| 10 ᠰᠠᠷ᠎ᠠ ᠶᠢᠨ 30 ᠤ ᠡᠳᠦᠷ ᠂ ᠮᠠᠨ ᠤ ᠤᠷᠤᠨ ᠤ ᠠᠩᠬᠠᠳᠠᠭᠴᠢ ᠬᠤᠶᠠᠳᠤᠭᠠᠷ ᠦᠶ᠎ᠡ ᠶᠢᠨ 1500Nm3/h ᠥᠨᠳᠥᠷ ᠳᠤᠯᠠᠭᠠᠨ ᠳᠤ ᠱᠦᠯᠲᠦᠯᠢᠭ | ᠴᠢᠨᠠᠷᠲᠠᠢ ᠤᠰᠤᠲᠥ᠋ᠷᠥᠭᠴᠢ ᠦᠢᠯᠡᠳᠬᠦ ᠴᠠᠬᠢᠯᠭᠠᠨ ᠵᠠᠳᠠᠯᠤᠯᠲᠠ ᠶᠢᠨ ᠣᠩᠭᠤᠴᠠ ᠪᠠ ᠭᠤᠷᠪᠠᠳᠤᠭᠠᠷ ᠦᠶ᠎ᠡ ᠶᠢᠨ 0.2MW ᠡᠨᠧᠷᠭᠢ ᠶᠢᠨ ᠬᠤᠷᠣᠭᠳᠠᠯ ᠢᠶᠠᠷ | ᠬᠡᠳᠦ ᠪᠠᠭ᠎ᠠ ᠥᠨᠳᠥᠷ ᠳᠤᠯᠠᠭᠠᠨ ᠳᠤ ᠱᠦᠯᠲᠦᠯᠢᠭ ᠴᠢᠨᠠᠷᠲᠠᠢ ᠤᠰᠤᠲᠥ᠋ᠷᠥᠭᠴᠢ ᠦᠢᠯᠡᠳᠬᠦ ᠴᠠᠬᠢᠯᠭᠠᠨ ᠵᠠᠳᠠᠯᠤᠯᠲᠠ ᠶᠢᠨ ᠣᠩᠭᠤᠴᠠ ᠶᠢ ᠦᠢᠯᠡᠳᠪᠦᠷᠢᠯᠡᠵᠦ | ᠭᠠᠷᠭᠠᠭᠰᠠᠨ ᠶᠣᠰᠣᠯᠠᠯ ᠤᠷᠳᠤᠰ ᠬᠤᠳᠠ ᠶᠢᠨ ᠳᠡᠭᠡᠳᠦ ᠰᠢᠨ᠎ᠡ ᠲᠧᠭᠨᠢᠭ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠲᠤ ᠶᠠᠪᠤᠭᠳᠠᠪᠠ ᠃ ᠲᠣᠰ | ᠬᠤᠶᠠᠷ ᠲᠦᠷᠦᠯ ᠤᠨ ᠴᠠᠬᠢᠯᠭᠠᠨ ᠵᠠᠳᠠᠯᠤᠯᠲᠠ ᠶᠢᠨ ᠣᠩᠭᠤᠴᠠ ᠶᠢ ᠠᠮᠵᠢᠯᠳᠠ ᠲᠠᠢ ᠦᠢᠯᠡᠳᠪᠦᠷᠢᠯᠡᠭᠰᠡᠨ ᠨᠢ ᠮᠠᠨ ᠤ ᠣᠷᠣᠨ ᠤ ᠤᠰᠤᠲᠥ᠋ᠷᠥᠭᠴᠢ ᠡᠨᠧᠷᠭᠢ ᠶᠢᠨ | ᠠᠵᠤ ᠦᠢᠯᠡᠰ ᠤᠨ ᠬᠥᠭᠵᠢᠯᠲᠡ ᠳᠤ ᠪᠠᠰᠠ ᠨᠢᠭᠡᠨ ᠬᠦᠰᠢᠶ᠎ᠡ ᠳᠡᠮᠳᠡᠭ ᠤᠨ ᠴᠢᠨᠠᠷᠳᠠᠢ ᠠᠴᠢ ᠬᠤᠯᠪᠤᠭᠳᠠᠯ ᠲᠠᠢ ᠪᠦᠭᠡᠳ ᠣᠷᠳᠣᠰ ᠬᠤᠳᠠ ᠶᠢᠨ ᠡᠨᠧᠷᠭᠢ ᠶᠢᠨ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠰᠡᠨ ᠰᠢᠨ᠎ᠡ ᠬᠢᠯᠠᠰ ᠴᠡᠭ ᠪᠤᠯᠪᠠ ᠃ | ᠲᠤᠰ ᠬᠤᠶᠠᠷ ᠲᠦᠷᠦᠯ ᠤᠨ ᠥᠨᠳᠥᠷ ᠳᠤᠯᠠᠭᠠᠨ ᠳᠤ ᠱᠦᠯᠲᠦᠯᠢᠭ ᠴᠢᠨᠠᠷᠲᠠᠢ ᠤᠰᠤᠲᠥ᠋ᠷᠥᠭᠴᠢ ᠦᠢᠯᠡᠳᠬᠦ ᠴᠠᠬᠢᠯᠭᠠᠨ ᠵᠠᠳᠠᠯᠤᠯᠲᠠ ᠶᠢᠨ ᠣᠩᠭᠤᠴᠠ ᠶᠢ | ᠣᠷᠳᠣᠰ ᠬᠤᠳᠠ ᠶᠢᠨ ᠭᠦᠸᠧ ᠱᠧᠩ ᠯᠢ ᠬᠤᠸᠠ ᠤᠰᠤᠲᠥ᠋ᠷᠥᠭᠴᠢ ᠶᠢᠨ ᠲᠤᠨᠤᠭ ᠲᠥᠬᠦᠭᠡᠷᠦᠮᠵᠢ ᠦᠢᠯᠡᠳᠪᠦᠷᠢᠯᠡᠬᠦ ᠬᠢᠵᠠᠭᠠᠷᠲᠤ ᠺᠣᠮᠫᠠᠨᠢ ᠪᠠ ᠴᠢᠩᠬᠤᠸᠠ ᠶᠡᠭᠡ | ᠰᠤᠷᠭᠠᠭᠤᠯᠢ ᠶᠢᠨ ᠡᠨᠧᠷᠭᠢ ᠪᠣᠯᠣᠨ ᠬᠥᠳᠡᠯᠭᠡᠬᠦ ᠬᠦᠴᠦᠨ ᠤ ᠢᠨᠵᠧᠨᠧᠷᠢᠩ ᠤᠨ ᠰᠠᠯᠪᠤᠷᠢ ᠬᠠᠮᠲᠤ ᠪᠠᠷ ᠰᠤᠳᠤᠯᠤᠨ ᠨᠡᠭᠡᠭᠡᠵᠡᠢ ᠃ ᠴᠠᠬᠢᠯᠭᠠᠨ ᠵᠠᠳᠠᠯᠤᠯᠳᠠ ᠶᠢᠨ | ᠲᠦᠢᠯ ᠤᠨ ᠬᠠᠪᠲᠠᠰᠤ ᠵᠢᠴᠢ ᠬᠠᠯᠠᠭᠤᠨ ᠤᠷᠤᠰᠤᠮᠠᠯ ᠪᠡᠶᠡᠲᠤ ᠶᠢᠨ ᠲᠠᠷᠬᠠᠯᠲᠠ ᠶᠢᠨ ᠴᠠᠬᠢᠯᠭᠠᠨ ᠭᠦᠶᠦᠳᠡᠯ ᠤᠨ ᠮᠡᠷᠭᠡᠵᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ ᠂ | ᠴᠠᠬᠢᠯᠭᠠᠨ ᠵᠠᠳᠠᠯᠤᠯᠳᠠ ᠶᠢᠨ ᠴᠠᠬᠢᠯᠭᠠᠨ ᠤ ᠬᠤᠷᠣᠭᠳᠠᠯ ᠢ ᠪᠠᠭᠠᠰᠬᠠᠵᠤ ᠂ ᠴᠠᠬᠢᠯᠭᠠᠨ ᠵᠠᠳᠠᠯᠤᠯᠳᠠ ᠶᠢᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ ᠠᠷᠪᠢᠯᠠᠬᠤ ᠶᠢᠨ | ᠬᠠᠮᠲᠤ ᠠᠶᠤᠯᠭᠦᠢ ᠪᠥᠭᠡᠳ ᠨᠠᠶᠢᠳᠠᠪᠤᠷᠢᠲᠠᠢ ᠂ ᠬᠡᠷᠡᠭᠯᠡᠭᠡᠨ ᠤ ᠠᠮᠢ ᠨᠠᠰᠤ ᠤᠷᠳᠤ ᠂ ᠤᠰᠤᠲᠥ᠋ᠷᠥᠭᠴᠢ ᠦᠢᠯᠡᠳᠬᠦ ᠠᠰᠢᠭᠯᠠᠮᠵᠢ ᠥᠨᠳᠥᠷ ᠂ ᠤᠰᠤᠲᠥ᠋ᠷᠥᠭᠴᠢ | ᠡᠭᠦᠰᠬᠡᠬᠦ ᠳᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠵᠤ ᠪᠣᠯᠬᠤ ᠵᠡᠷᠭᠡ ᠣᠨᠴᠠᠯᠢᠭ ᠲᠠᠢ ᠪᠠᠶᠢᠵᠤ ᠂ ᠳᠡᠯᠡᠬᠡᠢ ᠶᠢᠨ ᠲᠡᠷᠢᠭᠦᠨ ᠤ | ᠲᠦᠪᠰᠢᠨ ᠳᠤ ᠬᠦᠷᠦᠭᠰᠡᠨ ᠪᠠᠶᠢᠨ᠎ᠠ ᠃ ᠲᠣᠰ ᠦᠢᠯᠡᠳᠬᠦᠨ ᠢ ᠪᠤᠬᠢᠷᠳᠤᠯ ᠦᠭᠡᠢ ᠴᠠᠬᠢᠯᠭᠠᠨ ᠪᠤᠬᠢᠷᠳᠤᠯ ᠦᠭᠡᠢ ᠤᠰᠤᠲᠥ᠋ᠷᠥᠭᠴᠢ ᠦᠢᠯᠡᠳᠬᠦ ᠵᠢᠴᠢ ᠪᠣᠬᠢᠷᠲᠤᠯ | ᠦᠭᠡᠢ ᠬᠢᠮᠢ ᠶᠢᠨ ᠠᠵᠤ ᠦᠢᠯᠡᠳᠪᠦᠷᠢ ᠂ ᠰᠠᠯᠬᠢᠨ ᠬᠦᠴᠦ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠬᠦᠷᠢᠶᠡᠨ ᠳᠤ ᠬᠡᠷᠡᠭᠯᠡᠵᠦ ᠪᠣᠯᠬᠤ ᠪᠥᠭᠡᠳ ᠳᠠᠬᠢᠯᠳᠠ | ᠡᠨᠧᠷᠭᠢ ᠶᠢᠨ ᠶᠡᠭᠡ ᠬᠡᠪᠴᠢᠶ᠎ᠡ ᠪᠠᠷ ᠪᠣᠬᠢᠷᠲᠤᠯ ᠦᠭᠡᠢ ᠤᠰᠤᠲᠥ᠋ᠷᠥᠭᠴᠢ ᠦᠢᠯᠡᠳᠬᠦ ᠭᠤᠣᠯ ᠳᠤᠨᠤᠭ ᠲᠥᠬᠦᠭᠡᠷᠦᠮᠵᠢ ᠪᠠᠶᠢᠵᠤ ᠂ ᠪᠦᠬᠦ᠋ᠢᠯᠡ ᠪᠣᠬᠢᠷᠲᠤᠯ ᠦᠭᠡᠢ | ᠤᠰᠤᠲᠥ᠋ᠷᠥᠭᠴᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠬᠦ ᠪᠤᠯᠤᠨ᠎ᠠ ᠃ | | |