| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 14 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠰᠢ ᠶᠢᠨ ᠫᠢᠩ 14 ᠤ ᠡᠳᠦᠷ 2023 ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯᠲᠠᠨ ᠤ ᠲᠦᠷᠦᠭᠦᠴᠦᠳ ᠤᠨ ᠬᠤᠷᠠᠯ ᠤᠨ | 10 ᠵᠢᠯ ᠤᠨ ᠣᠢ ᠶᠢᠨ ᠣᠨ ᠤ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ ᠃ | ᠰᠢ ᠶᠢᠨ ᠫᠢᠩ ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠢ ᠪᠣᠯ ᠴᠥᠮ ᠳᠤᠮᠳᠠᠳᠤ ᠶᠢᠨ ᠦᠨᠳᠦᠰᠦᠲᠡᠨ ᠤ ᠠᠵᠤ ᠠᠬᠤᠢ ᠳᠤ | ᠬᠠᠷᠢᠶᠠᠯᠠᠭᠳᠠᠨ᠎ᠠ ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠬ᠎ᠠ ᠳᠡᠭᠦᠦ ᠨᠠᠷ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠃ ᠲᠠᠶᠢᠸᠠᠨ | ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯᠲᠠᠨ ᠤ ᠲᠦᠷᠦᠭᠦᠴᠦᠳ ᠤᠨ ᠬᠤᠷᠠᠯ ᠪᠣᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ | ᠠᠬᠤᠶᠢᠯᠠᠯ ᠵᠢᠴᠢ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠥᠮᠥᠰ ᠤᠨ ᠰᠣᠯᠢᠯᠴᠠᠭ᠎ᠠ ᠂ ᠬᠠᠮᠲᠤᠷᠠᠯᠴᠠᠭᠠᠨ ᠤ ᠴᠢᠬᠤᠯᠠ ᠲᠠᠪᠴᠠᠩ ᠪᠠᠶᠢᠵᠤ ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠠᠬᠢᠭᠤᠯᠬᠤ ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠭᠤᠰᠤᠯᠴᠠᠨ | ᠬᠥᠭᠵᠢᠬᠦ ᠶᠢ ᠭᠦᠨᠵᠡᠭᠡᠶᠢᠷᠡᠭᠦᠯᠬᠦ ᠳᠤ ᠴᠢᠬᠤᠯᠠ ᠦᠢᠯᠡᠳᠦᠯ ᠪᠠᠳᠠᠷᠠᠭᠤᠯᠪᠠ ᠃ ᠲᠦᠷᠦᠭᠦᠴᠦᠳ ᠤᠨ ᠬᠤᠷᠠᠯ ᠤᠨ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ | ᠠᠵᠤ ᠠᠬᠤᠶᠢᠯᠠᠯ ᠤᠨ ᠡᠲᠡᠭᠡᠳ ᠂ ᠦᠢᠯᠡᠳᠪᠦᠷᠢ ᠬᠤᠳᠠᠯᠳᠤᠭᠠᠨ ᠤ ᠡᠲᠡᠭᠡᠳ ᠢ ᠥᠷᠭᠡᠨ ᠢᠶᠠᠷ ᠪᠦᠯᠬᠦᠮᠳᠡᠭᠦᠯᠵᠦ ᠂ ᠳᠤᠮᠳᠠᠳᠤ ᠶᠢᠨ ᠦᠨᠳᠦᠰᠦᠲᠡᠨ ᠤ ᠠᠵᠤ | ᠠᠬᠤᠢ ᠶᠢ ᠪᠤᠵᠠᠭᠠᠶᠢᠷᠠᠭᠤᠯᠬᠤ ᠂ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ ᠂ ᠡᠬᠡ ᠣᠷᠣᠨ ᠤ ᠨᠢᠭᠡᠳᠦᠯ ᠤᠨ ᠶᠡᠭᠡ ᠦᠢᠯᠡᠰ ᠢ ᠠᠬᠢᠭᠤᠯᠬᠤ ᠳᠤ ᠰᠢᠨ᠎ᠡ | ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ | ᠠᠵᠤ ᠠᠬᠤᠢ ᠶᠢᠨ ᠬᠠᠮᠲᠤᠷᠠᠯᠴᠠᠭ᠎ᠠ ᠳᠤ ᠥᠷᠭᠡᠨ ᠠᠭᠤᠳᠠᠮ ᠣᠷᠣᠨ ᠵᠠᠢ ᠶᠢ ᠨᠡᠭᠡᠭᠡᠵᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠬ᠎ᠠ ᠳᠡᠭᠦᠦ ᠨᠠᠷ ᠬᠠᠮᠲᠤ ᠪᠠᠷ ᠲᠡᠮᠡᠴᠡᠬᠦ ᠴᠢᠬᠤᠯᠠᠲᠠᠢ ᠃ ᠪᠢᠳᠡ ᠦᠷᠭᠦᠯᠵᠢᠯᠡᠨ ᠲᠠᠶᠢᠸᠠᠨ | ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠡᠯ᠎ᠡ | ᠬᠦᠷᠢᠶᠡᠨ ᠳᠠᠬᠢ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠂ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ ᠳᠦᠷᠢᠮ ᠪᠠ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠬᠦ ᠪᠠᠷ ᠴᠢᠷᠮᠠᠶᠢᠵᠤ ᠂ ᠲᠠᠶᠢᠸᠠᠨ ᠤ ᠠᠬ᠎ᠠ ᠳᠡᠭᠦᠦ ᠨᠠᠷ ᠲᠠᠶᠢᠸᠠᠨ ᠤ ᠠᠵᠤ ᠠᠬᠤᠶᠢᠯᠠᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠬᠤ ᠳᠤ ᠬᠦᠴᠦᠨ ᠨᠡᠮᠡᠷᠢᠯᠡᠵᠦ ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ | ᠠᠬᠤᠶᠢᠯᠠᠯᠲᠠᠳ ᠦᠨᠳᠦᠰᠦᠲᠡᠨ ᠤ ᠶᠡᠭᠡ ᠵᠢᠷᠤᠮ ᠢ ᠪᠠᠷᠢᠮᠲᠠᠯᠠᠵᠤ ᠂ ᠲᠡᠦᠬᠡ ᠶᠢᠨ ᠶᠡᠭᠡ ᠬᠠᠨᠳᠤᠰᠢ ᠶᠢ ᠡᠵᠡᠮᠳᠡᠵᠦ ᠂ ᠴᠠᠭ ᠦᠶ᠎ᠡ ᠶᠢᠨ ᠬᠠᠷᠢᠭᠤᠴᠠᠯᠭ᠎ᠠ ᠶᠢ ᠵᠣᠷᠢᠭᠲᠠᠢ | ᠡᠭᠦᠷᠭᠡᠯᠡᠵᠦ ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠂ ᠠᠭᠤᠰᠤᠯᠴᠠᠨ ᠬᠥᠭᠵᠢᠬᠦ ᠶᠢ ᠬᠠᠮᠲᠤ ᠪᠠᠷ | ᠠᠬᠢᠭᠤᠯᠵᠤ ᠂ ᠡᠬᠡ ᠤᠯᠤᠰ ᠤᠨ ᠨᠢᠭᠡᠳᠦᠯ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠦᠢᠯᠡᠰ ᠢ ᠬᠠᠮᠲᠤ ᠪᠠᠷ ᠡᠭᠦᠳᠬᠦ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ ᠃ | 2023 ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯᠲᠠᠨ ᠤ ᠲᠦᠷᠦᠭᠦᠴᠦᠳ ᠤᠨ ᠬᠤᠷᠠᠯ ᠤᠨ 10 ᠵᠢᠯ ᠤᠨ ᠣᠢ ᠶᠢᠨ ᠣᠨ ᠤ | ᠬᠤᠷᠠᠯ ᠨᠢ ︽ ᠰᠢᠨ᠎ᠡ ᠪᠠᠶᠢᠷᠢᠰᠢᠯ ᠳᠤᠮᠳᠠ ᠠᠭᠤᠰᠤᠯᠴᠠᠨ ᠬᠥᠭᠵᠢᠬᠦ ᠪᠠ ᠴᠢᠨᠠᠷ ᠰᠠᠶᠢᠲᠠᠢ ᠬᠥᠭᠵᠢᠬᠦ ︾ ᠪᠠᠷ ᠭᠤᠣᠯ ᠰᠡᠳᠦᠪ ᠪᠣᠯᠭᠠᠵᠤ ᠂ 14 ᠤ ᠡᠳᠦᠷ | ᠵᠢᠶᠠᠩᠰᠤ ᠶᠢᠨ ᠨᠠᠨᠵᠢᠩ ᠳᠤ ᠡᠬᠢᠯᠡᠪᠡ ᠃ | | | |