| ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 11 ᠤ ᠡᠳᠦᠷ ᠤᠨ ᠮᠡᠳᠡᠭᠡ ︵ ᠰᠤᠷᠪᠤᠯᠵᠢᠯᠠᠭᠴᠢ ᠲᠢᠶᠠᠨ ᠰᠢᠶᠣᠤ ᠬᠠᠩ ︶ ᠵᠢᠯ ᠪᠦᠷᠢ ᠶᠢᠨ 8 | ᠰᠠᠷ᠎ᠠ ᠶᠢᠨ ᠬᠤᠶᠠᠳᠤᠭᠠᠷ ᠭᠠᠷᠠᠭ ᠪᠣᠯ ︽ ᠳᠤᠮᠳᠠᠳᠤ ᠤᠯᠤᠰ ᠤᠨ ᠬᠠᠷᠰᠢᠯ ᠢ ᠰᠡᠷᠭᠡᠶᠢᠯᠡᠨ ᠵᠠᠰᠠᠬᠤ ᠭᠠᠷᠠᠭ ︾ ᠪᠣᠯᠬᠤ ᠶᠤᠮ ᠂ ︽ ᠢᠳᠡᠭᠡᠨ ᠤ ᠬᠠᠷᠰᠢᠯ ᠳᠤ | ᠠᠩᠬᠠᠷᠤᠯ ᠢᠶᠠᠨ ᠲᠠᠯᠪᠢᠶ᠎ᠠ ︾ ᠭᠡᠳᠡᠭ ᠪᠤᠯ ᠡᠨᠡ ᠵᠢᠯ ᠤᠨ ᠭᠤᠤᠯ ᠰᠡᠳᠦᠪ ᠪᠣᠯᠤᠨ᠎ᠠ ᠃ ᠨᠡᠶᠢᠭᠡᠮ ᠠᠵᠤ ᠠᠬᠤᠢ ᠶᠢᠨ ᠬᠥᠭᠵᠢᠯᠲᠡ ᠪᠠ ᠠᠮᠢᠳᠤᠷᠠᠯ ᠤᠨ ᠠᠷᠭ᠎ᠠ | ᠮᠠᠶ᠋ᠢᠭ ᠲᠠᠰᠤᠷᠠᠯᠲᠠ ᠥᠬᠡᠶ ᠬᠤᠪᠢᠷᠠᠬᠤ ᠶᠢ ᠳᠠᠭᠠᠯᠳᠤᠨ ᠂ ᠢᠳᠡᠭᠡᠨ ᠤ ᠬᠠᠷᠰᠢᠯ ᠪᠠᠭ᠋ᠠᠨ ᠤᠯᠠᠰᠢᠷᠠᠵᠤ ᠪᠤᠢ ᠂ ᠢᠳᠡᠭᠡᠨ ᠤᠮᠳᠠᠭᠠᠨ ᠤ ᠠᠶᠤᠯ ᠢ ᠬᠡᠷᠬᠢᠨ ᠠᠷᠢᠯᠭᠠᠬᠤ | ᠪᠣᠶ ︖ | ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠫᠷᠣᠫᠧᠰᠰᠤᠷ ᠶᠢᠨ ᠵᠢᠶᠠ ᠬᠡᠯᠡᠬᠦ ᠳᠡᠭᠡᠨ ᠂ ᠢᠳᠡᠭᠡᠨ ᠳ᠋ᠤ᠋ ᠬᠠᠷᠰᠢᠬᠤ ᠦᠵᠡᠭᠳᠡᠯ ᠪᠦᠬᠦ ᠳᠡᠯᠡᠬᠡᠢ ᠳᠤ ᠵᠢᠯ | ᠳᠠᠷᠠᠭᠠᠯᠠᠨ ᠨᠡᠮᠡᠳᠡᠬᠦ ᠬᠠᠨᠳᠤᠰᠢ ᠲᠠᠢ ᠪᠤᠯᠵᠤ ᠂ ᠪᠠᠭ᠎ᠠ ᠨᠠᠰᠤᠨ ᠤ ᠬᠥᠮᠦᠰ ᠢᠳᠡᠭᠡᠨ ᠤ ᠬᠠᠷᠰᠢᠯ ᠳᠤ ᠨᠡᠷᠪᠡᠭᠳᠡᠬᠦ ᠨᠢ ᠨᠠᠩ ᠴᠤ ᠮᠡᠳᠡᠭᠳᠡᠮ᠎ᠡ ᠨᠡᠮᠡᠭᠳᠡᠵᠦ ᠪᠤᠢ ᠃ | ᠢᠳᠡᠭᠡᠨ ᠳᠤ ᠬᠠᠷᠰᠢᠪᠠᠯ ᠠᠷᠠᠰᠤ ᠂ ᠬᠤᠳᠣᠭᠤᠳᠣ ᠬᠡᠳᠡᠰᠦ ᠂ ᠠᠮᠢᠰᠬᠤᠯ ᠤᠨ ᠵᠠᠮ ᠤᠨ ᠡᠪᠡᠳᠴᠢᠨ ᠤ ᠪᠠᠶᠢᠳᠠᠯ ᠢᠯᠡᠷᠡᠵᠦ ᠂ ᠴᠢᠨᠠᠭᠰᠢᠯᠠᠪᠠᠯ ᠠᠮᠢ ᠨᠠᠰᠤ ᠶᠢ | ᠰᠦᠷᠳᠡᠭᠦᠯᠬᠦ ᠠᠮᠢᠰᠬᠤᠯ ᠪᠦᠭᠯᠡᠷᠡᠬᠦ ᠪᠡ ᠮᠠᠨᠠᠷᠠᠬᠤ ᠪᠠᠶᠢᠳᠠᠯ ᠭᠠᠷᠴᠤ ᠮᠡᠳᠡᠨ᠎ᠡ ᠃ ᠠᠮᠢ ᠨᠠᠰᠤᠨ ᠤ ᠠᠶᠤᠯᠳᠤ ᠪᠠᠶᠢᠳᠠᠯ ᠭᠠᠷᠤᠬᠰᠠᠨ ᠠᠴᠠ ᠪᠤᠯᠤᠬᠰᠠᠨ ᠠᠶᠤᠵᠤ | ᠡᠮᠢᠶᠡᠬᠦ ᠶᠠᠪᠤᠳᠠᠯ ᠨᠢ ᠢᠳᠡᠭᠡᠨ ᠳᠤ ᠬᠠᠷᠰᠢᠬᠰᠠᠨ ᠵᠠᠷᠢᠮ ᠡᠪᠡᠳᠴᠢᠲᠡᠨ ᠵᠢᠴᠢ ᠲᠡᠭᠦᠨ ᠤ ᠭᠡᠷ ᠪᠦᠯᠢ ᠶᠢᠨ ᠠᠮᠢᠳᠤᠷᠠᠯ ᠤᠨ ᠶᠠᠰᠤ ᠴᠢᠨᠠᠷ ᠢ ᠨᠢ ᠬᠦᠨᠳᠦ ᠨᠣᠴᠢᠲᠠᠶ | ᠨᠥᠯᠥᠭᠡᠯᠡᠵᠦ ᠪᠠᠶᠢᠳᠠᠭ ᠃ ︽ ᠢᠳᠡᠭᠡᠨ ᠳᠤ ᠬᠠᠷᠰᠢᠬᠤ ᠶᠢ ᠦᠨᠳᠦᠰᠦᠨ ᠠᠴᠠ ᠨᠢ ᠵᠠᠰᠠᠬᠤ ᠪᠦᠲᠦᠮᠵᠢᠲᠡᠶ ᠠᠷᠭ᠎ᠠ ᠪᠠᠶᠢᠬᠤ ᠥᠬᠡᠶ ᠂ ᠬᠠᠷᠰᠢᠮᠠᠲᠠᠭᠠᠢ ᠢᠳᠡᠭᠡᠨ ᠢ | ᠢᠳᠡᠬᠦ ᠠᠴᠠ ᠵᠠᠶᠢᠯᠠᠰᠬᠢᠵᠦ ᠡᠪᠡᠳᠴᠢᠨ ᠡᠭᠦᠰᠬᠦ ᠶᠢ ᠰᠡᠷᠭᠡᠶᠢᠯᠡᠬᠦ ᠪᠠ ᠲᠦᠷᠭᠡᠨ ᠡᠮᠴᠢᠯᠡᠭᠡ ᠪᠠᠷ ᠠᠪᠤᠷᠠᠬᠤ ᠪᠣᠯ ᠣᠳᠣᠬᠠᠨ ᠤ ᠴᠣᠷ ᠤᠨ ᠭᠠᠭᠴᠠ ᠪᠣᠯᠤᠮᠵᠢᠲᠠᠶ | ᠠᠷᠭ᠎ᠠ ᠬᠡᠮᠵᠢᠶ᠎ᠡ ᠪᠣᠯᠤᠨ᠎ᠠ ᠃ ᠡᠶᠢᠮᠦ ᠠᠴᠠ ᠨᠠᠷᠢᠯᠢᠭ ᠣᠨᠣᠪᠴᠢᠲᠠᠶ ᠪᠠᠷ ᠣᠨᠣᠰᠢᠯᠠᠬᠤ ᠪᠤᠯ ᠲᠦᠢᠯ ᠤᠨ ᠴᠢᠬᠤᠯᠠ ᠶᠤᠮ ︾ ᠬᠡᠵᠡᠢ ᠃ ᠶᠢᠨ ᠵᠢᠶᠠ ᠶᠢᠨ ᠦᠵᠡᠬᠦ ᠪᠠᠷ ᠂ | ᠢᠳᠡᠭᠡᠨ ᠳ᠋ᠤ᠋ ᠬᠠᠷᠰᠢᠬᠤ ᠲᠤᠬᠠᠶ ᠬᠥᠮᠦᠰ ᠤᠨ ᠲᠠᠨᠢᠯᠲᠠ ᠶᠡᠷᠦᠩᠬᠡᠶ ᠳᠡᠭᠡᠨ ᠨᠡᠯᠢᠶᠡᠳ ᠬᠢᠵᠠᠭᠠᠷ ᠲᠠᠢ ᠪᠠᠶᠢᠬᠤ ᠪᠦᠭᠡᠳ ᠬᠡᠰᠡᠭ ᠡᠮᠴᠢ ᠶᠢᠨ ᠲᠤᠷᠰᠢᠯᠭ᠎ᠠ ᠳᠤᠲᠠᠮᠠᠭ ᠂ | ᠣᠨᠣᠰᠢᠯᠠᠬᠤ ᠠᠷᠭ᠎ᠠ ᠨᠢ ᠵᠣᠬᠢᠰ ᠥᠬᠡᠶ ᠪᠤᠶᠤ ᠬᠡᠲᠦ ᠣᠨᠣᠰᠢᠯᠠᠬᠰᠠᠨ ᠠᠴᠠ ᠪᠤᠯᠵᠤ ᠂ ᠡᠪᠡᠳᠴᠢᠯᠡᠭᠰᠡᠨ ᠬᠡᠤᠬᠡᠳ ᠵᠢᠴᠢ ᠭᠡᠷ ᠪᠦᠯᠢ ᠳᠤᠨᠢ ᠴᠢᠬᠤᠯᠠ ᠪᠤᠰᠤ ᠡᠮᠢᠶᠡᠯ | ᠵᠣᠪᠠᠨᠢᠯ ᠢ ᠠᠪᠴᠢᠷᠠᠵᠤ ᠂ ᠲᠡᠳᠡᠨ ᠤ ᠡᠪᠡᠳᠴᠢᠨ ᠡᠮᠭᠡᠭ ᠤᠨ ᠲᠤᠬᠠᠢ ᠲᠠᠷᠤᠭᠠᠰᠤ ᠶᠢ ᠨᠢ ᠬᠦᠨᠳᠦᠷᠡᠭᠦᠯᠵᠦ ᠪᠠᠶᠢᠨ᠎ᠠ ᠬᠡᠪᠡ ᠃ ᠲᠡᠷᠡ ᠬᠡᠯᠡᠬᠦ ᠳᠡᠭᠡᠨ ᠂ ᠠᠷᠠᠰᠤᠨ ᠤ | ᠲᠤᠷᠰᠢᠯᠲᠠ ᠂ ᠬᠠᠷᠰᠢᠭᠤᠯᠤᠬᠴᠢ ᠶᠢᠨ ᠥᠪᠡᠷᠮᠢᠴᠡ ᠴᠢᠨᠠᠷ ᠪᠦᠬᠦᠢ I g E ᠶᠢᠨ ᠰᠢᠯᠭᠠᠨ ᠪᠠᠶᠢᠴᠠᠭᠠᠯᠲᠠ ᠪᠠ ᠢᠳᠡᠭᠡᠨ ᠢ ᠬᠥᠭᠵᠢᠭᠡᠬᠦ ᠲᠤᠷᠰᠢᠯᠲᠠ ᠵᠡᠷᠭᠡ ᠭᠤᠷᠪᠠᠨ | ᠵᠦᠯ ᠤᠨ ᠠᠷᠭ᠎ᠠ ᠶᠢ ᠡᠪᠡᠳᠴᠢᠨ ᠤ ᠲᠡᠤᠬᠡ ᠶᠢ ᠯᠠᠪᠯᠠᠨ ᠠᠰᠠᠭᠤᠬᠤ ᠲᠠᠢ ᠤᠶᠠᠯᠳᠤᠭᠤᠯᠤᠨ ᠬᠢᠬᠦ ᠪᠤᠯ ᠰᠠᠶ᠋ᠢ ᠣᠨᠣᠪᠴᠢᠲᠠᠶ ᠣᠨᠣᠰᠢᠯᠠᠬᠤ ᠠᠷᠭ᠎ᠠ ᠪᠣᠯᠤᠨ᠎ᠠ ᠂ | ᠢᠳᠡᠭᠡᠨ ᠤ ᠬᠠᠷᠰᠢᠭᠤᠯᠤᠬᠴᠢ ᠶᠢᠨ ᠥᠪᠡᠷᠮᠢᠴᠡ ᠴᠢᠨᠠᠷ ᠪᠦᠬᠦᠢ 1 g G ᠶᠢᠨ ᠰᠢᠯᠭᠠᠨ ᠪᠠᠶᠢᠴᠠᠭᠠᠯᠲᠠ ᠶᠢᠨ ᠠᠷᠭ᠎ᠠ ᠶᠢ ᠬᠡᠷᠡᠭᠯᠡᠬᠦ ᠶᠢ ᠴᠢᠬᠤᠯᠠᠴᠢᠯᠠᠬᠤ ᠥᠬᠡᠶ | ᠭᠡᠵᠡᠶ ᠃ | ᠠᠮᠢᠰᠬᠤᠯ ᠪᠦᠭᠯᠡᠷᠡᠬᠦ ᠪᠤᠶᠤ ᠮᠠᠨᠠᠷᠠᠬᠤ ᠵᠡᠷᠭᠡ ᠠᠮᠢ ᠨᠠᠰᠤ ᠶᠢ ᠰᠦᠷᠳᠡᠬᠦᠯᠵᠦ ᠮᠡᠳᠡᠬᠦ ᠢᠳᠡᠭᠡᠨ ᠤ ᠬᠠᠷᠰᠢᠯ ᠡᠭᠦᠰᠭᠦᠲ᠋ᠤᠬᠠᠶ ᠲᠤᠰᠬᠠᠶ ᠮᠡᠷᠭᠡᠵᠢᠯᠲᠡᠨ ᠠᠴᠠ ᠂ | ᠬᠠᠷᠰᠢᠭᠤᠯᠤᠬᠴᠢ ᠶᠢ ᠮᠡᠳᠡᠭᠰᠡᠨ ᠤ ᠲᠠᠷᠠᠭ᠎ᠠ ᠬᠠᠷᠰᠢᠬᠤ ᠢᠳᠡᠭᠡᠨ ᠢᠳᠡᠬᠦ ᠠᠴᠠ ᠵᠠᠶᠢᠯᠠᠰᠬᠢᠬᠦ ᠠᠴᠠ ᠭᠠᠳᠠᠨ᠎ᠠ ᠂ ᠡᠪᠡᠳᠴᠢᠲᠡᠨ ᠪᠡᠶ᠎ᠡ ᠳᠡᠭᠡᠨ ᠪᠦᠭᠡᠷᠡᠨ ᠲᠡᠭᠡᠳᠦ | ᠪᠤᠯᠴᠢᠷᠬᠠᠢ ᠶᠢᠨ ᠡᠳ᠋ ᠤᠨ ᠠᠦ᠋ᠲ᠋ᠣ᠋ ᠲᠠᠷᠢᠯᠭ᠎ᠠ ᠶᠢᠨ ᠪᠢᠷ ᠠᠪᠴᠤ ᠶᠠᠪᠤᠨ ᠪᠠᠴᠢᠮ ᠠᠪᠤᠷᠠᠯᠳᠠ ᠶᠢᠨ ᠬᠡᠷᠡᠭᠴᠡᠭᠡ ᠳᠤ ᠪᠡᠯᠡᠳᠬᠡᠬᠦ ᠬᠡᠷᠡᠭᠳᠡᠢ ᠬᠡᠵᠦ ᠴᠢᠬᠤᠯᠠᠴᠢᠯᠠᠨ | ᠬᠡᠯᠡᠪᠡ ᠃ ᠶᠢᠨ ᠵᠢᠶᠠ ᠬᠡᠯᠡᠬᠦ ᠳᠡᠭᠡᠨ ᠂ ᠠᠮᠢ ᠨᠠᠰᠤ ᠶᠢ ᠰᠦᠷᠳᠡᠭᠦᠯᠬᠦ ᠬᠦᠨᠳᠦ ᠨᠣᠴᠢᠲᠠᠶ ᠢᠳᠡᠭᠡᠨ ᠤ ᠬᠠᠷᠰᠢᠯ ᠠᠴᠠ ᠠᠪᠤᠷᠠᠬᠤ ᠰᠢᠵᠢᠷ ᠠᠯᠳᠠᠨ ᠴᠠᠭ ᠬᠤᠭᠤᠴᠠᠭ᠎ᠠ | ᠪᠤᠯ ᠵᠥᠪᠬᠡᠨ ᠬᠠᠭᠠᠰ ᠴᠠᠭ ᠪᠤᠶᠤ ᠴᠢᠨᠠᠭᠰᠢᠯᠠᠪᠠᠯ ᠬᠡᠳᠦᠨ ᠮᠢᠨᠦ᠋ᠲ ᠪᠤᠯᠤᠨ᠎ᠠ ᠂ ᠡᠶᠢᠮᠦ ᠠᠴᠠ ᠡᠷᠬᠡᠪᠰᠢ ᠠᠮᠢᠰᠬᠤᠯ ᠪᠦᠭᠯᠡᠷᠡᠬᠦ ᠂ ᠮᠠᠨᠠᠷᠠᠬᠤ ᠢᠯᠡᠷᠡᠯ ᠭᠠᠷᠬᠤ ᠠᠴᠠ | ᠡᠮᠦᠨ᠎ᠡ ᠂ ᠪᠤᠯᠴᠢᠩ ᠮᠢᠬ᠎ᠠ ᠪᠠᠷ ᠪᠦᠭᠡᠷᠡᠨ ᠲᠡᠭᠡᠳᠦ ᠪᠤᠯᠴᠢᠷᠬᠠᠶ ᠶᠢᠨ ᠡᠳ᠋ ᠲᠠᠷᠢᠵᠤ ᠠᠪᠤᠷᠠᠯᠳᠡ ᠬᠢᠬᠦ ᠬᠡᠷᠡᠭᠲᠡᠶ ᠃ ᠪᠦᠭᠡᠷᠡᠨ ᠲᠡᠭᠡᠳᠦ ᠪᠤᠯᠴᠢᠷᠬᠠᠶ ᠶᠢᠨ ᠡᠳ᠋ ᠨᠢ | ᠤᠬᠤᠷᠬᠠᠨ ᠴᠠᠬ ᠤᠨ ᠳᠣᠲᠣᠷ᠎ᠠ ᠪᠦᠬᠦ ᠪᠡᠶ᠎ᠡ ᠶᠢᠨ ᠴᠢᠰᠤᠨ ᠰᠤᠳᠠᠯ ᠢ ᠠᠪᠴᠢᠭᠤᠯᠵᠤ ᠂ ᠵᠢᠷᠦᠬᠡᠨ ᠪᠤᠯᠴᠢᠩ ᠤᠨ ᠠᠭᠰᠢᠬᠤ ᠬᠦᠴᠦᠨ ᠢ ᠨᠡᠮᠡᠭᠳᠡᠭᠦᠯᠦᠨ ᠂ ᠵᠢᠷᠦᠭᠡᠨ | ᠴᠢᠰᠤᠨ ᠤ ᠪᠠᠭᠲᠠᠭᠠᠮᠵᠢ ᠶᠢ ᠨᠡᠮᠡᠭᠳᠡᠭᠦᠯᠵᠦ ᠂ ᠴᠢᠰᠤᠨ ᠳᠠᠷᠤᠯᠲᠠ ᠶᠢ ᠦᠳᠲᠡᠷ ᠲᠦᠷᠭᠡᠨ ᠳᠡᠭᠡᠭᠰᠢᠯᠡᠭᠦᠯᠬᠦ ᠪᠤᠯᠤᠨ᠎ᠠ ᠬᠡᠪᠡ ᠃ | | |