| ᠤᠯᠠᠨ ᠤ ᠮᠡᠳᠡᠭᠡᠵᠢ ᠪᠠᠷ ᠂ ᠮᠠᠷᠺᠰ ᠤᠨ ᠦᠵᠡᠯ ᠤᠨ ᠲᠦᠷᠦ ᠶᠢᠨ ᠨᠠᠮ ᠨᠢ ᠠᠳᠠᠯᠢ ᠪᠤᠰᠤ ᠤᠯᠤᠰ ᠪᠠ ᠠᠳᠠᠯᠢ ᠪᠤᠰᠤ ᠲᠡᠦᠬᠡᠨ ᠴᠠᠭ ᠦᠶ᠎ᠡ ᠳᠤ ᠠᠳᠠᠯᠢ ᠪᠤᠰᠤ | ᠨᠡᠷᠡᠶᠢᠳᠦᠯ ᠲᠠᠢ ᠪᠠᠶᠢᠳᠠᠭ ᠃ ᠲᠡᠭᠡᠪᠡᠯ ︽ ᠳᠤᠮᠳᠠᠳᠤ ᠤᠯᠤᠰ ᠤᠨ ᠡᠪ ᠬᠠᠮᠲᠤ ᠨᠠᠮ ︾ ᠭᠡᠳᠡᠭ ᠨᠡᠷ᠎ᠡ ᠬᠠᠮᠢᠭ᠎ᠠ ᠠᠴᠠ ᠢᠷᠡᠯ ᠲᠠᠢ ᠪᠤᠢ ︖ ᠠᠷᠤ ᠳᠤ ᠨᠢ ᠪᠠᠰᠠ | ᠶᠠᠮᠠᠷ ᠦᠯᠢᠭᠡᠷ ᠪᠠᠶᠢᠬᠤ ᠪᠤᠢ ︖ ᠡᠭᠦᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠡᠭᠦᠰᠭᠡᠨ ᠪᠠᠶᠢᠭᠤᠯᠤᠭᠴᠢ ᠶᠢᠨ ᠨᠢᠭᠡ ᠪᠣᠯᠬᠤ ᠼᠠᠢ ᠾᠧ | ᠰᠧᠨ ᠢ ᠳᠤᠷᠠᠳᠬᠤ ᠴᠢᠬᠤᠯᠠᠲᠠᠢ ᠃ | 1920 ᠣᠨ ᠳᠤ ᠂ ᠹᠷᠠᠨᠼᠢ ᠳᠤ ᠠᠵᠢᠯᠴᠢ ᠠᠷᠪᠢᠴᠢ ᠪᠠᠷ ᠰᠤᠷᠤᠯᠴᠠᠵᠤ ᠪᠠᠶᠢᠭᠰᠠᠨ ᠼᠠᠢ ᠾᠧ ᠰᠧᠨ ᠮᠠᠤ ᠽᠧ ᠳ᠋ᠦᠩ ᠳᠤ ᠪᠢᠴᠢᠭᠰᠡᠨ ᠬᠤᠶᠠᠷ | ᠵᠠᠬᠢᠳᠠᠯ ᠳᠠᠭᠠᠨ ︽ ᠳᠤᠮᠳᠠᠳᠤ ᠤᠯᠤᠰ ᠤᠨ ᠡᠪ ᠬᠠᠮᠲᠤ ᠨᠠᠮ ︾ ᠭᠡᠬᠦ ᠨᠡᠷ᠎ᠡ ᠶᠢ ᠬᠠᠮᠤᠭ ᠡᠷᠲᠡ ᠳᠤᠷᠠᠳᠤᠭᠰᠠᠨ ᠪᠥᠭᠡᠳ ︽ ᠢᠯᠡ ᠪᠠᠷ ᠳᠤᠮᠳᠠᠳᠤ ᠤᠯᠤᠰ ᠤᠨ ᠡᠪ | ᠬᠠᠮᠲᠤ ᠨᠠᠮ ᠢ ᠵᠢᠩᠬᠢᠨᠢ ᠪᠠᠷ ᠪᠠᠶᠢᠭᠤᠯᠬᠤ ︾ ᠶᠢ ᠵᠣᠷᠢᠪᠠ ᠃ ᠮᠦᠨ ᠲᠡᠷᠡ ᠦᠶᠡᠰ ᠢᠶᠠᠷ ᠂ ᠴᠧᠨ ᠳ᠋ᠦ᠋ ᠰᠢᠤ ᠱᠠᠩᠬᠠᠶ ᠳᠤ ᠂ ᠯᠢ ᠳ᠋ᠡ ᠵᠤᠤ ᠂ ᠵᠠᠩ ᠱᠧᠨ ᠹᠦ᠋ | ᠪᠡᠭᠡᠵᠢᠩ ᠳᠤ ᠪᠠᠰᠠ ᠵᠠᠬᠢᠳᠠᠯ ᠢᠶᠠᠷ ᠨᠠᠮ ᠤᠨ ᠨᠡᠷᠡᠶᠢᠳᠦᠯ ᠤᠨ ᠠᠰᠠᠭᠤᠳᠠᠯ ᠢ ᠶᠠᠷᠢᠯᠴᠠᠵᠤ ᠂ ︽ ᠡᠪ ᠬᠠᠮᠲᠤ ᠨᠠᠮ ︾ ᠢ ᠳᠤᠮᠳᠠᠳᠤ ᠤᠯᠤᠰ ᠤᠨ ᠦᠭᠡᠶᠢᠭᠦᠦ | ᠠᠩᠬᠢ ᠶᠢᠨ ᠲᠦᠷᠦ ᠶᠢᠨ ᠨᠠᠮ ᠤᠨ ᠨᠡᠷᠡᠶᠢᠳᠦᠯ ᠪᠣᠯᠭᠠᠬᠤ ᠪᠠᠷ ᠲᠣᠭᠲᠠᠪᠠ ᠃ ᠼᠠᠢ ᠾᠧ ᠰᠧᠨ ︽ ᠳᠤᠮᠳᠠᠳᠤ ᠤᠯᠤᠰ ᠤᠨ ᠡᠪ ᠬᠠᠮᠲᠤ ᠨᠠᠮ ︾ ᠭᠡᠬᠦ ᠨᠡᠷ᠎ᠡ ᠪᠠ ︽ | ᠡᠪ ᠬᠠᠮᠲᠤ ᠨᠠᠮ ᠢ ᠪᠠᠶᠢᠭᠤᠯᠬᠤ ︾ ᠵᠣᠷᠢᠯᠲᠠ ᠶᠢ ᠬᠠᠮᠤᠭ ᠡᠷᠲᠡ ᠳᠤᠷᠠᠳᠤᠭᠰᠠᠨ ᠢᠶᠠᠷ ᠪᠠᠷᠠᠬᠤ ᠦᠭᠡᠢ ᠂ ᠪᠠᠰᠠ ᠨᠠᠮ ᠤᠨ ᠰᠢᠨᠵᠢ ᠴᠢᠨᠠᠷ ᠂ ᠵᠢᠯᠣᠭᠤᠳᠬᠤ ᠦᠵᠡᠯ | ᠰᠠᠨᠠᠭ᠎ᠠ ᠵᠡᠷᠭᠡ ᠲᠠᠯ᠎ᠠ ᠪᠠᠷ ᠠᠯᠢ ᠤᠯᠠᠨ ᠠᠯᠤᠰ ᠬᠡᠳᠤ ᠶᠢᠨ ᠨᠥᠯᠥᠭᠡ ᠪᠦᠬᠦᠢ ᠵᠣᠷᠢᠯᠲᠠ ᠶᠢ ᠳᠤᠷᠠᠳᠴᠠᠢ ᠃ ᠲᠡᠭᠦᠨ ᠤ ᠦᠵᠡᠬᠦ ᠪᠠᠷ ᠄ ᠨᠢᠭᠡ ᠳᠤ ᠂ ᠡᠨᠡ ᠨᠠᠮ | ᠡᠷᠬᠡᠪᠰᠢ ᠦᠭᠡᠶᠢᠭᠦᠦ ᠠᠩᠭᠢ ᠶᠢᠨ ᠬᠤᠪᠢᠰᠬᠠᠯᠲᠤ ᠲᠦᠷᠦ ᠶᠢᠨ ᠨᠠᠮ ᠪᠠᠶᠢᠬᠤ ᠬᠡᠷᠡᠭᠲᠡᠢ ︔ ᠬᠤᠶᠠᠷ ᠲᠤ ᠂ ᠡᠨᠡ ᠨᠠᠮ ᠡᠷᠬᠡᠪᠰᠢ ᠮᠠᠷᠺᠰ ᠤᠨ ᠦᠵᠡᠯ ᠢᠶᠠᠷ | ᠵᠢᠯᠣᠭᠤᠳᠬᠤ ᠦᠵᠡᠯ ᠰᠠᠨᠠᠭ᠎ᠠ ᠪᠣᠯᠭᠠᠬᠤ ᠬᠡᠷᠡᠭᠲᠡᠢ ︔ ᠭᠤᠷᠪᠠ ᠳᠤ ᠂ ᠡᠨᠡ ᠨᠠᠮ ᠡᠷᠬᠡᠪᠰᠢ ᠲᠦᠢᠯᠪᠤᠷᠢᠲᠠᠢ ᠬᠤᠪᠢᠰᠬᠠᠯᠲᠤ ᠠᠷᠭ᠎ᠠ ᠪᠠᠷ ᠵᠠᠰᠠᠮᠵᠢᠯᠠᠬᠤ ᠦᠵᠡᠯ ᠢ | ᠡᠰᠡᠷᠭᠦᠴᠡᠬᠦ ᠬᠡᠷᠡᠭᠲᠡᠢ ︔ ᠲᠦᠷᠪᠡ ᠳᠤ ᠂ ᠡᠨᠡ ᠨᠠᠮ ᠡᠷᠬᠡᠪᠰᠢ ᠤᠯᠠᠨ ᠲᠦᠮᠡᠨ ᠲᠠᠢ ᠨᠢᠭᠲᠠ ᠬᠠᠷᠢᠯᠴᠠᠬᠤ ᠬᠡᠷᠡᠭᠲᠡᠢ ︔ ᠲᠠᠪᠤ ᠳᠤ ᠂ ᠡᠨᠡ ᠨᠠᠮ ᠳᠤ ᠵᠠᠪᠠᠯ ᠪᠠᠳᠤ | ᠴᠢᠩᠭ᠎ᠠ ᠰᠠᠬᠢᠯᠭ᠎ᠠ ᠪᠠᠲᠤ ᠲᠠᠢ ᠪᠠᠶᠢᠬᠤ ᠬᠡᠷᠡᠭᠲᠡᠢ ᠃ ᠲᠤᠬᠠᠢ ᠶᠢᠨ ᠦᠶ᠎ᠡ ᠶᠢᠨ ᠪᠡᠷᠬᠡ ᠬᠠᠲᠠᠭᠤᠵᠢᠯᠲᠠᠢ ᠣᠷᠴᠢᠨ ᠲᠣᠭᠤᠷᠢᠨ ᠳᠤ ᠂ ᠠᠯᠢ ᠤᠯᠠᠨ ᠲᠣᠭᠲᠠᠪᠤᠷᠢ | ᠦᠭᠡᠢ ᠴᠢᠨᠠᠷ ᠪᠠ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ ᠂ ᠡᠳᠡᠭᠡᠷ ᠵᠣᠷᠢᠯᠲᠠ ᠶᠢ ᠮᠥᠨ ᠯᠡ ᠲᠣᠳᠣᠷᠬᠠᠢ ᠳᠤᠷᠠᠳᠴᠤ ᠴᠢᠳᠠᠬᠤ ᠨᠢ ᠬᠢᠯᠪᠠᠷ ᠪᠤᠰᠤ ᠪᠥᠭᠡᠳ | ᠡᠷᠬᠢᠮ ᠨᠠᠨᠳᠢᠨ ᠪᠣᠯᠬᠤ ᠨᠢ ᠳᠠᠮᠵᠢᠭ ᠦᠭᠡᠢ ᠶᠤᠮ ᠃ | ᠮᠠᠤ ᠽᠧ ᠳ᠋ᠦᠩ ᠤᠨ ᠼᠠᠢ ᠾᠧ ᠰᠧᠨ ᠳᠤ ᠥᠭᠭᠦᠭᠰᠡᠨ ᠬᠠᠷᠢᠭᠤ ᠵᠠᠬᠢᠳᠠᠯ ᠳᠤ ᠲᠡᠨ ᠤ ᠦᠵᠡᠯᠲᠡ ᠮᠠᠰᠢ ᠵᠥᠪ ᠂ ᠮᠢᠨᠦ ᠬᠤᠪᠢ ᠳᠤ ᠵᠥᠪᠰᠢᠶᠡᠷᠡᠬᠦ ᠦᠭᠡᠢ | ᠦᠭᠡ ᠨᠢᠭᠡ ᠴᠦ ᠦᠭᠡᠢ ᠭᠡᠵᠡᠢ ᠃ ᠼᠠᠢ ᠾᠧ ᠰᠧᠨ ᠴᠦ ᠡᠭᠦᠨ ᠠᠴᠠ ᠬᠤᠶᠢᠰᠢᠬᠢ ᠬᠤᠪᠢᠰᠬᠠᠯ ᠤᠨ ᠠᠵᠢᠯ ᠳᠤᠮᠳᠠ ᠪᠠᠨ ᠡᠳᠡᠬᠡᠷ ᠦᠵᠡᠯ ᠰᠠᠨᠠᠭ᠎ᠠ ᠶᠢ | ᠦᠢᠯᠡᠳᠦᠯᠭᠡᠵᠢᠭᠦᠯᠵᠦ ᠂ ᠤᠷᠪᠠᠭᠴᠢ ᠳᠤ ᠬᠤᠳᠠᠯᠳᠤᠭᠳᠠᠵᠤ ᠪᠠᠭᠠᠲᠤᠷᠯᠢᠭ ᠢᠶᠠᠷ ᠪᠡᠶ᠎ᠡ ᠦᠷᠡᠭᠳᠡᠬᠦ ᠪᠣᠯᠲᠠᠯ᠎ᠠ ᠥᠴᠦᠬᠡᠨ ᠴᠦ ᠭᠤᠶᠢᠪᠢᠯᠵᠠᠭᠰᠠᠨ ᠦᠬᠡᠢ ᠪᠥᠭᠡᠳ | ᠬᠤᠪᠢᠷᠠᠭᠤᠯᠤᠭᠰᠠᠨ ᠦᠬᠡᠢ ᠶᠤᠮ ᠃ ᠡᠨᠡ ᠬᠦ ︽ ᠨᠡᠷ᠎ᠡ ᠣᠯᠤᠭᠰᠠᠨ ᠲᠡᠦᠬᠡ ︾ ᠪᠠᠷ ᠳᠠᠮᠵᠢᠭᠤᠯᠤᠨ ᠂ ᠳᠤᠮᠳᠠᠳᠤ ᠤᠯᠤᠰ ᠤᠨ ᠡᠪ ᠬᠠᠮᠲᠤ ᠨᠠᠮ ᠡᠬᠢᠯᠡᠩᠭᠦᠳᠡ ᠪᠠᠨ | ᠮᠠᠷᠺᠰ ᠤᠨ ᠦᠵᠡᠯ ᠢ ᠥᠪᠡᠷ ᠤᠨ ᠲᠤᠭ ᠳᠡᠭᠡᠷ᠎ᠡ ᠪᠠᠨ ᠪᠢᠴᠢᠵᠦ ᠂ ᠡᠪ ᠬᠠᠮᠲᠤ ᠶᠣᠰᠣ ᠶᠢ ᠪᠡᠶᠡᠯᠡᠭᠦᠯᠬᠦ ᠪᠠᠷ ᠬᠠᠮᠤᠭ ᠤᠨ ᠳᠡᠭᠡᠳᠦ ᠬᠦᠰᠡᠯᠡᠩ ᠪᠠ ᠡᠴᠦᠰ ᠤᠨ | ᠬᠠᠷᠠᠯᠲᠠ ᠪᠠᠨ ᠪᠣᠯᠭᠠᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠯᠤᠰ ᠦᠨᠳᠦᠰᠦᠲᠡᠨ ᠤ ᠲᠡᠦᠬᠡᠲᠦ ᠡᠭᠦᠷᠭᠡ | ᠪᠣᠯᠤᠨ ᠡᠪ ᠬᠠᠮᠲᠤ ᠶᠣᠰᠣᠨ ᠤ ᠳᠡᠯᠡᠬᠡᠢ ᠶᠢᠨ ᠲᠡᠦᠬᠡ ᠶᠢᠨ ᠠᠯᠤᠰ ᠬᠡᠳᠦ ᠶᠢᠨ ᠡᠭᠦᠷᠭᠡ ᠶᠢ ᠣᠷᠭᠠᠨᠢᠭ ᠢᠶᠠᠷ ᠨᠢᠭᠡᠳᠬᠡᠭᠰᠡᠨ ᠢ ᠴᠦ ᠣᠯᠵᠤ ᠮᠡᠳᠡᠵᠦ ᠪᠣᠯᠤᠨ᠎ᠠ ᠃ | ᠵᠠᠭᠤᠨ ᠵᠢᠯ ᠤᠨ ᠲᠡᠤᠭᠡ ᠶᠢᠨ ᠠᠶᠠᠨ ᠳᠤ ᠂ ᠼᠠᠢ ᠾᠧ ᠰᠧᠨ ᠵᠡᠷᠭᠡ ᠠᠬᠠᠮᠠᠳ ᠬᠤᠪᠢᠰᠬᠠᠯᠴᠢᠳ ᠤᠨ ᠲᠤᠬᠠᠢ ᠶᠢᠨ ᠵᠢᠯ ᠤᠨ ᠵᠣᠷᠢᠯᠲᠠ ᠨᠢ ᠦᠶ᠎ᠡ ᠦᠶ᠎ᠡ ᠶᠢᠨ | ᠳᠤᠮᠳᠠᠳᠤ ᠤᠯᠤᠰ ᠤᠨ ᠡᠪ ᠬᠠᠮᠲᠤᠴᠤᠳ ᠢ ᠭᠦᠨᠵᠡᠭᠡᠢ ᠨᠥᠯᠥᠭᠡᠯᠡᠵᠦ ᠂ ᠲᠡᠳᠡᠨ ᠤ ᠬᠠᠮᠲᠤ ᠪᠠᠷ ᠬᠥᠭᠡᠭᠡᠴᠡᠯᠳᠦᠬᠦ ᠬᠦᠰᠡᠯᠡᠩ ᠪᠠ ᠢᠲᠡᠭᠡᠯ ᠪᠢᠰᠢᠷᠡᠯ ᠪᠣᠯᠤᠭᠰᠠᠨ | ᠪᠠᠶᠢᠨ᠎ᠠ ᠃ | ᠳᠤᠮᠳᠠᠳᠤ ᠤᠯᠤᠰ ᠤᠨ ᠡᠪ ᠬᠠᠮᠲᠤ ᠨᠠᠮ ᠳᠤ ᠠᠪᠴᠤ ᠬᠡᠯᠡᠪᠡᠯ ᠂ ᠵᠠᠭᠤᠨ ᠵᠢᠯ ᠳᠠᠭᠤᠳᠠᠭᠳᠠᠭᠰᠠᠨ ᠨᠡᠷ᠎ᠡ ᠨᠢ ᠵᠥᠪᠬᠡᠨ ᠨᠡᠷᠡᠶᠢᠳᠦᠯ ᠲᠡᠳᠦᠢ ᠪᠢᠰᠢ ᠂ ᠨᠡᠩ ᠴᠤ | ᠡᠷᠲᠡ ᠦᠶ᠎ᠡ ᠶᠢᠨ ᠡᠪ ᠬᠠᠮᠲᠤᠴᠤᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠲᠡᠮᠳᠡᠭᠯᠡᠵᠦ ᠂ ᠠᠯᠢ ᠤᠯᠠᠨ ᠠᠭᠤᠤ ᠶᠡᠭᠡ ᠵᠣᠷᠢᠭ ᠰᠠᠨᠠᠭ᠎ᠠ ᠪᠣᠯᠤᠨ | ᠰᠢᠯᠢᠳᠡᠭ ᠤᠯᠠᠮᠵᠢᠯᠠᠯ ᠢ ᠲᠤᠰᠬᠠᠵᠤ ᠂ ᠮᠠᠷᠲᠠᠭᠳᠠᠰᠢ ᠦᠭᠡᠢ ᠲᠡᠦᠬᠡ ᠶᠢ ᠠᠴᠢᠶᠠᠯᠠᠵᠤ ᠪᠠᠶᠢᠳᠠᠭ ᠃ ᠲᠡᠭᠦᠨ ᠤ ᠬᠠᠮᠢᠭ᠎ᠠ ᠠᠴᠠ ᠨᠡᠷ᠎ᠡ ᠣᠯᠤᠭᠰᠠᠨ ᠢ ᠡᠷᠭᠢᠴᠡᠭᠦᠯᠪᠡᠯ ᠂ | ᠳᠠᠷᠤᠢ ᠲᠡᠭᠦᠨ ᠤ ᠬᠠᠮᠤᠭ ᠠᠩᠬᠠᠨ ᠤ ᠬᠠᠷᠠᠯᠲᠠ ᠪᠣᠯᠤᠨ ᠬᠦᠰᠡᠯᠡᠩ ᠢ ᠡᠷᠭᠢᠴᠡᠭᠦᠯᠵᠦ ᠂ ᠲᠡᠭᠦᠨ ᠤ ᠬᠤᠪᠢᠷᠠᠰᠢ ᠦᠭᠡᠢ ᠵᠣᠷᠢᠯᠲᠠ ᠪᠣᠯᠤᠨ ᠡᠭᠦᠷᠭᠡ | ᠬᠠᠷᠢᠭᠤᠴᠠᠯᠭ᠎ᠠ ᠶᠢ ᠪᠠᠲᠤ ᠴᠡᠭᠡᠵᠢᠯᠡᠵᠦ ᠂ ᠡᠭᠦᠨ ᠤ ᠤᠯᠠᠮ ᠢᠶᠠᠷ ᠳᠤᠮᠳᠠᠳᠤ ᠤᠯᠤᠰ ᠤᠨ ᠡᠪ ᠬᠠᠮᠲᠤᠴᠤᠳ ᠢ ᠵᠣᠷᠢᠭᠵᠢᠭᠤᠯᠤᠨ ᠲᠠᠰᠤᠷᠠᠯᠲᠠ ᠦᠭᠡᠢ | ᠤᠷᠤᠭᠰᠢᠯᠠᠭᠤᠯᠬᠤ ᠪᠣᠯᠤᠨ᠎ᠠ ᠃ | | | | | |