| 11 ᠰᠠᠷ᠎ᠠ ᠶᠢᠨ 9 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ ᠃ | ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠳᠤ ᠬᠡᠷᠡᠭᠯᠡᠬᠦ | ᠨᠡᠭᠦᠷᠡᠰᠦ ᠂ ᠮᠠᠯᠴᠢᠨ ᠲᠠᠷᠢᠶᠠᠴᠢᠨ ᠤ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠪᠠᠲᠤᠯᠠᠭ᠎ᠠ ᠶᠢᠨ ᠠᠵᠢᠯ ᠢ ᠰᠤᠳᠤᠯᠵᠤ ᠂ ︽ ᠠᠷᠠᠳ ᠢᠷᠭᠡᠨ ᠢ | ᠳᠠᠭᠠᠷᠠᠭᠤᠯᠬᠤ ᠦᠭᠡᠢ ᠪᠠᠶᠢᠬᠤ ᠪᠣᠯ ᠬᠠᠲᠠᠭᠤ ᠶᠣᠰᠣ ᠮᠥᠨ ︾ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠣᠨ ᠡᠨᠧᠷᠭᠢ ᠵᠡᠷᠭᠡ | ᠰᠠᠯᠠᠭ᠎ᠠ ᠮᠥᠴᠢᠷ ᠤᠨ ᠬᠢᠨ ᠡᠳᠦᠷ ᠪᠦᠷᠢ ᠲᠣᠬᠢᠷᠠᠭᠤᠯᠤᠯᠲᠠ ᠬᠢᠵᠦ ᠂ ᠠᠵᠤ ᠠᠬᠤᠶᠢᠯᠠᠯ ᠤᠨ ᠬᠢᠨ ᠭᠡᠷ᠎ᠡ ᠶᠢᠨ ᠱᠠᠭᠠᠷᠳᠠᠯᠭ᠎ᠠ ᠶᠣᠰᠣᠭᠠᠷ ᠨᠡᠭᠦᠷᠡᠰᠦᠨ ᠤ ᠴᠢᠨᠠᠷ ᠢ | ᠪᠠᠲᠤᠯᠠᠨ ᠂ ᠲᠤᠭ᠎ᠠ ᠬᠡᠮᠵᠢᠶ᠎ᠡ ᠶᠢ ᠪᠠᠲᠤᠯᠠᠨ ᠂ ᠦᠨ᠎ᠡ ᠶᠢ ᠪᠠᠲᠤᠯᠠᠨ ᠬᠠᠩᠭᠠᠬᠤ ᠶᠢ ᠱᠠᠯᠠᠪᠳᠠᠭᠤᠯᠵᠤ ᠂ ᠠᠯᠢ ᠲᠦᠷᠭᠡᠨ ᠢᠶᠠᠷ ᠦᠢᠯᠡᠳᠪᠦᠷᠢ ᠳᠤ ᠬᠦᠷᠭᠡᠬᠦ ᠡᠷᠦᠬᠡ ᠳᠤ | ᠬᠦᠷᠭᠡᠬᠦ ᠶᠢ ᠪᠠᠲᠤᠯᠠᠬᠤ ᠬᠡᠷᠡᠭᠲᠡᠢ ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠪᠠᠶᠢᠭᠤᠯᠤᠮᠵᠢ | ᠪᠠᠶᠢᠭᠤᠯᠵᠤ ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠦᠨ ᠂ ᠰᠤᠳᠤᠯᠤᠨ ᠨᠡᠭᠡᠭᠡᠬᠦ ᠣᠷᠤᠭᠤᠯᠤᠯᠲᠠ ᠶᠢ ᠨᠡᠮᠡᠭᠳᠡᠭᠦᠯᠬᠦ ︽ ᠭᠤᠷᠪᠠ ᠶᠢ ᠪᠥᠬᠦᠨ ᠢ ᠪᠦᠷᠬᠦᠭᠦᠯᠬᠦ ︾ | ᠠᠵᠢᠯ ᠢ ᠰᠤᠳᠤᠯᠵᠤ ᠂ ᠵᠠᠰᠠᠭ ᠤᠨ ᠣᠷᠳᠣᠨ ︽ ᠠᠬᠢᠭᠤᠯᠤᠭᠴᠢ ︾ ᠪᠣᠯᠵᠤ ᠂ ︽ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ ︾ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠴᠤᠭᠯᠠᠷᠠᠭᠤᠯᠬᠤ ᠦᠢᠯᠡᠳᠦᠯ ᠢ ᠪᠠᠳᠠᠷᠠᠭᠤᠯᠵᠤ ᠂ ᠰᠢᠨᠵᠢᠯᠡᠬᠦ ᠤᠬᠠᠭᠠᠨ ᠤ | ᠰᠤᠳᠤᠯᠭᠠᠨ ᠤ ᠵᠠᠬ᠎ᠠ ᠳᠡᠯᠭᠡᠭᠦᠷ ᠡᠨᠡ ᠬᠦ ᠬᠤᠶᠠᠷ ᠬᠦᠴᠦ ᠶᠢ ᠴᠢᠩᠭᠠᠯᠠᠵᠤ ᠂ ᠰᠢᠨᠵᠢᠯᠡᠬᠦ ᠤᠬᠠᠭᠠᠨᠲᠠᠨ ᠪᠠ ᠠᠵᠤ ᠠᠬᠤᠶᠢᠯᠠᠯᠲᠠᠨ ᠢ ᠭᠠᠷ ᠠᠳᠬᠤᠭᠤᠯᠵᠤ ᠂ ᠠᠷᠭ᠎ᠠ | ᠪᠥᠬᠦᠨ ᠢ ᠰᠦᠪᠡᠭᠴᠢᠯᠡᠨ ᠴᠢᠳᠠᠪᠤᠷᠢᠲᠠᠨ ᠤ ᠬᠡᠯᠬᠢᠶ᠎ᠡ ᠂ ᠪᠡᠯᠡ ᠮᠥᠩᠭᠦᠨ ᠤ ᠬᠡᠯᠬᠢᠶ᠎ᠡ ᠂ ᠰᠢᠨ᠎ᠡ ᠶᠢ ᠡᠭᠦᠳᠬᠦ ᠬᠡᠯᠬᠢᠶ᠎ᠡ ᠂ ᠠᠵᠤ ᠦᠢᠯᠡᠰ ᠤᠨ ᠬᠡᠯᠬᠢᠶ᠎ᠡ ᠶᠢ | ᠴᠤᠭᠯᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ︽ ᠮᠢᠩᠭ᠎ᠠ ᠲᠦᠮᠡᠨ ᠢᠨᠵᠧᠨᠧᠷᠢᠩ ︾ ᠤᠨ ᠲᠤᠷᠰᠢᠯᠭ᠎ᠠ ᠶᠢ ᠰᠣᠷᠣᠯᠴᠠᠨ ᠬᠡᠷᠡᠭᠯᠡᠵᠦ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ | ᠪᠣᠰᠬᠠᠬᠤ ᠳᠤ ᠲᠣᠬᠢᠷᠠᠮᠵᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ | ᠬᠢᠨᠠᠨ ᠵᠥᠪᠯᠡᠵᠦ ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠂ ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠤᠨ ᠂ | ᠵᠠᠬ᠎ᠠ ᠳᠡᠯᠭᠡᠭᠦᠷ ᠤᠨ ᠬᠦᠴᠦᠨ ᠢ ᠰᠠᠶᠢᠲᠤᠷ ᠬᠡᠷᠡᠭᠯᠡᠵᠦ ᠂ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠬᠡᠨ ᠠᠳᠬᠤᠬᠤ ᠂ ᠬᠡᠷᠬᠢᠨ ᠠᠳᠬᠤᠬᠤ | ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ ᠂ ᠨᠢᠭᠡᠳ ᠨᠢᠭᠡ ᠪᠠᠷ ᠠᠳᠬᠤᠵᠤ ᠂ ᠴᠥᠬᠦᠷᠡᠰᠢ ᠦᠭᠡᠢ | ᠠᠳᠬᠤᠵᠤ ᠂ ᠨᠢᠭᠡ ᠬᠢᠪᠡᠯ ᠨᠢᠭᠡ ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠥᠬᠦ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ | ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠢ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ | ᠪᠣᠯᠭᠠᠵᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ ᠂ ᠤᠯᠤᠰ ᠤᠨ ︽ ᠠᠮᠤ ᠶᠢᠨ ᠰᠠᠩ ︾ ᠂ | ︽ ᠮᠢᠬᠠᠨ ᠤ ᠬᠥᠮᠥᠷᠭᠡ ︾ ᠂ ︽ ᠰᠦ ᠶᠢᠨ ᠬᠥᠨᠥᠭ ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠃ ᠨᠢᠭᠡ ᠳᠤ ᠂ ᠪᠥᠬᠦ ᠶᠠᠪᠤᠴᠠ ᠂ ᠪᠥᠬᠦ ᠲᠠᠯ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ ᠂ ᠠᠵᠤ ᠦᠢᠯᠡᠰ ᠤᠨ ᠬᠡᠯᠬᠢᠶ᠎ᠡ ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ | ᠪᠠᠲᠤᠯᠠᠬᠤ ᠬᠡᠷᠡᠭᠲᠡᠢ ᠃ ᠬᠤᠶᠠᠷ ᠲᠤ ᠂ ︽ ᠳᠥᠷᠪᠡᠨ ᠬᠠᠮᠤᠭ ᠤᠨ ᠴᠢᠩᠭ᠎ᠠ ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠭᠤᠣᠯᠳᠠᠯᠭ᠎ᠠ ᠲᠠᠢ ᠬᠦᠷᠢᠶ᠎ᠡ ᠂ | ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ ᠬᠥᠮᠥᠰ ᠢ ᠲᠣᠪᠤᠶᠢᠯᠭᠠᠵᠤ ᠂ ︽ ᠬᠤᠶᠠᠷ ᠢ ᠬᠡᠲᠦᠷᠡᠭᠦᠯᠵᠦ ᠨᠢᠭᠡ ᠶᠢ ᠨᠡᠮᠡᠬᠦ ︾ ᠳᠤ ᠴᠢᠩᠭ᠎ᠠ ᠴᠣᠬᠢᠯᠲᠠ | ᠥᠭᠴᠦ ᠂ ᠰᠦᠷᠳᠡᠭᠦᠯᠦᠯ ᠦᠵᠡᠭᠦᠯᠬᠦ ᠬᠡᠷᠡᠭᠲᠡᠢ ᠃ ᠭᠤᠷᠪᠠ ᠳᠤ ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠂ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠪᠣᠳᠠᠲᠠᠢ ᠠᠷᠭ᠎ᠠ ᠂ | ᠴᠢᠩᠭ᠎ᠠ ᠠᠷᠭ᠎ᠠ ᠂ ᠲᠤᠰᠠᠲᠠᠢ ᠠᠷᠭ᠎ᠠ ᠠᠪᠴᠤ ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ | ᠴᠢᠬᠤᠯᠠᠴᠢᠯᠠᠵᠠᠢ ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ | ᠵᠡᠷᠭᠡ ᠪᠤᠰᠤᠳ ᠵᠦᠢᠯᠡᠰ ᠤᠨ ᠰᠣᠳᠣᠯᠠᠵᠠᠢ ᠃ | | | |