| ᠲᠦᠷᠦᠭᠦᠬᠡᠨ ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ︽ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠬᠰᠠᠨ ᠬᠠᠮᠢᠶᠠᠷᠤᠯᠲᠠ ᠶᠢᠨ | ᠠᠷᠭ᠎ᠠ ︾ ︵ ᠳᠣᠤᠷ᠎ᠠ ︽ ᠠᠷᠭ᠎ᠠ ︾ ᠭᠡᠵᠦ ᠲᠣᠪᠴᠢᠯᠠᠨ᠎ᠠ ︶ ᠶᠢ ᠳᠠᠷᠤᠮᠠᠯᠯᠠᠨ ᠲᠠᠷᠬᠠᠭᠠᠵᠤ ᠂ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠭᠤᠯᠤᠯᠳᠠ ᠶᠢᠨ ᠠᠵᠢᠯ ᠢ | ᠴᠢᠩᠭᠠᠳᠬᠠᠨ ᠂ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠬᠰᠠᠨ ᠬᠠᠮᠢᠶᠠᠷᠤᠯᠲᠠ ᠶᠢ ᠵᠢᠷᠤᠮᠵᠢᠭᠤᠯᠵᠤ ᠂ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠬᠰᠠᠨ ᠴᠢᠨᠠᠷ | ᠰᠠᠶᠢᠲᠠᠢ ᠬᠥᠭᠵᠢᠯᠳᠠ ᠶᠢ ᠠᠬᠢᠭᠤᠯᠬᠤ ᠪᠠᠷ ᠪᠠᠶᠢᠨ᠎ᠠ ᠃ | ︽ ᠠᠷᠭ᠎ᠠ ︾ ᠨᠢ ᠵᠢᠷᠭᠤᠭᠠᠨ ᠪᠦᠯᠦᠭ ᠂ 31 ᠵᠤᠷᠪᠤᠰ ᠪᠤᠢ ᠃ | ᠲᠥᠯᠥᠪᠯᠡᠭᠡ ᠠᠴᠠ ᠲᠦᠷᠦᠯ ᠵᠦᠢᠯ ᠪᠤᠯᠭᠠᠬᠤ ᠂ ᠲᠤᠭᠤᠷᠪᠢᠬᠤ ᠪᠠ ᠰᠠᠨᠠᠯ ᠬᠤᠷᠢᠶᠠᠬᠤ ᠂ ᠬᠡᠷᠡᠭᠵᠢᠭᠦᠯᠬᠦ ᠂ ᠬᠢᠨᠠᠯᠲᠠ ᠲᠠᠯᠪᠢᠬᠤ ᠪᠠ ᠦᠨᠡᠯᠡᠨ ᠵᠢᠱᠢᠬᠦ ᠵᠡᠷᠭᠡ | ᠲᠠᠯ᠎ᠠ ᠪᠠᠷ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠬᠰᠠᠨ ᠬᠠᠮᠢᠶᠠᠷᠤᠯᠲᠠ ᠶᠢᠨ ᠬᠤᠯᠪᠤᠬᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠬᠤ ᠶᠢᠨ ᠬᠠᠮᠳᠤ ᠬᠢᠲᠠᠳ ᠡᠮ | ᠡᠮᠨᠡᠯᠭᠡ ᠶᠢᠨ ᠪᠠᠷᠢᠮᠵᠢᠶ᠎ᠠ ᠶᠢ ᠲᠣᠭᠲᠠᠭᠠᠬᠤ ᠳᠠᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠦᠷ᠎ᠡ ᠪᠦᠲᠦᠭᠡᠯ ᠪᠠ ᠨᠡᠶᠢᠭᠡᠮ ᠤᠨ ᠦᠢᠯᠡᠳᠦᠯᠭᠡ ᠶᠢᠨ | ᠲᠤᠷᠰᠢᠯᠭ᠎ᠠ ᠶᠢᠨ ᠰᠠᠭᠤᠷᠢᠨ ᠳᠡᠭᠡᠷ᠎ᠡ ᠭᠦᠨᠵᠡᠭᠡᠢ ᠪᠠᠶᠢᠴᠠᠭᠠᠨ ᠨᠤᠲᠠᠯᠠᠯᠳᠠ ᠬᠢᠵᠦ ᠂ ᠥᠷᠭᠡᠨ ᠢᠶᠠᠷ ᠰᠠᠨᠠᠯ ᠬᠤᠷᠢᠶᠠᠵᠤ ᠂ ᠪᠠᠷᠢᠮᠵᠢᠶ᠎ᠠ ᠶᠢᠨ ᠰᠢᠨᠵᠢᠯᠡᠬᠦ ᠤᠬᠠᠭᠠᠨᠴᠢ | ᠴᠢᠨᠠᠷ ᠂ ᠲᠦᠷᠢᠮᠵᠢᠯᠳᠤ ᠴᠢᠨᠠᠷ ᠂ ᠬᠤᠭᠤᠴᠠᠭᠠᠲᠤ ᠴᠢᠨᠠᠷ ᠂ ᠵᠣᠬᠢᠴᠠᠩᠭᠤᠢ ᠴᠢᠨᠠᠷ ᠢ ᠪᠠᠲᠤᠯᠠᠵᠤ ᠂ ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠬᠰᠠᠨ ᠪᠠᠶᠢᠨ᠎ᠠ ᠃ | ︽ ᠠᠷᠭ᠎ᠠ ︾ ᠳᠤ ᠳᠤᠷᠠᠳᠬᠤ ᠳᠠᠭᠠᠨ ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠶᠢᠨ | ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ ᠂ ᠬᠠᠷᠢᠶᠠᠨ ᠳᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠳ ᠢ ᠪᠦᠷᠢᠯᠳᠦᠬᠦᠯᠵᠦ ᠂ | ᠪᠠᠷᠢᠮᠵᠢᠶᠠᠵᠢᠭᠤᠯᠤᠯᠳᠠ ᠶᠢᠨ ᠡᠵᠢᠯ ᠤᠨ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠬᠢᠲᠠᠳ ᠡᠮ ᠡᠮᠨᠡᠯᠭᠡ ᠶᠢᠨ | ᠪᠠᠷᠢᠮᠵᠢᠶ᠎ᠠ ᠶᠢ ᠬᠢᠨᠠᠨ ᠬᠠᠷᠭᠤᠭᠤᠯᠬᠤ ᠠᠵᠢᠯ ᠢ ᠦᠷᠨᠢᠬᠦᠯᠬᠦ ᠶᠢ ᠬᠠᠷᠢᠭᠤᠴᠠᠨ᠎ᠠ ᠃ ᠬᠢᠲᠠᠳ ᠡᠮ ᠡᠮᠨᠡᠯᠭᠡ ᠶᠢᠨ ᠠᠵᠢᠯ ᠲᠦᠷᠦᠯ ᠤᠨ ᠪᠠᠷᠢᠮᠵᠢᠶᠠᠨ ᠤ ᠤᠷᠤᠯᠠᠬᠤ | ᠲᠡᠮᠳᠡᠭ ᠨᠢ ︽ ZY ︾ ᠂ ᠳ᠋ᠤᠭᠠᠷ ᠨᠢ ᠠᠵᠢᠯ ᠲᠦᠷᠦᠯ ᠤᠨ ᠪᠠᠷᠢᠮᠵᠢᠶᠠᠨ ᠤ ᠣᠷᠣᠯᠠᠬᠤ ᠲᠡᠮᠳᠡᠭ ᠳᠡᠭᠡᠷ᠎ᠡ ︽ / T ︾ ᠶᠢ ᠨᠡᠮᠡᠨ᠎ᠠ ᠂ ᠡᠨᠡ ᠨᠢ ᠳᠡᠰ ᠲᠠᠷᠠᠭᠠᠯᠠᠯ ᠤᠨ | ᠳ᠋ᠤᠭᠠᠷ ᠪᠠ ᠵᠢᠯ ᠤᠨ ᠳ᠋ᠤᠭᠠᠷ ᠢᠶᠠᠷ ᠪᠦᠷᠢᠯᠳᠦᠵᠦ ᠂ ᠳᠡᠰ ᠲᠠᠷᠠᠭᠠᠯᠠᠯ ᠤᠨ ᠳ᠋ᠤᠭᠠᠷ ᠨᠢ ᠪᠠᠶᠢᠭᠠᠯᠢ ᠲᠤᠭ᠎ᠠ ᠶᠤᠮ ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠂ | ᠨᠡᠶᠢᠭᠡᠮ ᠤᠨ ᠪᠦᠯᠬᠦᠮ ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠳ ᠤᠨ ᠬᠢᠲᠠᠳ ᠡᠮ ᠡᠮᠨᠡᠯᠭᠡ ᠶᠢᠨ ᠪᠠᠷᠢᠮᠵᠢᠶ᠎ᠠ | ᠲᠣᠭᠲᠠᠭᠠᠬᠤ ᠪᠠ ᠵᠠᠰᠠᠪᠤᠷᠢ ᠣᠷᠣᠭᠤᠯᠬᠤ ᠲᠥᠯᠥᠪᠯᠡᠭᠡ ᠳᠤ ᠢᠳᠡᠪᠬᠢᠲᠡᠢ ᠪᠠᠷ ᠰᠠᠨᠠᠭᠤᠯᠭ᠎ᠠ ᠭᠠᠷᠭᠠᠬᠤ ᠶᠢ ᠵᠣᠷᠢᠭᠵᠢᠭᠤᠯᠤᠨ᠎ᠠ ᠃ | ︽ ᠠᠷᠭ᠎ᠠ ︾ ᠳᠤ ᠵᠢᠭᠠᠵᠤ ᠭᠠᠷᠭᠠᠬᠤ ᠳᠠᠭᠠᠨ ᠂ ᠨᠡᠶᠢᠲᠡᠯᠡᠭᠰᠡᠨ ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠳᠤ ᠬᠠᠷᠢᠶᠠᠯᠠᠭᠳᠠᠬᠤ ᠮᠦᠷᠳᠡᠬᠡᠨ ᠭᠤᠣᠯ ᠲᠤᠭᠤᠷᠪᠢᠭᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠦᠨᠳᠦᠰᠦᠯᠡᠯ ᠪᠣᠯᠭᠠᠨ᠎ᠠ ᠃ | ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠶᠢ ᠡᠯ᠎ᠡ ᠱᠠᠲᠤᠨ ᠤ ᠱᠠᠩᠨᠠᠯ ᠤᠨ ᠲᠦᠷᠦᠯ ᠢ ᠰᠢᠯᠭᠠᠷᠠᠭᠤᠯᠬᠤ ᠬᠡᠪᠴᠢᠶᠡᠨ ᠳᠤ ᠤᠷᠤᠭᠤᠯᠬᠤ ᠶᠢ ᠵᠤᠷᠢᠭᠵᠢᠭᠤᠯᠤᠨ᠎ᠠ ᠃ | ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠭᠤᠯᠬᠤ ᠬᠡᠷᠡᠭᠴᠡᠭᠡ ᠶᠢ ᠦᠨᠳᠦᠰᠦᠯᠡᠨ | ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ ᠂ ᠪᠠᠷᠢᠮᠵᠢᠶᠠᠵᠢᠭᠤᠯᠬᠤ ᠣᠶᠢᠯᠠᠭᠠᠭᠳᠠᠬᠤᠨ ᠢ ᠤᠯᠠᠮᠵᠢᠯᠠᠵᠤ ᠂ | ᠪᠠᠷᠢᠮᠵᠢᠶᠠᠵᠢᠭᠤᠯᠬᠤ ᠲᠤᠷᠰᠢᠯᠭ᠎ᠠ ᠶᠢ ᠲᠦᠬᠡᠮᠡᠯᠵᠢᠬᠦᠯᠬᠦ ᠬᠡᠷᠡᠭᠳᠡᠢ ᠬᠡᠪᠡ ᠃ | | | |