| ᠸᠠᠭᠠᠷ ᠱᠠᠭᠠᠵᠠᠩᠨᠢ ᠰᠣᠶᠣᠯ ᠲᠠᠢ ᠤᠴᠠᠷᠠᠭᠠᠳ ᠶᠠᠮᠠᠷ ᠶᠠᠩᠵᠤ ᠶᠢᠨ ᠣᠴᠢ ᠭᠠᠷᠳᠠᠬ ᠪᠤᠯ ︖ ᠸᠠᠭᠠᠷ ᠱᠠᠭᠠᠵᠠᠩ ᠤᠨ ᠵᠢᠵᠢᠭ ᠪᠠᠯᠭᠠᠰᠤ ᠪᠤᠯᠬᠤ ᠵᠡᠭᠦᠨᠭᠠᠷ | ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠂ ᠬᠥᠮᠥᠨ ᠢ ᠰᠣᠴᠢᠭᠠᠮ᠎ᠠ ᠪᠤᠯᠠᠭᠳᠠᠴᠠ ᠲᠠᠢ ᠭᠤᠣᠯᠢᠩ ᠰᠢᠷᠣᠢ ᠶᠢᠨ ᠡᠬᠢ ᠪᠠᠶᠠᠯᠢᠭ ᠲᠠᠬᠢᠨ ᠠᠮᠢᠯᠠᠵᠤ ᠂ 88 | ᠵᠦᠢᠯ ᠤᠨ ᠭᠠᠷ ᠤᠷᠠᠯᠠᠯ ᠤᠨ ᠨᠠᠷᠢᠨ ᠨᠢᠮᠪᠠᠢ ᠪᠤᠯᠪᠠᠰᠤᠷᠠᠭᠤᠯᠤᠯᠳᠠ ᠪᠠᠷ ᠲᠠᠮᠵᠢᠭᠠᠳ ᠰᠣᠶᠣᠯ ᠲᠠᠢ ᠠᠭᠤᠰᠤᠯᠴᠠᠭᠰᠠᠨ ᠨᠠᠷᠢᠯᠢᠭ ᠰᠠᠶᠢᠬᠠᠨ ᠪᠡᠯᠡᠭ ᠤᠨ ᠱᠠᠭᠠᠵᠠᠩ | ᠪᠣᠯᠤᠭᠰᠠᠨ ᠪᠠᠶᠢᠨ᠎ᠠ᠃ | ᠣᠷᠳᠣᠰ ᠬᠤᠲᠠ ᠶᠢᠨ ᠭᠦᠸᠧ ᠯᠢ ᠸᠠᠭᠠᠷ ᠱᠠᠭᠠᠵᠠᠩ ᠤᠨ ᠬᠢᠵᠠᠭᠠᠷᠲᠤ ᠺᠣᠮᠫᠠᠨᠢ ᠪᠣᠯ ᠸᠠᠭᠠᠷ ᠱᠠᠭᠠᠵᠠᠩ ᠤᠨ ᠵᠢᠵᠢᠭ ᠪᠠᠯᠭᠠᠰᠤ ᠪᠤᠯᠬᠤ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠳᠤ ᠨᠤᠲᠤᠭᠰᠢᠭᠰᠠᠨ ᠠᠩᠬᠠᠳᠠᠭᠴᠢ ᠸᠠᠭᠠᠷ ᠱᠠᠭᠠᠵᠠᠩ ᠤᠨ ᠠᠵᠤ ᠠᠬᠤᠶᠢᠯᠠᠯ ᠪᠣᠯᠣᠨ᠎ᠠ ᠂ ᠺᠣᠮᠫᠠᠨᠢ ᠶᠢᠨ ᠦᠢᠯᠡᠳᠪᠦᠷᠢᠯᠡᠯ ᠤᠨ | ᠲᠠᠰᠤᠭ ᠲᠤ ᠂ ᠭᠤᠣᠯᠢᠩ ᠰᠢᠷᠣᠢ ᠶᠢᠨ ᠲᠦᠭᠦᠬᠡᠢ ᠮᠠᠲ᠋ᠧᠷᠢᠶᠠᠯ ᠨᠢ ᠬᠡᠪ ᠬᠢᠬᠦ ᠂ ᠨᠠᠭᠠᠬᠤ ᠂ ᠰᠢᠯ ᠪᠤᠳᠤᠭ ᠣᠷᠣᠭᠤᠯᠬᠤ ᠂ ᠤᠯᠠᠶᠢᠰᠬᠠᠬᠤ ᠂ ᠬᠡᠪᠰᠢᠭᠦᠯᠬᠦ ᠵᠡᠷᠭᠡ | ᠨᠠᠷᠢᠯᠢᠭ ᠭᠠᠷ ᠤᠷᠠᠯᠠᠯ ᠤᠨ ᠶᠠᠪᠤᠴᠠ ᠪᠠᠷ ᠳᠡᠮᠵᠢᠨ ᠂ ᠬᠠᠷ᠎ᠠ ᠰᠢᠯ ᠪᠤᠳᠤᠭ ᠂ ᠬᠥᠬᠡ ᠰᠢᠯ ᠪᠤᠳᠤᠭ ᠂ ᠴᠠᠭᠠᠨ ᠰᠢᠯ ᠪᠤᠳᠤᠭ ᠵᠡᠷᠭᠡ ᠶᠠᠩᠵᠤ ᠪᠦᠷᠢ ᠶᠢᠨ ᠴᠣᠮᠣ ᠶᠢᠨ | ᠦᠢᠯᠡᠳᠬᠦᠨ ᠪᠣᠯᠳᠠᠭ ᠪᠠᠶᠢᠨ᠎ᠠ ᠃ ᠨᠢᠭᠡ ᠲᠣᠮᠣ ᠴᠣᠮᠣ ᠶᠢᠨ ᠳᠣᠲᠣᠷ᠎ᠠ ᠨᠢ ᠳᠥᠷᠪᠡᠨ ᠨᠠᠷᠢᠯᠢᠭ ᠵᠢᠵᠢᠭ ᠴᠣᠮᠣ ᠲᠠᠢ ᠂ ᠴᠣᠮᠣ ᠶᠢᠨ ᠳᠡᠭᠡᠷ᠎ᠡ ᠨᠢ ᠶᠢᠰᠦᠨ ᠥᠩᠭᠡᠲᠦ | ᠪᠤᠭᠤ ᠂ ᠬᠥᠬᠡ ᠲᠣᠭᠤᠰ ᠵᠢᠴᠢ ᠠᠷᠪᠠᠨ ᠬᠤᠶᠠᠷ ᠵᠢᠯ ᠵᠡᠷᠭᠡ ᠤᠯᠠᠮᠵᠢᠯᠠᠯᠲᠤ ᠰᠣᠶᠣᠯ ᠤᠨ ᠡᠯᠧᠮᠧᠨ᠋ᠲ ᠲᠠᠢ ᠂ ᠲᠡᠭᠦᠨ ᠳᠤ ᠰᠣᠶᠣᠯ ᠤᠨ ᠰᠢᠨ᠎ᠡ ᠡᠭᠦᠳᠦᠯᠲᠡ ᠶᠢᠨ | ᠠᠭᠤᠯᠭ᠎ᠠ ᠪᠢᠯᠬᠠᠮ᠎ᠠ ᠪᠠᠶᠢᠳᠠᠭ ᠃ | | ᠵᠢᠷᠤᠭ ᠄ ᠣᠷᠳᠣᠰ ᠬᠤᠳᠠ ᠶᠢᠨ ᠭᠦᠸᠧ ᠯᠢ ᠸᠠᠭᠠᠷ ᠱᠠᠭᠠᠵᠠᠩ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠠᠵᠢᠯᠴᠢᠳ ᠶᠠᠭ ᠰᠠᠶᠢᠬᠠᠨ | ᠴᠤᠮᠤ ᠶᠢ ᠦᠢᠯᠡᠳᠪᠤᠷᠢᠯᠡᠵᠤ ᠪᠤᠢ ᠃ ᠸᠠᠩ ᠯᠢ ᠮᠠᠨ ᠰᠡᠭᠦᠳᠡᠷᠯᠡᠪᠡ | ︽ᠶᠢᠰᠦᠨ ᠥᠩᠭᠡᠲᠦ ᠪᠤᠭᠤ ᠪᠣᠯ ᠮᠠᠨ ᠤ ᠬᠠᠮᠤᠭ ᠤᠨ ᠬᠦᠷᠢᠶᠡᠯᠡᠯ ᠲᠠᠢ ᠪᠦᠲᠦᠭᠡᠭᠳᠡᠬᠦᠨ ᠤ ᠨᠢᠭᠡ ᠪᠣᠯᠣᠨ᠎ᠠ᠂ ᠳ᠋ᠦᠨᠬᠤᠸᠠᠩ ᠤᠨ ᠬᠠᠨ᠎ᠠ ᠶᠢᠨ ᠵᠢᠷᠤᠭ ᠲᠠᠬᠢ | ᠥᠩᠭᠡᠲᠦ ᠪᠤᠭᠤ ᠪᠣᠯᠣᠨ᠎ᠠ᠂ ᠲᠡᠭᠦᠨ ᠤ ᠪᠡᠶ᠎ᠡ ᠳᠤ ᠶᠢᠰᠦᠨ ᠵᠦᠢᠯ ᠤᠨ ᠥᠩᠭᠡ ᠲᠠᠢ ᠂ ᠲᠡᠷᠡ ᠨᠢ ᠵᠣᠯ ᠵᠢᠷᠭᠠᠯ ᠲᠠᠢ ᠠᠮᠤᠷ ᠠᠮᠤᠭᠤᠯᠠᠩ ᠥᠯᠵᠡᠢ ᠪᠡᠯᠭᠡ ᠲᠠᠢ | ᠪᠠᠶᠢᠬᠤ ᠶᠢ ᠪᠡᠯᠭᠡᠳᠡᠵᠦ ᠂ ᠭᠠᠳᠠᠭᠰᠢ ᠭᠠᠷᠴᠤ ᠵᠤᠭᠠᠴᠠᠬᠤ ᠂ ᠭᠠᠳᠠᠭᠰᠢ ᠭᠠᠷᠬᠤ ᠳᠤ ᠪᠦᠷ ᠠᠪᠴᠤ ᠶᠠᠪᠤᠵᠤ ᠪᠣᠯᠣᠨ᠎ᠠ︾ ᠭᠡᠵᠦ ᠣᠷᠳᠣᠰ ᠬᠤᠳᠠ ᠶᠢᠨ ᠭᠦᠸᠧ ᠯᠢ | ᠸᠠᠭᠠᠷ ᠱᠠᠭᠠᠵᠠᠩ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠦ᠋ ᠦ᠋ ᠰᠦᠩ ᠲᠠᠨᠢᠯᠴᠠᠭᠤᠯᠤᠨ᠎ᠠ᠃ | | ᠵᠢᠷᠤᠭ ᠄ ᠭᠦᠸᠧ ᠯᠢ ᠸᠠᠭᠠᠷ ᠱᠠᠭᠠᠵᠠᠩ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠴᠤᠮᠤ ᠶᠢᠨ ᠰᠣᠶᠣᠯ ᠵᠤᠭᠠᠴᠠᠯ ᠤᠨ ᠦᠢᠯᠡᠳᠬᠦᠨ ᠨᠢ ᠤᠯᠤᠰ ᠤᠨ | ᠳᠣᠲᠣᠭᠠᠳᠤ ᠶᠢᠨ ᠵᠠᠬ᠎ᠠ ᠳᠡᠯᠭᠡᠭᠦᠷ ᠲᠤ ᠪᠣᠷᠤᠯᠠᠭᠤᠯᠭ᠎ᠠ ᠰᠠᠶᠢᠲᠠᠢ ᠪᠠᠶᠢᠨ᠎ᠠ᠃ ᠸᠠᠩ ᠯᠢ ᠮᠠᠨ ᠰᠡᠭᠦᠳᠡᠷᠯᠡᠪᠡ | 2008 ᠣᠨ ᠳᠤ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠨᠤᠳᠤᠬᠰᠢᠬᠰᠠᠨ ᠠᠴᠠ ᠨᠠᠭᠠᠰᠢ ᠂ ᠣᠷᠳᠣᠰ ᠬᠤᠲᠠ ᠶᠢᠨ ᠭᠦᠸᠧ ᠯᠢ ᠸᠠᠭᠠᠷ | ᠱᠠᠭᠠᠵᠠᠩ ᠤᠨ ᠬᠢᠵᠠᠭᠠᠷᠲᠤ ᠺᠣᠮᠫᠠᠨᠢ ᠶᠢᠨ ᠬᠢᠨ ︽ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠰᠣᠶᠣᠯ ᠤᠨ ᠪᠦᠲᠦᠭᠡᠯᠴᠢ ᠰᠡᠳᠬᠢᠮᠵᠢ ︾ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠤᠯᠠᠮᠵᠢᠯᠠᠯᠲᠤ ᠰᠣᠶᠣᠯ ᠤᠨ ᠲᠣᠭᠤᠷᠢᠨ ᠳᠤ ᠶᠡᠭᠡ ᠬᠡᠮᠵᠢᠶᠡᠨ ᠤ ᠨᠠᠷᠢᠯᠢᠭ ᠰᠠᠶᠢᠬᠠᠨ ᠪᠡᠯᠡᠭ ᠤᠨ ᠸᠠᠭᠠᠷ ᠱᠠᠭᠠᠵᠠᠩ ᠢ | ᠦᠢᠯᠡᠳᠪᠦᠷᠢᠯᠡᠵᠦ ᠭᠠᠷᠭᠠᠭᠰᠠᠨ ᠪᠠᠶᠢᠨ᠎ᠠ ᠃ ᠺᠣᠮᠫᠠᠨᠢ ᠶᠢᠨ ᠦᠵᠡᠭᠦᠯᠭᠡ ᠶᠢᠨ ᠲᠢᠩᠬᠢᠮ ᠳᠤ ᠂ ᠵᠠᠭᠤ ᠭᠠᠷᠤᠢ ᠵᠦᠢᠯ ᠤᠨ ᠰᠣᠶᠣᠯ ᠤᠨ ᠶᠣᠭᠲᠠ ᠤᠳᠬ᠎ᠠ | ᠠᠭᠤᠯᠭ᠎ᠠ ᠲᠠᠢ ᠸᠠᠭᠠᠷ ᠱᠠᠭᠠᠵᠠᠩ ᠤᠨ ᠪᠦᠲᠦᠭᠡᠭᠳᠡᠬᠦᠨ ᠢ ᠲᠡᠷᠢ ᠲᠡᠭᠰᠢ ᠳᠡᠯᠭᠡᠨ ᠦᠵᠡᠭᠦᠯᠵᠦ ᠂ ᠰᠢᠵᠢᠷ ᠠᠯᠳᠠᠨ ᠲᠣᠮᠣ ᠳᠡᠪᠦᠷ᠎ᠡ ᠠᠴᠠ ᠠᠷᠠᠰᠤᠨ ᠤᠭᠤᠲᠠ ᠶᠢᠨ | ᠳᠡᠪᠦᠷ᠎ᠡ ᠵᠡᠷᠭᠡ ᠨᠠᠷᠢᠯᠢᠭ ᠰᠠᠶᠢᠬᠠᠨ ᠬᠤᠭᠤᠯᠠᠨ ᠤ ᠰᠠᠪᠠ ᠬᠡᠷᠡᠭᠰᠡᠯ ᠬᠦᠷᠲᠡᠯ᠎ᠡ᠂ ᠳᠠᠬᠢᠭᠠᠳ ᠮᠣᠩᠭᠤᠯ ᠮᠣᠷᠢ᠂ ᠴᠥᠭᠡᠨ ᠲᠣᠭᠠᠲᠤ ᠦᠨᠳᠦᠰᠦᠲᠡᠨ ᠤ ᠲᠣᠯᠣᠭᠠᠢ ᠶᠢᠨ | ᠵᠠᠰᠠᠯ ᠤᠨ ᠡᠯ᠎ᠡ ᠵᠦᠢᠯ ᠤᠨ ᠦᠵᠡᠮᠤᠷᠢ ᠶᠢᠨ ᠫᠠᠨᠰᠠ ᠬᠦᠷᠲᠡᠯ᠎ᠡ᠂ ᠨᠢᠳᠦ ᠳᠦᠭᠦᠷᠡᠩ ᠭᠤᠶᠤ ᠰᠠᠶᠢᠬᠠᠨ ᠸᠠᠭᠠᠷ ᠱᠠᠭᠠᠵᠠᠩ ᠨᠢ ᠰᠣᠶᠣᠯ ᠢ ᠤᠯᠠᠮᠵᠢᠯᠠᠨ ᠵᠠᠯᠭᠠᠮᠵᠢᠯᠠᠬᠤ | ᠴᠢᠬᠤᠯᠠ ᠠᠴᠢᠶᠠᠯᠠᠪᠤᠷᠢ ᠪᠣᠯᠤᠭᠰᠠᠨ ᠪᠠᠶᠢᠨ᠎ᠠ᠃ ︽ ᠡᠳᠡᠭᠡᠷ ᠵᠢᠯ ᠤᠳ ᠲᠤ ᠪᠢᠳᠡ ᠡᠯ᠎ᠡ ᠭᠠᠵᠠᠷ ᠤᠨ ᠰᠣᠶᠣᠯ ᠢ ᠭᠦᠨ ᠠᠭᠤᠳᠠᠯᠵᠤ ᠂ ᠣᠯᠠᠨ ᠤᠯᠤᠰ ᠤᠨ ᠪᠠ | ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠪᠣᠷᠤᠯᠠᠭᠤᠯᠭ᠎ᠠ ᠰᠠᠶᠢᠲᠠᠢ ᠵᠠᠭᠤ ᠭᠠᠷᠤᠢ ᠵᠦᠢᠯ ᠤᠨ ᠰᠣᠶᠣᠯ ᠵᠤᠭᠠᠴᠠᠯ ᠤᠨ ᠪᠦᠲᠦᠭᠡᠭᠳᠡᠬᠦᠨ ᠢ | ᠦᠢᠯᠡᠳᠪᠦᠷᠢᠯᠡᠵᠦ ᠭᠠᠷᠭᠠᠵᠠᠢ ᠂ ᠪᠢᠳᠡ ᠸᠠᠭᠠᠷ ᠱᠠᠭᠠᠵᠠᠩ ᠢᠶᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ | ᠰᠢᠳᠢ ᠶᠢ ᠦᠵᠡᠭᠦᠯᠬᠦ ᠬᠡᠷᠡᠭᠲᠡᠢ ᠪᠠᠶᠢᠨ᠎ᠠ ︾ ᠭᠡᠵᠦ ᠰᠤ᠋ ᠦ᠋ ᠰᠦᠩ ᠢᠯᠡᠷᠭᠡᠶᠢᠯᠡᠨ᠎ᠠ ᠃ | | ᠵᠢᠷᠤᠭ ᠄ ᠭᠦᠸᠧ ᠯᠢ ᠸᠠᠭᠠᠷ ᠱᠠᠭᠠᠵᠠᠩ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠰᠢᠵᠢᠷ ᠠᠯᠳᠠᠨ ᠳ᠋ᠥᠸᠧ ᠮᠦ ᠳᠡᠪᠦᠷ᠎ᠡ ᠨᠢ ᠤᠯᠠᠨ ᠲᠦᠷᠦᠯ ᠤᠨ | ᠰᠣᠶᠣᠯ ᠵᠤᠭᠠᠴᠠᠯ ᠤᠨ ᠶᠡᠭᠡ ᠱᠠᠩᠨᠠᠯ ᠢ ᠬᠦᠷᠲᠡᠵᠡᠢ ᠃ ᠸᠠᠩ ᠯᠢ ᠮᠠᠨ ᠰᠡᠭᠦᠳᠡᠷᠯᠡᠪᠡ | ᠣᠷᠳᠣᠰ ᠤᠨ ᠥᠨᠳᠦᠷᠯᠢᠭ ᠲᠠᠬᠢ ᠡᠯᠪᠡᠭ ᠳᠡᠯᠪᠡᠭ ᠭᠤᠣᠯᠢᠩ ᠰᠢᠷᠣᠢ ᠶᠢ ᠬᠡᠷᠬᠢᠨ ᠠᠰᠢᠭᠯᠠᠵᠤ ᠪᠠᠶᠢᠭᠠᠳ ᠨᠠᠷᠢᠯᠢᠭ ᠰᠠᠶᠢᠬᠠᠨ ᠸᠠᠭᠠᠷ ᠱᠠᠭᠠᠵᠠᠩ ᠢ | ᠦᠢᠯᠡᠳᠪᠦᠷᠢᠯᠡᠬᠦ ᠪᠢᠯᠡ ᠂ ᠣᠷᠳᠣᠰ ᠬᠤᠲᠠ ᠶᠢᠨ ᠭᠦᠸᠧ ᠯᠢ ᠸᠠᠭᠠᠷ ᠱᠠᠭᠠᠵᠠᠩ ᠤᠨ ᠬᠢᠵᠠᠭᠠᠷᠲᠤ ᠺᠣᠮᠫᠠᠨᠢ 2008 ᠣᠨ ᠳᠤ ᠸᠠᠭᠠᠷ ᠱᠠᠭᠠᠵᠠᠩ ᠤᠨ ᠵᠢᠵᠢᠭ | ᠪᠠᠯᠭᠠᠰᠤ ᠪᠤᠯᠬᠤ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠨᠤᠳᠤᠬᠰᠢᠬᠰᠠᠨ ᠠᠴᠠ ᠨᠠᠭᠠᠰᠢ ᠂ ᠪᠦᠯᠦᠭ ᠪᠦᠯᠦᠭ ᠸᠠᠭᠠᠷ ᠱᠠᠭᠠᠵᠠᠩ ᠤᠨ | ᠳᠠᠷᠬᠠᠳ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠂ ᠥᠪᠥᠷ ᠮᠣᠩᠭᠤᠯ ᠤᠨ ᠬᠠᠬᠢᠷ ᠬᠦᠢᠲᠡᠨ ᠂ ᠥᠨᠳᠦᠷᠯᠢᠭ ᠤᠨ ᠠᠭᠤᠷ ᠠᠮᠢᠰᠬᠤᠯ ᠤᠨ ᠨᠥᠬᠦᠴᠡᠯ ᠳᠣᠣᠷ᠎ᠠ | ᠳᠡᠭᠡᠳᠦ ᠲᠠᠰ ᠤᠨ ᠡᠳᠦᠷ ᠲᠤᠲᠤᠮ ᠤᠨ ᠬᠡᠷᠡᠭᠯᠡᠭᠡᠨ ᠤ ᠸᠠᠭᠠᠷ ᠱᠠᠭᠠᠵᠠᠩ ᠂ ᠤᠷᠠᠯᠢᠭ ᠤᠨ ᠸᠠᠭᠠᠷ ᠱᠠᠭᠠᠵᠠᠩ ᠪᠠ ᠳᠡᠭᠡᠳᠦ ᠲᠠᠰ ᠤᠨ ᠸᠠᠭᠠᠷ ᠱᠠᠭᠠᠵᠠᠩ ᠠᠷᠢᠬᠢᠨ | ᠯᠣᠩᠬᠤ ᠦᠢᠯᠡᠳᠪᠦᠷᠢᠯᠡᠬᠦ ᠮᠡᠷᠭᠡᠵᠢᠯ ᠢ ᠠᠮᠵᠢᠯᠲᠠᠲᠠᠢ ᠡᠵᠡᠮᠰᠢᠭᠰᠡᠨ ᠪᠠᠶᠢᠨ᠎ᠠ ᠃ ᠺᠣᠮᠫᠠᠨᠢ ᠶᠢᠨ ᠦᠢᠯᠡᠳᠪᠦᠷᠢᠯᠡᠭᠰᠡᠨ ᠡᠯ᠎ᠡ ᠲᠦᠷᠦᠯ ᠤᠨ ᠦᠢᠯᠡᠳᠬᠦᠨ ᠨᠢ ᠳᠤᠮᠳᠠᠳᠤ | ᠤᠯᠤᠰ ᠤᠨ ᠤᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠡᠪᠦᠯ ᠤᠨ ᠤᠯᠠᠷᠢᠯ ᠤᠨ ᠭᠠᠷ ᠤᠷᠠᠯᠠᠯ ᠤᠨ ᠰᠣᠳᠣᠨ ᠪᠦᠲᠦᠭᠡᠯ ᠤᠨ | ᠦᠵᠡᠰᠬᠦᠯᠡᠩ ᠤᠨ︽ᠳᠤᠮᠳᠠᠳᠤ ᠤᠯᠤᠰ ᠤᠨ ᠭᠠᠷ ᠤᠷᠠᠯᠠᠯ ᠤᠨ ᠥᠨᠢᠷ ᠴᠡᠴᠡᠭ ᠱᠠᠩᠨᠠᠯ︾ ᠂ ︽ᠳᠤᠮᠳᠠᠳᠤ ᠤᠯᠤᠰ ᠤᠨ ᠣᠨᠴᠠᠯᠢᠬᠳᠤ ᠵᠤᠭᠠᠴᠠᠯ ᠤᠨ ᠲᠠᠸᠠᠷ ᠤᠨ | ᠸᠠᠭᠠᠷ ᠱᠠᠭᠠᠵᠠᠩ ᠤᠨ ᠱᠠᠩᠨᠠᠯ︾ᠵᠡᠷᠭᠡ ᠪᠦᠬᠦ ᠤᠯᠤᠰ ᠤᠨ ᠲᠣᠮᠣ ᠱᠠᠩᠨᠠᠯ ᠢ ᠵᠠᠯᠭᠠᠪᠡᠷ ᠬᠦᠷᠲᠡᠵᠡᠢ ᠃ ᠡᠭᠦᠨ ᠤ ᠬᠠᠮᠲᠤ ᠤᠷᠢᠳ ᠬᠤᠵᠢᠳ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 70 ᠵᠢᠯ ᠤᠨ ᠤᠢ ᠶᠢ ᠪᠡᠯᠭᠡᠯᠡᠬᠦ ᠦᠪᠡᠳᠡᠭᠰᠢ ᠶᠡᠭᠡ ᠪᠠᠶᠠᠷ᠂ ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠤᠯᠠᠨ | ᠤᠯᠤᠰ ᠤᠨ ᠦᠵᠡᠰᠬᠦᠯᠡᠩ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢᠨ ᠠᠷᠪᠠᠨ | ᠭᠤᠷᠪᠠᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠂ ᠤᠯᠠᠨ ᠤᠯᠤᠰ ᠤᠨ ᠡᠨᠧᠷᠭᠢ ᠶᠢᠨ ᠶᠡᠭᠡ ᠬᠤᠷᠠᠯ ᠵᠡᠷᠭᠡ ᠴᠢᠬᠤᠯᠠ ᠶᠡᠭᠡ ᠠᠵᠢᠯᠯᠠᠭ᠎ᠠ ᠳᠤ | ᠤᠷᠠᠯᠢᠭ ᠤᠨ ᠠᠭᠤᠷ ᠠᠮᠢᠰᠬᠤᠯ ᠢᠶᠠᠷ ᠲᠤᠶᠢᠯ ᠤᠨ ᠪᠢᠯᠬᠠᠮ᠎ᠠ ᠸᠠᠭᠠᠷ ᠱᠠᠭᠠᠵᠠᠩ ᠤᠨ ᠳᠤᠷᠠᠰᠬᠠᠯ ᠤᠨ ᠡᠳ᠋ ᠢ ᠬᠠᠩᠭᠠᠨ ᠦᠭᠴᠡᠢ ᠃ ᠰᠣᠶᠣᠯ ᠵᠤᠭᠠᠴᠠᠯ ᠤᠨ ᠠᠵᠤ | ᠦᠢᠯᠡᠰ ᠥᠷᠨᠢᠨ ᠬᠥᠭᠵᠢᠵᠦ ᠪᠠᠶᠢᠭ᠎ᠠ ᠣᠳᠣᠬᠠᠨ ᠤ ᠪᠠᠶᠢᠳᠠᠯ ᠳᠤ ᠂ ᠺᠣᠮᠫᠠᠨᠢ ᠴᠠᠭ ᠦᠶ᠎ᠡ ᠶᠢᠨ ᠠᠯᠬᠤᠮ ᠢ ᠰᠠᠯᠤᠯ ᠦᠭᠡᠢ ᠳᠠᠭᠠᠵᠤ᠂ ᠤᠯᠠᠮᠵᠢᠯᠠᠯᠲᠤ ᠰᠣᠶᠣᠯ ᠢ | ᠦᠷᠭᠦᠯᠵᠢᠯᠡᠨ ᠭᠦᠨᠵᠡᠭᠡᠢ ᠠᠭᠤᠳᠠᠯᠤᠨ ᠂ ᠲᠠᠰᠤᠷᠠᠯᠳᠠ ᠦᠭᠡᠢ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠪᠣᠯᠣᠨ᠎ᠠ᠃ ︽ ᠸᠠᠭᠠᠷ ᠱᠠᠭᠠᠵᠠᠩᠢ ᠰᠣᠶᠣᠯ ᠲᠠᠢ | ᠤᠶᠠᠯᠳᠤᠭᠤᠯᠵᠤ ᠂ ᠵᠤᠭᠠᠴᠠᠯ ᠲᠠᠢ ᠤᠶᠠᠯᠳᠤᠭᠤᠯᠬᠤ ᠪᠣᠯ ᠮᠠᠨ ᠤ ᠳᠠᠷᠠᠭᠠᠴᠢ ᠶᠢᠨ ᠭᠤᠣᠯᠳᠠᠯᠭ᠎ᠠ ᠮᠥᠨ ᠂ ᠪᠢᠳᠡ ᠡᠨᠡ ᠴᠢᠭᠯᠡᠯ ᠢᠶᠠᠷ ᠰᠢᠨ᠎ᠡ ᠦᠢᠯᠡᠳᠬᠦᠨ ᠢ | ᠨᠡᠭᠡᠭᠡᠨ ᠬᠥᠭᠵᠢᠭᠦᠯᠵᠦ ᠂ ᠵᠠᠬ᠎ᠠ ᠳᠡᠯᠭᠡᠭᠦᠷ ᠢ ᠨᠡᠩ ᠥᠷᠭᠡᠨ ᠨᠡᠩ ᠶᠡᠭᠡ ᠪᠠᠷ ᠬᠥᠭᠵᠢᠭᠦᠯᠵᠦ ᠂ ᠸᠠᠭᠠᠷ ᠱᠠᠭᠠᠵᠠᠩ ᠢ ᠤᠮᠠᠷᠠᠲᠤ ᠶᠢᠨ ᠡᠬᠡ ᠭᠠᠵᠠᠷ ᠲᠤ ᠭᠡᠷᠡᠯ | ᠭᠢᠯᠪᠠᠭ᠎ᠠ ᠲᠠᠢ ᠪᠣᠯᠭᠠᠬᠤ ᠪᠠᠷ ᠴᠢᠷᠮᠠᠶᠢᠨ᠎ᠠ ︾ ᠭᠡᠵᠦ ᠰᠤ᠋ ᠦ᠋ ᠰᠦᠩ ᠢᠳᠡᠭᠡᠯ ᠳᠡᠬᠦᠯᠳᠡᠷ ᠶᠠᠷᠢᠨ᠎ᠠ᠃ | | | |