| ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠰᠢᠯᠢᠳᠡᠭ ᠤᠯᠠᠮᠵᠢᠯᠠᠯ ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠬᠦ ᠶᠢᠨ ᠳᠤᠰᠠᠳᠠ ᠂ 11 | ᠰᠠᠷ᠎ᠠ ᠶᠢᠨ 10 ᠤ ᠡᠳᠦᠷ ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠰᠢᠤᠸᠠᠢ ᠵᠢᠶᠠ ᠸᠠᠨ ᠪᠠᠯᠭᠠᠰᠤᠨ ᠳᠤ ᠬᠦᠷᠴᠤ ᠪᠠᠶᠢᠴᠠᠭᠠᠨ | ᠰᠤᠳᠤᠯᠤᠯᠲᠠ ᠬᠢᠭᠰᠡᠨ ᠤ ᠬᠠᠮᠲᠤ ᠠᠬᠤᠢ ᠳᠠᠯᠠᠪᠠᠢ ᠶᠢᠨ ᠠᠯᠪᠠᠯᠠᠬᠤ ᠬᠤᠷᠠᠯ ᠬᠢᠵᠦ ᠂ ᠰᠢᠤᠸᠠᠢ ᠵᠢᠶᠠ ᠸᠠᠨ ᠪᠠᠯᠭᠠᠰᠤᠨ ᠤ ᠠᠵᠢᠯ ᠢ ᠥᠷᠨᠢᠭᠦᠯᠬᠦ ᠳᠤᠮᠳᠠ | ᠲᠤᠯᠭᠠᠷᠠᠭᠰᠠᠨ ᠬᠦᠴᠢᠷᠳᠡᠯ ᠪᠠ ᠪᠣᠭᠤᠮᠢ ᠶᠢᠨ ᠠᠰᠠᠭᠤᠳᠠᠯ ᠢ ᠰᠣᠨᠣᠰᠴᠤ ᠂ ᠨᠢᠭᠡᠳ ᠨᠢᠭᠡ ᠪᠠᠷ ᠵᠠᠳᠠᠯᠤᠨ ᠰᠢᠨᠵᠢᠯᠡᠵᠦ ᠂ ᠨᠢᠭᠡᠳ ᠨᠢᠭᠡ ᠪᠠᠷ ᠬᠠᠷᠢᠭᠤ ᠥᠭᠴᠦ ᠂ | ᠲᠣᠪᠣᠶᠢᠮ᠎ᠠ ᠠᠰᠠᠭᠤᠳᠠᠯ ᠢ ᠨᠢᠭᠤᠷᠲᠠᠨ ᠵᠣᠬᠢᠴᠠᠭᠤᠯᠤᠨ ᠰᠢᠢᠳᠪᠦᠷᠢᠯᠡᠪᠡ ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ | ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠯᠦ ᠵᠠᠨ ᠴᠢᠩ ᠂ ᠵᠢᠶᠠ ᠭᠤᠸᠠᠩ ᠬᠤᠸᠠ ᠂ ᠳ᠋ᠦ᠋ ᠶᠠᠨ ᠪᠢᠨ ᠂ | ᠯᠢ ᠶᠣᠣ ᠵᠢᠶᠦ᠋ᠨ ᠂ ᠯᠢᠦ ᠢᠦᠢ ᠴᠧᠩ ᠂ ᠭᠦᠸᠧ ᠷᠦᠢ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠷ ᠂ ᠬᠤᠯᠪᠣᠭᠳᠠᠯ ᠪᠦᠬᠦᠢ | ᠨᠢᠭᠡᠴᠢ ᠶᠢᠨ ᠬᠠᠷᠢᠭᠤᠴᠠᠯᠭᠠᠲᠠᠨ ᠨᠥᠬᠦᠳ ᠣᠷᠣᠯᠴᠠᠵᠠᠢ ᠃ | | | ᠵᠢᠷᠤᠭ ᠄11 ᠰᠠᠷ᠎ᠠ ᠶᠢᠨ 10 ᠤ ᠡᠳᠦᠷ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ | ᠱᠦᠵᠢ ᠰᠤ᠋ ᠰᠢᠨ ᠶᠠ ᠪᠠᠢ ᠯᠢ ᠴᠠᠩ ᠴᠤᠸᠠᠨ ᠤ ᠮᠧᠩ ᠶᠤᠸᠠᠨ ᠰᠠᠷᠭᠠᠢ ᠴᠡᠴᠡᠭ ᠢ ᠠᠩᠬ᠎ᠠ ᠪᠣᠯᠪᠠᠰᠤᠷᠠᠭᠤᠯᠬᠤ ᠦᠢᠯᠡᠳᠪᠦᠷᠢ ᠳᠤ ᠪᠠᠶᠢᠴᠠᠭᠠᠨ ᠰᠤᠳᠤᠯᠤᠯᠲᠠ | ᠬᠢᠵᠦ ᠂ ᠪᠣᠯᠪᠠᠰᠤᠷᠠᠭᠤᠯᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠣᠶᠢᠯᠠᠭᠠᠪᠠ ᠃ ᠾᠧ ᠽᠢ ᠯᠦᠩ ᠰᠡᠭᠦᠳᠡᠷᠯᠡᠪᠡ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠮᠢᠩᠭᠠᠨ ᠮᠦ ᠶᠢᠨ ᠰᠠᠷᠭᠠᠢ ᠲᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠂ ᠵᠠᠭᠤᠨ | ᠮᠦ ᠶᠢᠨ︽ ᠡᠮᠦᠨ᠎ᠡ ᠭᠠᠵᠠᠷ ᠤᠨ ᠵᠢᠮᠢᠰ ᠢ ᠠᠷᠤ ᠭᠠᠵᠠᠷ ᠲᠠᠷᠢᠬᠤ ︾ ᠲᠦᠷᠦᠯ ᠵᠦᠢᠯ ᠤᠨ ᠰᠠᠭᠤᠷᠢᠨ ᠭᠠᠵᠠᠷ ᠂ ᠪᠠᠢ ᠯᠢ ᠴᠠᠩ ᠴᠤᠸᠠᠨ ᠤ ᠮᠧᠩ ᠶᠤᠸᠠᠨ ᠰᠠᠷᠭᠠᠢ | ᠴᠡᠴᠡᠭ ᠢ ᠠᠩᠬ᠎ᠠ ᠪᠣᠯᠪᠠᠰᠤᠷᠠᠭᠤᠯᠬᠤ ᠦᠢᠯᠡᠳᠪᠦᠷᠢ ᠳᠤ ᠬᠦᠷᠴᠦ ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠦᠢᠯᠡᠳᠪᠦᠷᠢ ᠶᠢᠨ ᠠᠵᠢᠯᠯᠠᠭᠠᠨ ᠤ | ᠪᠠᠶᠢᠳᠠᠯ ᠢ ᠪᠠᠶᠢᠴᠠᠭᠠᠨ ᠰᠤᠳᠤᠯᠵᠤ ᠂ ᠪᠠᠷᠠᠭᠤᠨ ᠬᠠᠲᠠᠢ ᠲᠣᠰᠬᠤᠨ ᠤ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠠᠢ᠃ | | | ᠵᠢᠷᠤᠭ ᠄11 ᠰᠠᠷ᠎ᠠ ᠶᠢᠨ 10 ᠤ ᠡᠳᠦᠷ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ | ᠱᠦᠵᠢ ᠰᠤ᠋ ᠰᠢᠨ ᠶᠠ ᠵᠠᠭᠤᠨ ᠮᠦ ᠶᠢᠨ︽ ᠡᠮᠦᠨ᠎ᠡ ᠭᠠᠵᠠᠷ ᠤᠨ ᠵᠢᠮᠢᠰ ᠢ ᠠᠷᠤ ᠭᠠᠵᠠᠷ ᠲᠠᠷᠢᠬᠤ ︾ ᠲᠥᠷᠥᠯ ᠵᠦᠢᠯ ᠤᠨ ᠰᠠᠭᠤᠷᠢᠨ ᠭᠠᠵᠠᠷ ᠲᠤ ᠪᠠᠶᠢᠴᠠᠭᠠᠨ | ᠰᠤᠳᠤᠯᠤᠯᠲᠠ ᠬᠢᠵᠦ ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠢ ᠣᠶᠢᠯᠠᠭᠠᠪᠠ ᠃ ᠾᠧ ᠽᠢ ᠯᠦᠩ ᠰᠡᠭᠦᠳᠡᠷᠯᠡᠪᠡ | ᠬᠤᠷᠠᠯ ᠳᠡᠭᠡᠷ᠎ᠡ ᠂ ᠰᠢᠤᠸᠠᠢ ᠵᠢᠶᠠ ᠸᠠᠨ ᠪᠠᠯᠭᠠᠰᠤ ᠠᠴᠠ ᠬᠤᠰᠢᠭᠤᠨ ᠤ ᠲᠠᠰ ᠤᠨ ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠤᠴᠢᠷ ᠶᠠᠪᠤᠳᠠᠯ ᠢ ᠳᠤᠷᠠᠳᠴᠤ ᠂ | ᠪᠠᠷᠠᠭᠤᠨ ᠬᠠᠲᠠᠢ ᠲᠣᠰᠬᠤᠨ ᠤ ᠬᠢᠨ ᠪᠣᠳᠠᠲᠠᠢ ᠱᠠᠭᠠᠷᠳᠠᠯᠭ᠎ᠠ ᠳᠤᠷᠠᠳᠴᠤ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ | ᠣᠷᠳᠣᠨ ᠤ ᠬᠤᠰᠢᠭᠤᠨ ᠤ ᠳᠡᠳ᠋ ᠳᠠᠷᠤᠭ᠎ᠠ ᠳ᠋ᠦ᠋ ᠶᠠᠨ ᠪᠢᠨ ᠨᠢᠭᠡᠳ ᠨᠢᠭᠡ ᠪᠠᠷ ᠬᠠᠷᠢᠭᠤᠯᠲᠠ ᠥᠭᠴᠡᠢ ᠃ | | | ᠵᠢᠷᠤᠭ ᠄ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠰᠢᠯᠢᠳᠡᠭ ᠤᠯᠠᠮᠵᠢᠯᠠᠯ ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠬᠦ ᠶᠢᠨ ᠳᠤᠰᠠᠳᠠ ᠂ | 11 ᠰᠠᠷ᠎ᠠ ᠶᠢᠨ 10 ᠤ ᠡᠳᠦᠷ ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠰᠢᠤᠸᠠᠢ ᠵᠢᠶᠠ ᠸᠠᠨ ᠪᠠᠯᠭᠠᠰᠤᠨ ᠳᠤ ᠬᠦᠷᠴᠦ ᠪᠠᠶᠢᠴᠠᠭᠠᠨ | ᠰᠤᠳᠤᠯᠤᠯᠲᠠ ᠬᠢᠭᠰᠡᠨ ᠤ ᠬᠠᠮᠳᠤ ᠠᠬᠤᠢ ᠲᠠᠯᠠᠪᠠᠶ ᠶᠢᠨ ᠠᠯᠪᠠᠯᠠᠬᠤ ᠬᠤᠷᠠᠯ ᠬᠢᠪᠡ ᠃ ᠾᠧ ᠽᠢ ᠯᠦᠩ ᠰᠡᠭᠦᠳᠡᠷᠯᠡᠪᠡ | ᠰᠤ᠋ ᠰᠢᠨ ᠶᠠ ᠬᠡᠯᠡᠬᠦ ᠳᠡᠭᠡᠨ ᠂ ᠰᠢᠤᠸᠠᠢ ᠵᠢᠶᠠ ᠸᠠᠨ ᠪᠠᠯᠭᠠᠰᠤ ᠪᠣᠯ ᠪᠥᠬᠦ ᠬᠤᠰᠢᠭᠤᠨ ᠤ ᠨᠡᠯᠢᠶᠡᠳ ᠨᠡᠶᠢᠲᠡᠯᠢᠭ ᠲᠣᠮᠣ ᠪᠠᠯᠭᠠᠰᠤ ᠂ ᠬᠦᠴᠦᠷᠬᠡᠭ ᠪᠠᠯᠭᠠᠰᠤ ᠂ | ᠶᠡᠷᠦᠩᠬᠡᠶᠢᠯᠡᠭᠰᠡᠨ ᠬᠡᠯᠪᠡᠷᠢ ᠶᠢᠨ ᠪᠠᠯᠭᠠᠰᠤ ᠮᠥᠨ ᠂ ᠡᠬᠢ ᠪᠠᠶᠠᠯᠢᠭ ᠡᠯᠪᠡᠭ ᠳᠡᠯᠪᠡᠭ ᠂ ᠣᠷᠣᠨ ᠪᠠᠶᠢᠷᠢ ᠣᠨᠴᠠᠭᠠᠶ ᠪᠠᠶᠢᠳᠠᠭ ᠪᠣᠯᠬᠤᠷ ᠡᠷᠬᠡᠪᠰᠢ ᠪᠥᠬᠦ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠰᠠᠶᠢᠨ ᠥᠯᠢᠭᠡᠷ ᠵᠢᠱᠢᠶ᠎ᠡ ᠪᠣᠯᠬᠤ ᠬᠡᠷᠡᠭᠲᠡᠢ ᠃ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠲᠦᠷᠭᠡᠨ | ᠣᠨᠣᠪᠴᠢᠲᠠᠢ ᠣᠯᠬᠤ ᠬᠡᠷᠡᠭᠲᠡᠢ ᠃ ᠣᠳᠣᠬᠠᠨ ᠤ ᠪᠠ ᠠᠯᠤᠰ ᠬᠡᠲᠦ ᠲᠠᠢ ᠤᠶᠠᠯᠳᠤᠭᠤᠯᠤᠨ ᠂ ᠪᠣᠳᠠᠲᠤ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ ᠂ | ᠢᠮᠠᠭᠲᠠ ᠰᠢᠤᠸᠠᠢ ᠵᠢᠶᠠ ᠸᠠᠨ ᠤ ᠭᠤᠣᠯ ᠬᠤᠲᠠ ᠶᠢᠨ ᠲᠣᠭᠤᠷᠢᠭ ᠤᠨ ᠬᠥᠭᠵᠢᠯᠲᠡ ᠯᠦᠭᠡ ᠵᠣᠯᠭᠠᠯᠳᠤᠭᠤᠯᠬᠤ ᠪᠠ ᠭᠤᠣᠯ ᠬᠤᠲᠠ ᠶᠢᠨ ᠲᠣᠭᠤᠷᠢᠭ ᠤᠨ ᠤᠶᠢᠷ᠎ᠠ | ᠬᠠᠪᠢ ᠶᠢᠨ ᠠᠷᠠᠳ ᠤᠯᠠᠨ ᠤ ᠬᠥᠭᠵᠢᠯᠲᠡ ᠶᠢ ᠰᠢᠢᠳᠪᠦᠷᠢᠯᠡᠬᠦ ᠠᠰᠠᠭᠤᠳᠠᠯ ᠤᠨ ᠲᠣᠭᠤᠷᠢᠨ ᠳᠤ ᠂ ᠲᠤᠰᠬᠠᠢ ᠮᠡᠷᠭᠡᠵᠢᠯᠲᠡᠨ ᠂ ᠤᠳᠤᠷᠢᠳᠤᠯᠭ᠎ᠠ ᠂ ᠣᠯᠠᠨ ᠲᠦᠮᠡᠨ ᠤ | ᠰᠠᠨᠠᠯ ᠢ ᠥᠷᠭᠡᠨ ᠢᠶᠠᠷ ᠬᠤᠷᠢᠶᠠᠵᠤ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠲᠥᠯᠦᠪᠵᠢᠭᠦᠯᠭᠡ ᠶᠢ ᠲᠦᠷᠭᠡᠳᠬᠡᠨ ᠲᠡᠭᠦᠯᠳᠡᠷᠵᠢᠭᠦᠯᠵᠦ ᠂ ᠡᠯ᠎ᠡ | ᠲᠥᠷᠥᠯ ᠤᠨ ᠠᠵᠤ ᠦᠢᠯᠡᠰ ᠤᠨ ᠲᠣᠮᠣ ᠮᠥᠷᠲᠡᠭᠡᠨ ᠰᠢᠯᠢᠳᠡᠭ ᠴᠢᠭᠯᠡᠯ ᠳᠡᠶᠢᠰᠢ ᠬᠥᠭᠵᠢᠬᠦ ᠶᠢ ᠬᠥᠲᠥᠯᠥᠨ ᠳᠠᠭᠠᠭᠤᠯᠬᠤ ᠭᠡᠷᠡᠭᠳᠡᠢ ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠳᠡᠢ ᠃ ᠬᠡᠪᠴᠢᠶᠡᠵᠢᠭᠦᠯᠦᠭᠰᠡᠨ ᠲᠡᠵᠢᠭᠡᠪᠤᠷᠢ ᠪᠠ ᠣᠨᠴᠠᠯᠢᠭᠲᠤ | ᠲᠠᠷᠢᠮᠠᠯ ᠢ ᠡᠷᠡᠰ ᠭᠤᠶᠢᠪᠢᠰᠢ ᠦᠭᠡᠢ ᠪᠠᠷ ᠬᠥᠭᠵᠢᠭᠦᠯᠵᠦ ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠂ ᠲᠣᠯᠣᠭᠠᠶᠢᠯᠠᠬᠴᠢ ᠠᠵᠤ ᠠᠬᠤᠶᠢᠯᠠᠯ ᠢᠶᠠᠷ | ᠳᠠᠶᠢᠴᠢᠯᠠᠬᠤ ᠂ ᠨᠡᠷᠡᠲᠦ ᠲᠡᠮᠳᠡᠭᠲᠦ ᠪᠠᠷ ᠬᠥᠲᠥᠯᠥᠨ ᠳᠠᠭᠠᠭᠤᠯᠬᠤ ᠂ ᠲᠠᠷᠢᠶᠠᠴᠢᠳ ᠣᠷᠣᠯᠴᠠᠬᠤ ᠶᠢ ᠪᠠᠷᠢᠮᠲᠠᠯᠠᠵᠤ ᠂ ᠠᠵᠤ ᠠᠬᠤᠢ ᠶᠢᠨ ᠦᠷ᠎ᠡ ᠠᠰᠢᠭ ᠲᠠᠢ | ᠨᠡᠶᠢᠴᠡᠭᠰᠡᠨ ᠤᠷᠢᠲᠠᠯ ᠳᠡᠭᠡᠷ᠎ᠡ᠂ ᠠᠵᠤ ᠦᠢᠯᠡᠰ ᠤᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ ᠂ ᠰᠢᠨ᠎ᠡ ᠳᠦᠷᠤᠯ ᠤᠨ ᠲᠠᠷᠢᠮᠠᠯ ᠢ ᠲᠤᠷᠰᠢᠵᠤ ᠂ | ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢᠨ ᠳᠡᠰ ᠳᠡᠪᠰᠢᠬᠦ ᠵᠢᠠᠬᠢᠭᠤᠯᠵᠤ ᠂ ᠪᠣᠬᠢᠷᠲᠤᠯ ᠦᠭᠡᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ | ᠰᠠᠭᠤᠷᠢᠨ ᠭᠠᠵᠠᠷ ᠢ ᠡᠬᠦᠳᠬᠦ ᠭᠡᠷᠡᠭᠳᠡᠢ᠃ | ᠣᠷᠣᠨ ᠪᠠᠶᠢᠷᠢ ᠶᠢᠨ ᠣᠨᠴᠠᠯᠢᠭ ᠲᠠᠭᠠᠨ ᠰᠠᠭᠤᠷᠢᠯᠠᠵᠤ ᠂ ᠰᠣᠶᠣᠯ ᠵᠤᠭᠠᠴᠠᠯ ᠤᠨ ᠠᠵᠤ ᠠᠬᠤᠢ᠂ ᠬᠤᠳᠠ ᠶᠢᠨ ᠲᠡᠬᠦᠷᠭᠡ ᠶᠢᠨ ᠠᠵᠤ ᠠᠬᠤᠢ ᠶᠢ ᠶᠡᠬᠡᠪᠡᠷ | ᠬᠥᠭᠵᠢᠭᠦᠯᠵᠦ ᠂ ᠰᠢᠨ᠎ᠡ ᠮᠠᠶ᠋ᠢᠭ ᠤᠨ ᠰᠣᠶᠣᠯ ᠵᠤᠭᠠᠴᠠᠯ ᠤᠨ ᠵᠤᠭᠠᠴᠠᠯ ᠡᠷᠡᠭᠦᠯᠵᠢᠯ ᠰᠤᠪᠢᠯᠠᠯᠲᠠ ᠰᠡᠯᠡᠭᠦᠴᠡᠯ ᠤᠨ ᠲᠥᠪ ᠢ ᠲᠦᠷᠭᠡᠨ ᠪᠠᠶᠢᠭᠤᠯᠬᠤ ᠬᠡᠷᠡᠭᠲᠡᠢ᠃ | ︽ᠰᠢᠨ᠎ᠡ ᠡᠨᠧᠷᠭᠢ +︾ ᠠᠵᠤ ᠦᠢᠯᠡᠰ ᠢ ᠬᠥᠭᠵᠢᠭᠦᠯᠬᠦ ᠶᠢ ᠰᠦᠪᠡᠭᠴᠢᠯᠡᠵᠦ ᠂ ᠤᠷᠢᠳᠴᠢᠯᠠᠨ ᠲᠥᠯᠥᠪᠵᠢᠭᠦᠯᠤᠨ ᠂ ᠤᠷᠢᠳᠴᠢᠯᠠᠨ ᠪᠠᠶᠢᠷᠢᠯᠠᠭᠤᠯᠵᠤ ᠂ ᠪᠠᠢ ᠯᠢ | ᠴᠠᠩ ᠴᠤᠸᠠᠨ ᠢ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ | ᠤᠰᠤ ᠂ ᠴᠠᠬᠢᠯᠭᠠᠨ᠂ ᠵᠠᠮ᠂ ᠦᠶᠡᠷ ᠵᠠᠯᠠᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠡᠮᠬᠢ ᠳᠢᠭᠯᠢᠮ ᠲᠠᠢ ᠪᠠᠷ | ᠠᠬᠢᠭᠤᠯᠵᠤ ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠡᠬᠢ ᠪᠠᠶᠠᠯᠢᠭ ᠢ ᠠᠷᠪᠢᠯᠠᠨ ᠭᠠᠮᠨᠠᠬᠤ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ | ᠠᠭᠤᠷᠬᠠᠢ ᠶᠢᠨ ᠣᠷᠣᠨ ᠤ ᠠᠮᠢ ᠠᠬᠤᠢ ᠶᠢᠨ ᠵᠠᠰᠠᠯᠲᠠ ᠶᠢ ᠦᠨᠡᠨ ᠪᠣᠳᠠᠲᠠᠢ ᠠᠳᠬᠤᠵᠤ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ | ᠥᠨᠳᠥᠷ ᠪᠠᠷᠢᠮᠵᠢᠶ᠎ᠠ ᠪᠠᠷ ᠠᠬᠢᠭᠤᠯᠤᠨ ᠂ ᠰᠢᠤᠸᠠᠢ ᠵᠢᠶᠠ ᠸᠠᠨ ᠪᠠᠯᠭᠠᠰᠤ ᠶᠢ ᠣᠷᠴᠢᠨ ᠲᠣᠭᠤᠷᠢᠨ ᠭᠤᠶᠤ ᠰᠠᠶᠢᠬᠠᠨ᠂ ᠤᠢ ᠮᠣᠳᠣ ᠬᠥᠬᠡᠷᠡᠨ ᠨᠣᠭᠤᠭᠠᠷᠠᠬᠰᠠᠨ ᠂ | ᠴᠡᠴᠡᠭ ᠬᠤᠸᠠᠷ ᠮᠢᠷᠠᠯᠵᠠᠨ ᠳᠡᠯᠭᠡᠷᠡᠭᠰᠡᠨ ᠂ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ ᠪᠣᠯᠭᠠᠨ ᠪᠦᠲᠦᠭᠡᠨ ᠪᠠᠶᠢᠭᠤᠯᠬᠤ ᠪᠠᠷ | ᠴᠢᠷᠮᠠᠶᠢᠬᠤ ᠬᠡᠷᠡᠭᠲᠡᠢ᠃ | ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠭᠡᠷ | ᠹᠷᠣᠨᠲ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ ᠂ ᠲᠣᠰᠬᠤᠨ ᠤ ᠨᠠᠮ ᠤᠨ ᠡᠭᠦᠷ ᠪᠣᠯᠣᠨ︽ᠬᠤᠶᠠᠷ ᠵᠥᠪᠯᠡᠯ︾ ᠤᠨ ᠪᠠᠭ ᠲᠤ ᠰᠢᠯᠢᠳᠡᠭ ᠢ ᠨᠢ | ᠰᠣᠩᠭᠤᠨ ᠲᠣᠬᠢᠷᠠᠭᠤᠯᠵᠤ ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠬᠦ ᠪᠠᠷ ᠭᠠᠷᠳᠠᠴᠠ ᠪᠣᠯᠭᠠᠨ ᠂ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠬᠤ ᠪᠠᠷ ᠵᠣᠭᠰᠣᠴᠠ ᠪᠣᠯᠭᠠᠵᠤ ᠂ ᠨᠡᠩ ᠤᠯᠠᠨ ᠦᠷᠭᠦᠯᠵᠢᠯᠡᠭᠰᠡᠨ ᠂ ᠬᠠᠮᠲᠤ ᠪᠠᠷ ᠠᠰᠢᠭ ᠬᠦᠷᠳᠡᠬᠦ ᠠᠵᠤ ᠠᠬᠤᠶᠢᠯᠠᠯ ᠪᠠ ᠭᠠᠵᠠᠷ ᠣᠷᠣᠨ | ᠬᠠᠮᠲᠤ ᠪᠠᠷ ᠪᠠᠶᠢᠭᠤᠯᠬᠤ ᠲᠦᠷᠦᠯ ᠵᠦᠢᠯ ᠢ ᠨᠤᠳᠤᠬᠰᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ ᠂ ᠲᠣᠰᠬᠤᠨ ᠤ ᠬᠠᠮᠲᠤ ᠶᠢᠨ ᠠᠵᠤ ᠠᠬᠤᠢ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠲᠠᠷᠢᠶᠠᠴᠢᠳ ᠬᠢᠬᠦ ᠠᠵᠢᠯ ᠲᠠᠢ᠂ ᠣᠯᠬᠤ ᠵᠣᠭᠤᠰ ᠲᠠᠢ ᠪᠠᠶᠢᠬᠤ ᠶᠢ ᠪᠠᠲᠤᠯᠠᠵᠤ ᠂ ᠵᠥᠷᠢᠴᠡᠯ ᠵᠢᠭᠤᠷᠠᠯᠳᠤᠭᠠᠨ ᠢ ᠤᠭ | ᠦᠨᠳᠦᠰᠤᠨ ᠠᠴᠠ ᠨᠢ ᠰᠢᠢᠳᠪᠦᠷᠢᠯᠡᠬᠦ ᠭᠡᠷᠡᠭᠳᠡᠢ ᠃ | ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠰᠢᠯᠢᠳᠡᠭ ᠤᠯᠠᠮᠵᠢᠯᠠᠯ ᠢ ᠭᠦᠨᠵᠡᠭᠡᠢ | ᠦᠢᠯᠡᠳᠦᠯᠭᠡᠵᠢᠭᠦᠯᠵᠦ ᠂ ᠦᠨᠳᠦᠰᠦᠨ ᠱᠠᠲᠤᠨ ᠳᠤ ᠬᠦᠷᠴᠦ ᠂ ᠣᠯᠠᠨ ᠲᠦᠮᠡᠨ ᠤ ᠳᠡᠷᠭᠡᠳᠡ ᠬᠦᠷᠴᠦ ᠠᠰᠠᠭᠤᠳᠠᠯ ᠢ ᠡᠷᠢᠵᠦ ᠂ ᠠᠰᠠᠭᠤᠳᠠᠯ ᠢ ᠰᠢᠢᠳᠪᠦᠷᠢᠯᠡᠨ ᠂ ︽ | ᠪᠣᠳᠠᠲᠠᠢ ᠪᠠᠶᠢᠬᠤ ︾ ᠤᠳᠤᠷᠢᠳᠤᠮᠵᠢ ᠶᠢ ᠭᠤᠣᠯ ᠰᠡᠳᠦᠪᠲᠦ ᠬᠥᠮᠦᠵᠢᠯ ᠤᠨ ᠪᠥᠬᠦ ᠶᠠᠪᠤᠴᠠ ᠳᠤ ᠳᠤᠭᠤᠰᠢᠯᠠᠭᠤᠯᠵᠤ ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ | ᠣᠯᠠᠨ ᠲᠦᠮᠡᠨ ᠳᠤ ᠪᠣᠳᠠᠲᠠᠢ ᠠᠵᠢᠯ ᠬᠢᠵᠦ ᠂ ᠠᠷᠠᠳ ᠤᠨ ᠵᠣᠪᠠᠨᠢᠯ ᠢ ᠰᠢᠢᠳᠪᠦᠷᠢᠯᠡᠵᠦ ᠥᠭᠬᠦ ᠬᠡᠷᠡᠭᠲᠡᠢ ᠃ ᠠᠰᠠᠭᠤᠳᠠᠯ ᠢ ᠰᠢᠢᠳᠪᠦᠷᠢᠯᠡᠬᠦ ᠶᠢᠨ ᠡᠮᠦᠨ᠎ᠡ ᠬᠤᠶᠢᠨᠠᠬᠢ | ᠬᠤᠪᠢᠷᠠᠯᠲᠠ ᠶᠢ ᠥᠷᠭᠡᠨ ᠢᠶᠠᠷ ᠤᠬᠠᠭᠤᠯᠵᠤ ᠂ ᠪᠥᠬᠦ ᠬᠤᠰᠢᠭᠤᠨ ᠤ ᠬᠡᠪᠴᠢᠶᠡᠨ ᠳᠤ ᠠᠳᠠᠯᠢᠳᠬᠠᠬᠤ ᠰᠤᠷᠤᠯᠴᠠᠬᠤ ᠨᠡᠭᠡᠨ ᠳᠠᠪᠠᠭ᠋ᠤ ᠠᠭᠤᠷ ᠠᠮᠢᠰᠬᠤᠯ ᠢ ᠪᠣᠶ | ᠪᠣᠯᠭᠠᠵᠤ ᠂ ᠭᠤᠣᠯ ᠰᠡᠳᠦᠪᠲᠦ ᠬᠥᠮᠦᠵᠢᠯ ᠤᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ ᠃ | | | |