨᠢᠷᠬᠠᠯᠲᠠᠢ ᠪᠠᠶᠢᠬᠤ ᠶᠢ ᠢᠯᠡᠷᠡᠭᠦᠯᠦᠨ᠎ᠡ ︔ ᠪᠠᠭ᠎ᠠ ᠰᠤᠷᠭᠠᠭᠤᠯᠢ ᠶᠢᠨ ᠱᠠᠲᠤᠨ ᠳᠤ ᠬᠡᠦᠬᠡᠳ ᠤᠨ ᠰᠡᠳᠬᠢᠯᠭᠡ ᠲᠣᠭᠲᠠᠪᠤᠷᠢ | ᠦᠭᠡᠢ ᠪᠠ ᠬᠥᠳᠡᠯᠦᠮᠡᠲᠡᠭᠡᠢ ᠣᠨᠴᠠᠯᠢᠭ ᠢ ᠬᠠᠷᠠᠭᠠᠯᠵᠠᠵᠤ ᠂ ᠭᠡᠷ ᠤᠨ ᠬᠥᠮᠦᠵᠢᠯ ᠤᠨ ᠬᠢᠴᠢᠶᠡᠯ ᠤᠨ ᠲᠣᠬᠢᠷᠠᠭᠤᠯᠤᠯᠲᠠ ᠨᠢ ᠬᠥᠳᠡᠯᠭᠡᠭᠡᠨ ᠤ ᠬᠢᠴᠢᠶᠡᠯ ᠪᠤᠶᠤ | ᠶᠡᠷᠦᠩᠬᠡᠶᠢᠯᠡᠭᠰᠡᠨ ᠬᠢᠴᠢᠶᠡᠯ ᠢᠶᠠᠷ ᠭᠤᠣᠯᠯᠠᠵᠤ ᠂ ᠠᠭᠤᠯᠭ᠎ᠠ ᠬᠡᠯᠪᠡᠷᠢ ᠶᠢᠨ ᠲᠠᠯ᠎ᠠ ᠪᠠᠷ ᠠᠬᠤᠢ ᠪᠠᠶᠢᠳᠠᠯ ᠤᠨ ᠴᠢᠨᠠᠷ ᠢ ᠢᠯᠡᠷᠡᠭᠦᠯᠦᠨ᠎ᠡ ︔ ᠳᠤᠮᠳᠠᠳᠤ ᠰᠤᠷᠭᠠᠭᠤᠯᠢ ᠶᠢᠨ | ᠱᠠᠲᠤᠨ ᠳᠤ ᠰᠤᠷᠤᠭᠴᠢᠳ ᠤᠨ ᠰᠡᠳᠬᠢᠬᠦᠢ ᠪᠠ ᠪᠡᠶ᠎ᠡ ᠪᠠᠨ ᠳᠠᠭᠠᠭᠠᠭᠰᠠᠨ ᠥᠪᠡᠷ ᠪᠡᠶ᠎ᠡ ᠶᠢᠨ ᠤᠬᠠᠮᠰᠠᠷ ᠤᠨ ᠣᠨᠴᠠᠯᠢᠭ ᠢ ᠴᠢᠬᠤᠯᠠᠴᠢᠯᠠᠵᠤ ᠂ ᠭᠡᠷ ᠤᠨ | ᠬᠥᠮᠦᠵᠢᠯ ᠤᠨ ᠬᠢᠴᠢᠶᠡᠯ ᠤᠨ ᠲᠣᠬᠢᠷᠠᠭᠤᠯᠤᠯᠲᠠ ᠨᠢ ᠲᠠᠨᠢᠨ ᠮᠡᠳᠡᠬᠦᠢ ᠶᠢᠨ ᠬᠢᠴᠢᠶᠡᠯ ᠪᠤᠶᠤ ᠶᠡᠷᠦᠩᠬᠡᠶᠢᠯᠡᠭᠰᠡᠨ ᠬᠢᠴᠢᠶᠡᠯ ᠢᠶᠠᠷ ᠭᠤᠣᠯᠯᠠᠵᠤ ᠂ ᠠᠭᠤᠯᠭ᠎ᠠ | ᠬᠡᠯᠪᠡᠷᠢ ᠶᠢᠨ ᠲᠠᠯ᠎ᠠ ᠪᠠᠷ ᠥᠪᠡᠷᠮᠢᠴᠡ ᠣᠨᠴᠠᠯᠢᠭ ᠂ ᠰᠣᠩᠭᠤᠯᠲᠠ ᠵᠢᠴᠢ ᠥᠪᠡᠷ ᠪᠡᠶ᠎ᠡ ᠶᠢᠨ ᠣᠷᠣᠰᠢᠬᠤᠢ ᠶᠢ ᠢᠯᠡᠷᠡᠭᠦᠯᠦᠨ᠎ᠡ ᠃ ᠡᠭᠦᠨ ᠤ ᠬᠠᠮᠲᠤ ᠂ ᠡᠯ᠎ᠡ | ᠰᠤᠷᠭᠠᠭᠤᠯᠢ ᠭᠡᠷ ᠤᠨ ᠬᠥᠮᠦᠵᠢᠯ ᠤᠨ ᠰᠤᠷᠭᠠᠭᠤᠯᠢ ᠢᠶᠠᠷ ᠦᠨᠳᠦᠰᠦᠯᠡᠭᠰᠡᠨ ᠬᠢᠴᠢᠶᠡᠯ ᠢ ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠵᠤ ᠂ ᠰᠦᠯᠵᠢᠶᠡᠨ ᠳᠡᠭᠡᠷᠡᠬᠢ | ᠭᠡᠷ ᠤᠨ ᠠᠬᠠᠮᠠᠳ ᠤᠨ ᠰᠤᠷᠭᠠᠭᠤᠯᠢ ᠶᠢᠨ ᠬᠢᠴᠢᠶᠡᠯ ᠤᠨ ᠡᠬᠢ ᠪᠠᠶᠠᠯᠢᠭ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ ᠂ ᠰᠤᠷᠭᠠᠭᠤᠯᠢ ᠭᠡᠷ ᠪᠦᠯᠢ | ᠨᠡᠶᠢᠭᠡᠮ ᠤᠨ ᠬᠠᠮᠵᠢᠯᠴᠠᠨ ᠬᠥᠮᠥᠵᠢᠭᠦᠯᠬᠦ ᠪᠦᠲᠦᠮᠵᠢᠲᠡᠶ ᠵᠠᠭᠪᠤᠷ ᠢ ᠶᠡᠭᠡ ᠪᠠᠷ ᠳᠡᠯᠭᠡᠷᠡᠭᠦᠯᠦᠨ ᠂ ᠠᠷᠭ᠎ᠠ ᠬᠢᠳᠡᠯ ᠢᠶᠠᠨ ᠰᠢᠨᠡᠴᠢᠯᠡᠬᠦ ᠪᠠ ᠲᠡᠷᠢᠭᠦᠨ ᠤ ᠲᠤᠷᠰᠢᠯᠭ᠎ᠠ ᠶᠢ | ᠲᠣᠯᠢᠯᠠᠵᠤ ᠂ ᠲᠣᠰ ︽ ᠵᠢᠯᠤᠭᠤᠳᠬᠤ ᠬᠥᠲᠥᠯᠪᠦᠷᠢ ︾ ᠶᠢ ᠯᠠᠪᠯᠠᠨ ᠂ ᠲᠣᠰ ᠭᠠᠵᠠᠷ ᠣᠷᠣᠨ ᠤ ᠬᠠᠮᠵᠢᠯᠴᠠᠨ ᠬᠥᠮᠥᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ | ᠰᠠᠭᠤᠷᠢᠨ ᠢ ᠢᠳᠡᠪᠬᠢᠲᠡᠢ ᠪᠠᠷ ᠪᠠᠶᠢᠭᠤᠯᠵᠤ ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ ᠃ | | | |