| ᠶᠡᠷᠤᠩᠭᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠂ ︽ ᠰᠡᠳᠬᠢᠴᠡ ᠶᠢᠨ ᠡᠷᠡᠬᠦᠯ ᠮᠡᠨᠳᠦ ᠪᠠ ᠤᠶᠤᠨ ᠤ ᠡᠷᠡᠭᠦᠯ | ᠬᠠᠮᠠᠭᠠᠯᠠᠯ ᠢ ᠴᠢᠬᠤᠯᠠᠴᠢᠯᠠᠬᠤ ᠬᠡᠷᠡᠭᠲᠡᠢ ︾ ᠭᠡᠵᠤ ᠳᠤᠷᠠᠳᠤᠨ ᠭᠠᠷᠭᠠᠵᠠᠢ ᠃ ᠤᠶᠢᠷ᠎ᠠ ᠶᠢᠨ ᠵᠢᠯ ᠤᠳ ᠲᠤ ᠂ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠤ ᠡᠷᠡᠭᠦᠯ | ᠬᠠᠮᠠᠭᠠᠯᠠᠯ ᠤᠨ ᠠᠵᠢᠯ ᠢ ᠪᠦᠬᠦ ᠤᠯᠤᠰ ᠤᠨ ᠦᠬᠡᠷᠡᠴᠢᠯᠡᠯᠲᠡ ᠶᠢ ᠬᠦᠨᠵᠡᠬᠡᠶᠢᠷᠡᠬᠦᠯᠬᠦ ᠪᠠ ᠨᠡᠶᠢᠬᠡᠮ ᠤᠨ ᠶᠡᠷᠤᠩᠭᠡᠶᠢᠯᠡᠨ ᠵᠠᠰᠠᠬᠤ ᠬᠦᠷᠢᠶ᠎ᠡ ᠬᠡᠪᠴᠢᠶᠡᠨ ᠳᠤ | ᠤᠷᠤᠭᠤᠯᠵᠤ ᠂ ᠤᠯᠤᠰ ᠤᠨ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠤ ᠡᠷᠡᠭᠦᠯ ᠬᠠᠮᠠᠭᠠᠯᠠᠯ ᠤᠨ ᠰᠡᠷᠭᠡᠶᠢᠯᠡᠨ ᠵᠠᠰᠠᠬᠤ ᠲᠦᠪ ᠢ ᠪᠠᠶᠢᠭᠤᠯᠣᠨ ᠂ ᠨᠡᠶᠢᠬᠡᠮ ᠤᠨ | ᠰᠡᠳᠬᠢᠴᠡ ᠶᠢᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢ ᠦᠷᠨᠢᠬᠦᠯᠵᠤ ᠂ ᠪᠦᠬᠦ ᠬᠦᠮᠦᠰ ᠢ ᠬᠠᠮᠤᠷᠤᠭᠰᠠᠨ ᠨᠡᠶᠢᠬᠡᠮ ᠤᠨ | ᠰᠡᠳᠬᠢᠴᠡ ᠶᠢᠨ ᠦᠢᠯᠡᠴᠢᠯᠡᠬᠡᠨ ᠤ ᠬᠡᠪ ᠵᠠᠭᠪᠤᠷ ᠪᠠ ᠠᠵᠢᠯ ᠤᠨ ᠲᠤᠭᠲᠠᠴᠠ ᠶᠢ ᠬᠠᠶᠢᠨ ᠰᠦᠪᠡᠭᠴᠢᠯᠡᠪᠡ ᠃ ᠬᠡᠪᠡᠴᠤ ᠡᠬᠢ ᠪᠠᠶᠠᠯᠢᠭ ᠤᠨ ᠪᠦᠲᠦᠴᠡ ᠶᠢᠨ | ᠲᠠᠷᠬᠠᠯᠲᠠ ᠪᠠ ᠦᠢᠯᠡᠴᠢᠯᠡᠬᠡᠨ ᠤ ᠶᠠᠰᠤ ᠴᠢᠨᠠᠷ ᠤᠨ ᠬᠢᠷᠢ ᠳᠦᠪᠰᠢᠨ ᠤ ᠲᠠᠯ᠎ᠠ ᠪᠠᠷ ᠮᠦᠨᠴᠦ 4 ᠲᠠᠯ᠎ᠠ ᠶᠢᠨ ᠳᠤᠪᠤᠶᠢᠮ᠎ᠠ ᠠᠰᠠᠭᠤᠳᠠᠯ ᠤᠷᠤᠰᠢᠵᠤ ᠪᠠᠶᠢᠨ᠎ᠠ ᠃ | ᠨᠢᠬᠡ ᠳᠤ ᠂ ᠪᠦᠬᠦ ᠤᠯᠤᠰ ᠤᠨ ᠤᠶᠤᠨ ᠤ ᠡᠷᠡᠬᠦᠯ ᠬᠠᠮᠠᠭᠠᠯᠠᠯ ᠤᠨ 50% ᠶᠢᠨ ᠡᠬᠢ ᠪᠠᠶᠠᠯᠢᠭ ᠨᠢ ᠵᠡᠬᠦᠨ ᠬᠡᠰᠡᠭ ᠤᠨ ᠭᠠᠵᠠᠷ ᠤᠷᠤᠨ ᠳᠤ ᠲᠦᠪᠯᠡᠷᠡᠵᠤ ᠂ | ᠳᠤᠮᠳᠠ ᠪᠠ ᠪᠠᠷᠠᠭᠤᠨ ᠬᠡᠰᠡᠭ ᠤᠨ ᠭᠠᠵᠠᠷ ᠤᠷᠤᠨ ᠤ ᠵᠠᠷᠢᠮ ᠬᠤᠲᠠ ᠲᠤᠭᠤᠷᠢᠭ ᠲᠤ ᠤᠶᠤᠨ ᠤ ᠡᠷᠡᠬᠦᠯ ᠬᠠᠮᠠᠭᠠᠯᠠᠯ ᠤᠨ ᠡᠬᠦᠳᠡᠨ ᠡᠮᠨᠡᠯᠬᠡ ᠪᠠᠶᠢᠬᠤ ᠦᠬᠡᠢ ᠃ | ᠬᠤᠶᠠᠷ ᠲᠤ ᠂ ᠤᠶᠤᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠲᠠᠭᠤ ᠲᠤᠨᠤᠭᠯᠠᠯ ᠪᠠ ᠴᠢᠳᠠᠪᠤᠷᠢᠲᠠᠨ ᠤ ᠬᠦᠴᠦᠨ ᠨᠡᠶᠢᠳᠡᠮ ᠳᠡᠭᠡᠨ ᠪᠠᠭᠤᠷᠠᠢ ᠪᠤᠯᠬᠤᠷ | ᠡᠪᠡᠳᠴᠢᠲᠡᠨ ᠤ ᠬᠡᠷᠡᠭᠴᠡᠭᠡ ᠶᠢ ᠬᠠᠩᠭᠠᠬᠤ ᠳᠤ ᠬᠦᠴᠢᠷᠲᠡᠢ ᠪᠠᠶᠢᠨ᠎ᠠ ᠃ | ᠭᠤᠷᠪᠠ ᠳᠤ ᠂ ᠨᠡᠶᠢᠬᠡᠮ ᠲᠤᠭᠤᠷᠢᠭ ᠤᠨ ᠡᠷᠡᠬᠦᠯᠵᠢᠯ ᠤᠨ ᠡᠬᠢ ᠪᠠᠶᠠᠯᠢᠭ ᠬᠦᠷᠦᠯᠴᠡᠬᠦ ᠦᠬᠡᠢ ᠂ ᠪᠠᠲᠤᠯᠠᠭ᠎ᠠ ᠶᠢᠨ ᠬᠢᠷᠢ ᠬᠡᠮᠵᠢᠶ᠎ᠡ ᠳᠤᠤᠷ᠎ᠠ ᠵᠡᠷᠬᠡ | ᠰᠢᠯᠲᠠᠭᠠᠨ ᠠᠴᠠ ᠪᠤᠯᠵᠤ ᠂ ᠨᠡᠶᠢᠬᠡᠮ ᠤᠨ ᠡᠷᠡᠭᠦᠯᠵᠢᠯ ᠤᠨ ᠬᠢᠷᠢ ᠬᠡᠮᠵᠢᠶ᠎ᠡ ᠪᠠ ᠡᠮᠨᠡᠯᠬᠡ ᠶᠢᠨ ᠬᠤᠷᠢᠶ᠎ᠠ ᠠᠴᠠ ᠪᠤᠰᠤᠳ ᠡᠮᠴᠢᠯᠡᠬᠡᠨ ᠤ ᠦᠷ᠎ᠡ ᠪᠦᠲᠦᠮᠵᠢ ᠶᠢᠨ | ᠲᠠᠯ᠎ᠠ ᠪᠠᠷ ᠪᠠᠰᠠ ᠢᠯᠡᠷᠬᠡᠢ ᠵᠦᠷᠢᠶ᠎ᠡ ᠲᠠᠢ ᠪᠠᠶᠢᠨ᠎ᠠ ᠃ | ᠳᠦᠷᠪᠡ ᠳᠤ ᠂ ᠤᠳᠤᠬᠠᠨ ᠳᠤ ᠰᠡᠳᠬᠢᠴᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢ ᠭᠤᠤᠯᠳᠠᠭᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠤᠰᠤ | ᠪᠠᠶᠢᠭᠤᠯᠤᠮᠵᠢ ᠠᠴᠠ ᠬᠠᠩᠭᠠᠵᠤ ᠪᠠᠶᠢᠭ᠎ᠠ ᠪᠤᠯᠬᠤᠷ ᠵᠠᠷᠢᠮ ᠠᠵᠢᠯᠲᠠᠨ ᠨᠢ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠲᠡᠭᠰᠡᠨ ᠦᠬᠡᠢ ᠂ ᠡᠶᠢᠮᠤ ᠠᠴᠠ | ᠦᠢᠯᠡᠴᠢᠯᠡᠬᠡᠨ ᠤ ᠴᠢᠳᠠᠪᠤᠷᠢ ᠨᠢ ᠬᠢᠵᠠᠭᠠᠷᠲᠠᠢ ᠪᠠᠶᠢᠳᠠᠭ ᠃ | | | |