| ᠰᠢᠨᠬᠤᠸᠠ ᠬᠤᠷᠢᠶ᠎ᠠ ᠶᠢᠨ ᠰᠠᠨ ᠹᠷᠠᠨᠰᠢᠰᠺᠤ ᠶᠢᠨ 11 ᠰᠠᠷ᠎ᠠ ᠶᠢᠨ 15 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15 ᠤ | ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠰᠠᠨ ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ | ᠳᠤᠮᠳᠠᠳᠤ ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠤᠯᠪᠣᠭᠳᠠᠬᠤ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ ᠪᠦᠭᠦ ᠲᠠᠯ᠎ᠠ ᠶᠢᠨ ᠴᠢᠨᠠᠷᠲᠠᠢ ᠂ ᠴᠢᠭᠯᠡᠯ ᠤᠨ ᠴᠢᠨᠠᠷᠲᠠᠢ ᠠᠰᠠᠭᠤᠳᠠᠯ ᠵᠢᠴᠢ ᠳᠡᠯᠡᠬᠡᠢ ᠶᠢᠨ ᠡᠩᠬᠡ ᠲᠠᠶᠢᠪᠤᠩ ᠪᠠ | ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠢᠶᠠᠨ ᠦᠨᠡᠨᠴᠢ ᠪᠠᠷ ᠭᠦᠨᠵᠡᠭᠡᠢ ᠰᠣᠯᠢᠯᠴᠠᠪᠠ ᠃ | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠰᠠᠨ ᠹᠷᠠᠨᠰᠢᠰᠺᠤ ᠶᠢᠨ | ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | | ᠰᠢ ᠶᠢᠨ ᠫᠢᠩ ᠹᠤᠶᠢᠯᠦᠷᠢ ᠡᠳ᠋ᠯᠡᠩ ᠳᠤ ᠬᠦᠷᠬᠦ ᠳᠤ ᠪᠠᠶᠢᠳᠧᠨ ᠬᠠᠯᠠᠭᠤᠨ ᠢᠶᠠᠷ ᠤᠭᠲᠤᠪᠠ ᠃ | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠰᠠᠨ ᠹᠷᠠᠨᠰᠢᠰᠺᠤ ᠶᠢᠨ | ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | ᠰᠢ ᠶᠢᠨ ᠫᠢᠩ ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ ᠂ ᠳᠤᠮᠳᠠᠳᠤ | ᠠᠮᠧᠷᠢᠺᠠ ᠬᠤᠶᠠᠷ ᠵᠦᠢᠯ ᠤᠨ ᠰᠣᠩᠭᠤᠯᠲᠠ ᠲᠠᠢ ᠄ ᠨᠢᠭᠡ ᠨᠢ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ ᠂ ᠳᠡᠯᠡᠬᠡᠢ ᠶᠢᠨ ᠠᠮᠤᠷ ᠲᠦᠪᠰᠢᠨ ᠪᠣᠯᠣᠨ ᠬᠥᠭᠵᠢᠯ ᠴᠡᠴᠡᠭᠯᠡᠯ ᠢ ᠠᠬᠢᠭᠤᠯᠤᠨ᠎ᠠ ᠃ ᠨᠦᠭᠦᠭᠡ ᠨᠢ ᠦᠯᠦ ᠡᠪᠰᠡᠬᠦ | ᠰᠡᠳᠬᠢᠬᠦᠢ ᠶᠢ ᠡᠪᠦᠷᠯᠡᠵᠦ ᠂ ᠯᠡᠭᠧᠷ ᠤᠨ ᠡᠰᠡᠷᠭᠦᠴᠡᠯᠳᠦᠯ ᠢ ᠥᠳᠥᠭᠡᠵᠦ ᠂ ᠳᠡᠯᠡᠬᠡᠢ ᠶᠢᠷᠲᠢᠨᠴᠦ ᠶᠢ ᠦᠢᠮᠡᠭᠡᠨ ᠳᠡᠪᠵᠢᠶᠡᠨ ᠪᠠ ᠬᠠᠭᠠᠴᠠᠯ ᠲᠠᠢ ᠪᠣᠯᠭᠠᠨ᠎ᠠ ᠃ ᠬᠤᠶᠠᠷ | ᠵᠦᠢᠯ ᠤᠨ ᠰᠣᠩᠭᠤᠯᠲᠠ ᠨᠢ ᠬᠤᠶᠠᠷ ᠴᠢᠭᠯᠡᠯ ᠢ ᠲᠥᠯᠥᠭᠡᠯᠡᠵᠦ ᠂ ᠬᠥᠮᠥᠨ ᠲᠥᠷᠥᠯᠬᠢᠲᠡᠨ ᠤ ᠢᠷᠡᠭᠡᠳᠦᠢ ᠪᠠ ᠳᠡᠯᠡᠬᠡᠢ ᠶᠢᠨ ᠪᠥᠮᠪᠥᠷᠴᠡᠭ ᠤᠨ ᠢᠷᠡᠭᠡᠳᠦᠢ ᠶᠢ | ᠲᠣᠭᠲᠠᠭᠠᠨ᠎ᠠ ᠃ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠪᠣᠯᠤᠭᠰᠠᠨ ᠤ ᠬᠤᠪᠢ ᠳᠤ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢ ᠡᠨᠡ ᠬᠦ ᠶᠡᠭᠡ ᠠᠬᠤᠢ ᠪᠠᠶᠢᠳᠠᠯ ᠳᠣᠣᠷ᠎ᠠ ᠪᠣᠳᠣᠯᠬᠢᠯᠠᠨ ᠲᠥᠯᠥᠪᠵᠢᠭᠦᠯᠬᠦ ᠬᠡᠷᠡᠭᠲᠡᠢ ᠃ ᠳᠤᠮᠳᠠᠳᠤ ᠠᠮᠧᠷᠢᠺᠠ ᠬᠤᠶᠠᠷ ᠤᠯᠤᠰ ᠬᠠᠷᠢᠯᠴᠠᠬᠤ ᠦᠭᠡᠢ | ᠪᠠᠶᠢᠵᠤ ᠪᠤᠯᠬᠤ ᠦᠭᠡᠢ ᠂ ᠨᠦᠭᠦᠭᠡ ᠡᠲᠡᠭᠡᠳ ᠢᠶᠠᠨ ᠬᠤᠪᠢᠷᠠᠭᠤᠯᠬᠤ ᠨᠢ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠶᠤᠮ ᠂ ᠮᠥᠷᠭᠦᠯᠳᠦᠭᠡᠨ ᠡᠰᠡᠷᠭᠦᠴᠡᠯᠳᠦᠯ ᠤᠨ | ᠦᠷ᠎ᠡ ᠳ᠋ᠦᠩ ᠢ ᠬᠡᠨ ᠴᠦ ᠳᠠᠭᠠᠭᠠᠵᠤ ᠴᠢᠳᠠᠬᠤ ᠦᠭᠡᠢ ᠶᠤᠮ ᠃ ᠲᠣᠮᠣ ᠤᠯᠤᠰ ᠤᠨ ᠥᠷᠢᠰᠦᠯᠳᠦᠭᠡᠨ ᠨᠢ ᠳᠤᠮᠳᠠᠳᠤ ᠠᠮᠧᠷᠢᠺᠠ ᠬᠤᠶᠠᠷ ᠤᠯᠤᠰ ᠪᠠ ᠳᠡᠯᠡᠬᠡᠢ | ᠳ᠋ᠠᠬᠢᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ ᠶᠤᠮ ᠃ ᠡᠨᠡ ᠳᠡᠯᠡᠬᠡᠢ ᠶᠢᠨ ᠪᠥᠮᠪᠥᠷᠴᠡᠭ ᠳᠤᠮᠳᠠᠳᠤ ᠠᠮᠧᠷᠢᠺᠠ ᠬᠤᠶᠠᠷ | ᠤᠯᠤᠰ ᠢ ᠪᠠᠭᠲᠠᠭᠠᠵᠤ ᠴᠢᠳᠠᠨ᠎ᠠ ᠃ ᠳᠤᠮᠳᠠᠳᠤ ᠠᠮᠧᠷᠢᠺᠠ ᠶᠢᠨ ᠥᠪᠡᠷ ᠥᠪᠡᠷ ᠤᠨ ᠬᠢᠨᠢ ᠠᠮᠵᠢᠯᠲᠠ ᠨᠢ ᠬᠠᠷᠢᠯᠴᠠᠨ ᠠᠵᠠ ᠲᠣᠭᠢᠶᠠᠯ ᠪᠣᠯᠣᠨ᠎ᠠ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠪᠣᠯᠣᠨ ᠠᠭᠤᠯᠤᠭᠳᠠᠬᠤᠨ ᠤ ᠠᠴᠢ ᠬᠤᠯᠪᠣᠭᠳᠠᠯ | ᠵᠢᠴᠢ ᠳᠤᠮᠳᠠᠳᠤ ᠤᠯᠤᠰ ᠤᠨ ᠬᠥᠭᠵᠢᠯᠲᠡ ᠶᠢᠨ ᠠᠯᠤᠰ ᠢᠷᠡᠭᠡᠳᠦᠢ ᠪᠣᠯᠣᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ ᠃ | ᠰᠢ ᠶᠢᠨ ᠫᠢᠩ ᠂ ᠳᠤᠮᠳᠠᠳᠤ ᠤᠯᠤᠰ ᠤᠨ ᠬᠥᠭᠵᠢᠯᠲᠡ ᠨᠢ ᠲᠤᠰ ᠪᠡᠶ᠎ᠡ ᠶᠢᠨ ᠯᠣᠭᠢᠭ ᠪᠠ ᠵᠢᠮ᠎ᠡ ᠶᠣᠰᠣ ᠲᠠᠢ ᠶᠤᠮ ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ ᠂ ᠳᠤᠮᠳᠠᠳᠤ | ᠤᠯᠤᠰ ᠺᠣᠯᠣᠨᠢᠴᠢᠯᠠᠨ ᠳᠡᠭᠡᠷᠡᠮᠳᠡᠬᠦ ᠬᠠᠭᠤᠴᠢᠨ ᠵᠠᠮ ᠢᠶᠠᠷ ᠵᠠᠮᠨᠠᠬᠤ ᠦᠭᠡᠢ ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠬᠦ ᠭᠠᠵᠢᠭᠤ ᠵᠠᠮ ᠢᠶᠠᠷ ᠵᠠᠮᠨᠠᠬᠤ ᠦᠭᠡᠢ ᠂ | ᠦᠵᠡᠯ ᠤᠬᠠᠮᠰᠠᠷ ᠤᠨ ᠭᠡᠯᠪᠡᠷᠢ ᠪᠠᠨ ᠴᠤ ᠭᠠᠳᠠᠭᠰᠢ ᠭᠠᠷᠭᠠᠬᠤ ᠦᠭᠡᠢ ᠃ ᠳᠤᠮᠳᠠᠳᠤ ᠤᠯᠤᠰ ᠲᠤ ᠠᠮᠧᠷᠢᠺᠠ ᠶᠢ ᠳᠠᠪᠠᠭ᠋ᠤ ᠪᠤᠶᠤ ᠠᠮᠧᠷᠢᠺᠠ ᠶᠢ ᠣᠷᠣᠯᠠᠬᠤ | ᠲᠥᠯᠦᠪᠵᠢᠭᠦᠯᠭᠡ ᠪᠠᠶᠢᠬᠤ ᠦᠭᠡᠢ ᠂ ᠠᠮᠧᠷᠢᠺᠠ ᠴᠤ ᠪᠢᠲᠡᠭᠡᠢ ᠳᠤᠮᠳᠠᠳᠤ ᠤᠯᠤᠰ ᠢ ᠳᠠᠷᠤᠩᠭᠤᠶᠢᠯᠠᠵᠤ ᠬᠤᠷᠢᠭᠯᠠᠬᠤ ᠲᠥᠯᠥᠪᠯᠡᠭᠡ ᠲᠠᠢ ᠪᠠᠶᠢᠭᠠᠷᠠᠢ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠬᠠᠷᠢᠯᠴᠠᠨ ᠭᠦᠨᠳᠦᠳᠭᠡᠵᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠨᠢ 50 ᠵᠢᠯ ᠤᠨ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠡᠦᠬᠡᠨ ᠶᠠᠪᠤᠴᠠ ᠠᠴᠠ ᠳ᠋ᠦᠩᠨᠡᠭᠰᠡᠨ ᠲᠤᠷᠰᠢᠯᠭ᠎ᠠ ᠪᠤᠯᠬᠤ ᠪᠠᠷ ᠪᠠᠷᠠᠬᠤ ᠦᠭᠡᠢ ᠪᠠᠰᠠ ᠴᠤ ᠲᠡᠦᠬᠡᠨ ᠳᠡᠭᠡᠷᠡᠬᠢ ᠲᠣᠮᠣ | ᠤᠯᠤᠰ ᠤᠨ ᠮᠥᠷᠭᠦᠯᠳᠦᠭᠡᠨ ᠤ ᠣᠯᠭᠤᠭᠰᠠᠨ ᠰᠡᠩᠬᠡᠷᠡᠭᠦᠯᠦᠯ ᠪᠠᠶᠢᠵᠤ ᠂ ᠳᠤᠮᠳᠠᠳᠤ ᠠᠮᠧᠷᠢᠺᠠ ᠶᠢᠨ ᠬᠠᠮᠲᠤ ᠪᠠᠷ ᠴᠢᠷᠮᠠᠶᠢᠬᠤ ᠴᠢᠭᠯᠡᠯ ᠪᠠᠶᠢᠬᠤ ᠶᠣᠰᠣᠲᠠᠢ ᠃ ᠡᠨᠡ | ᠤᠳᠠᠭ᠎ᠠ ᠶᠢᠨ ᠰᠠᠨ ᠹᠷᠠᠨᠰᠢᠰᠺᠤ ᠶᠢᠨ ᠠᠭᠤᠯᠵᠠᠯᠲᠠ ᠳᠤ ᠂ ᠳᠤᠮᠳᠠᠳᠤ ᠠᠮᠧᠷᠢᠺᠠ ᠰᠢᠨ᠎ᠡ ᠬᠦᠰᠡᠯ ᠡᠷᠡᠮᠡᠯᠵᠡᠯ ᠲᠠᠢ ᠪᠠᠶᠢᠵᠤ ᠂ ᠬᠠᠮᠲᠤ ᠪᠠᠷ ᠴᠢᠷᠮᠠᠶᠢᠵᠤ ᠪᠠᠶᠢᠭᠠᠳ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠠᠪᠤᠨ ᠲᠤᠯᠭᠠᠭᠤᠷᠢ ᠶᠢ ᠴᠣᠭᠴᠠᠯᠠᠨ ᠪᠣᠰᠬᠠᠪᠠᠯ ᠵᠣᠬᠢᠨ᠎ᠠ ᠃ | ᠨᠢᠭᠡ ᠳᠤ ᠂ ᠵᠥᠪ ᠲᠠᠨᠢᠯᠲᠠ ᠶᠢ ᠬᠠᠮᠲᠤ ᠪᠠᠷ ᠪᠤᠢ ᠪᠣᠯᠭᠠᠶ᠎ᠠ ᠃ ᠳᠤᠮᠳᠠᠳᠤ ᠤᠯᠤᠰ ᠢᠮᠠᠭᠲᠠ ᠲᠣᠭᠲᠠᠭᠤᠨ ᠂ ᠡᠷᠡᠭᠦᠯ ᠂ ᠦᠷᠭᠦᠯᠵᠢᠯᠡᠬᠦ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠶᠢ ᠪᠠᠶᠢᠭᠤᠯᠬᠤ ᠪᠠᠷ ᠴᠢᠷᠮᠠᠶᠢᠭᠰᠠᠭᠠᠷ ᠢᠷᠡᠪᠡ ᠃ ᠡᠭᠦᠨ ᠤ ᠬᠠᠮᠲᠤ ᠂ ᠳᠤᠮᠳᠠᠳᠤ ᠤᠯᠤᠰ ᠲᠤ ᠪᠠᠰᠠ ᠡᠷᠬᠡᠪᠰᠢ ᠬᠠᠮᠠᠭᠠᠯᠠᠬᠤ | ᠴᠢᠬᠤᠯᠠᠲᠠᠢ ᠠᠰᠢᠭ ᠲᠤᠰᠠ ᠂ ᠡᠷᠬᠡᠪᠰᠢ ᠬᠠᠮᠠᠭᠠᠯᠠᠬᠤ ᠴᠢᠬᠤᠯᠠᠲᠠᠢ ᠵᠠᠷᠴᠢᠮ ᠂ ᠡᠷᠬᠡᠪᠰᠢ ᠪᠠᠲᠤ ᠰᠠᠬᠢᠬᠤ ᠴᠢᠬᠤᠯᠠᠲᠠᠢ ᠬᠤᠷᠢᠭ᠎ᠠ ᠱᠤᠭᠤᠮ ᠪᠤᠢ ᠃ ᠬᠤᠶᠠᠷ ᠤᠯᠤᠰ | ᠬᠠᠨᠢᠲᠠᠨ ᠪᠣᠯᠵᠤ ᠂ ᠬᠠᠷᠢᠯᠴᠠᠨ ᠭᠦᠨᠳᠦᠳᠭᠡᠵᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠢ ᠬᠦᠰᠡᠵᠦ ᠪᠠᠶᠢᠨ᠎ᠠ ᠃ | ᠬᠤᠶᠠᠷ ᠲᠤ ᠂ ᠵᠥᠷᠢᠯᠳᠦᠭᠡᠨ ᠢᠶᠠᠨ ᠬᠠᠮᠲᠤ ᠪᠠᠷ ᠪᠦᠲᠦᠮᠵᠢᠲᠡᠢ ᠬᠠᠮᠢᠶᠠᠷᠤᠨ ᠡᠵᠡᠮᠳᠡᠶ᠎ᠡ ᠃ ᠵᠥᠷᠢᠯᠳᠦᠭᠡᠨ ᠢ ᠬᠤᠶᠠᠷ ᠤᠯᠤᠰ ᠤᠨ ᠬᠤᠭᠤᠷᠣᠨᠳᠤ ᠬᠥᠨᠳᠡᠯᠢᠰᠬᠦ | ᠵᠠᠭᠠᠭ ᠪᠤᠯᠭᠠᠵᠤ ᠪᠤᠯᠬᠤ ᠦᠭᠡᠢ ᠂ ᠬᠠᠷᠢᠨ ᠠᠷᠭ᠎ᠠ ᠰᠦᠪᠡᠭᠴᠢᠯᠡᠨ ᠠᠳᠠᠯᠢ ᠴᠢᠭᠯᠡᠯ ᠢᠶᠠᠷ ᠤᠷᠤᠭᠰᠢᠯᠠᠬᠤ ᠬᠥᠭᠦᠷᠭᠡ ᠲᠠᠯᠪᠢᠶ᠎ᠠ ᠃ ᠬᠤᠶᠠᠷ ᠲᠠᠯ᠎ᠠ ᠪᠠᠷ ᠢᠶᠠᠨ ᠲᠤᠰ | ᠲᠤᠰ ᠤᠨ ᠢᠶᠠᠨ ᠵᠠᠷᠴᠢᠮ ᠬᠤᠷᠢᠭ᠎ᠠ ᠱᠤᠭᠤᠮ ᠢ ᠣᠶᠢᠯᠠᠭᠠᠵᠤ ᠂ ᠳᠡᠩᠰᠡᠯᠭᠡᠬᠦ ᠦᠭᠡᠢ ᠂ ᠦ ᠰᠠᠪ ᠡᠷᠢᠬᠦ ᠦᠭᠡᠢ ᠂ ᠬᠡᠮᠵᠢᠶ᠎ᠡ ᠠᠴᠠ ᠬᠡᠲᠦᠷᠡᠭᠦᠯᠬᠦ ᠦᠭᠡᠢ ᠪᠠᠶᠢᠵᠤ ᠂ | ᠢᠯᠡᠭᠦᠬᠡᠨ ᠣᠯᠣᠯᠴᠠᠵᠤ ᠂ ᠢᠯᠡᠭᠦᠬᠡᠨ ᠶᠠᠷᠢᠯᠴᠠᠵᠤ ᠂ ᠢᠯᠡᠭᠦᠬᠡᠨ ᠵᠥᠪᠳᠡᠯᠴᠡᠵᠦ ᠂ ᠵᠥᠷᠢᠯᠳᠦᠭᠡᠨ ᠪᠠ ᠰᠠᠨᠠᠭᠠᠨ ᠠᠴᠠ ᠭᠠᠳᠠᠭᠤᠷ ᠶᠠᠪᠤᠳᠠᠯ ᠢ ᠯᠠᠪᠳᠠᠭᠤᠨ | ᠰᠢᠢᠳᠪᠦᠷᠢᠯᠡᠶ᠎ᠡ ᠃ | ᠭᠤᠷᠪᠠ ᠳᠤ ᠂ ᠬᠠᠷᠢᠯᠴᠠᠨ ᠠᠰᠢᠭᠲᠠᠢ ᠬᠠᠮᠵᠢᠯᠴᠠᠭ᠎ᠠ ᠶᠢ ᠠᠬᠢᠭᠤᠯᠤᠶ᠎ᠠ ᠃ ᠳᠤᠮᠳᠠᠳᠤ ᠠᠮᠧᠷᠢᠺᠠ ᠤᠯᠠᠨ ᠬᠦᠷᠢᠶᠡᠨ ᠳᠤ ᠥᠷᠭᠡᠨ ᠳᠡᠯᠭᠡᠷ ᠬᠠᠮᠲᠤ ᠶᠢᠨ ᠠᠰᠢᠭ | ᠲᠤᠰᠠ ᠲᠠᠢ ᠂ ᠠᠵᠤ ᠠᠬᠤᠢ ᠠᠷᠠᠯᠵᠢᠶ᠎ᠠ ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶ᠎ᠡ ᠶᠢ ᠪᠠᠭᠲᠠᠭᠠᠬᠤ ᠪᠥᠭᠡᠳ ᠠᠭᠤᠷ ᠠᠮᠢᠰᠬᠤᠯ ᠤᠨ ᠬᠤᠪᠢᠷᠠᠯᠲᠠ ᠂ | ᠵᠣᠬᠢᠶᠠᠮᠠᠯ ᠤᠶᠤᠨ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ ᠶᠢ ᠴᠦ ᠪᠠᠭᠲᠠᠭᠠᠨ᠎ᠠ ᠃ ᠣᠳᠣᠬᠠᠨ ᠤ ᠪᠠᠶᠢᠳᠠᠯ ᠳᠣᠣᠷ᠎ᠠ ᠂ ᠬᠤᠶᠠᠷ ᠤᠯᠤᠰ ᠤᠨ ᠬᠠᠮᠲᠤ ᠶᠢᠨ ᠠᠰᠢᠭ | ᠲᠤᠰᠠ ᠪᠠᠭᠠᠰᠤᠭᠰᠠᠨ ᠪᠢᠰᠢ ᠂ ᠬᠠᠷᠢᠨ ᠨᠡᠩ ᠤᠯᠠᠨ ᠪᠣᠯᠪᠠ ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ ᠂ ᠠᠵᠤ ᠠᠬᠤᠢ ᠂ ᠮᠥᠩᠭᠦᠨ ᠭᠦᠢᠯᠭᠡᠭᠡ ᠂ | ᠬᠤᠳᠠᠯᠳᠤᠭᠠᠨ ᠤ ᠶᠠᠪᠤᠳᠠᠯ ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠳᠠᠭᠢᠨ ᠰᠡᠷᠭᠦᠭᠡᠭᠰᠡᠨ ᠪᠤᠶᠤ ᠪᠠᠶᠢᠭᠤᠯᠤᠭᠰᠠᠨ ᠲᠣᠭᠲᠠᠴᠠ ᠶᠢ ᠭᠦᠢᠴᠡᠳ ᠰᠠᠶᠢᠲᠤᠷ | ᠠᠰᠢᠭᠯᠠᠵᠤ ᠂ ᠬᠤᠣᠷ ᠴᠠᠭᠠᠵᠠᠯᠠᠬᠤ ᠂ ᠬᠠᠤᠯᠢ ᠬᠡᠷᠡᠭᠵᠢᠭᠦᠯᠬᠦ ᠂ ᠵᠣᠬᠢᠶᠠᠮᠠᠯ ᠤᠶᠤᠨ ᠴᠢᠳᠠᠪᠤᠷᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠤ | ᠬᠠᠮᠲᠤᠷᠠᠯᠴᠠᠭ᠎ᠠ ᠶᠢ ᠥᠷᠨᠢᠭᠦᠯᠦᠶ᠎ᠡ ᠃ | ᠳᠥᠷᠪᠡ ᠳᠤ ᠂ ᠲᠣᠮᠣ ᠤᠯᠤᠰ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠶ᠎ᠡ ᠃ ᠬᠥᠮᠥᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ ᠪᠠᠶᠢᠭ᠎ᠠ ᠶᠠᠷᠰᠢᠭ | ᠲᠦᠪᠡᠭᠲᠡᠢ ᠶᠠᠪᠤᠳᠠᠯ ᠢ ᠰᠢᠢᠳᠪᠦᠷᠢᠯᠡᠬᠦ ᠳᠤ ᠲᠣᠮᠣ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ ᠃ ᠳᠤᠮᠳᠠᠳᠤ ᠠᠮᠧᠷᠢᠺᠠ ᠬᠡᠪ ᠳᠠᠭᠤᠷᠢᠶᠠᠯ | ᠪᠣᠯᠵᠤ ᠂ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷᠡᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠪᠦᠭᠦ ᠪᠥᠮᠪᠥᠷᠴᠡᠭ ᠲᠤ ᠨᠡᠩ ᠤᠯᠠᠨ | ᠤᠯᠠᠨ ᠨᠡᠶᠢᠲᠡ ᠶᠢᠨ ᠦᠢᠯᠡᠳᠬᠦᠨ ᠢ ᠬᠠᠩᠭᠠᠪᠠᠯ ᠵᠣᠬᠢᠨ᠎ᠠ ᠃ ᠬᠤᠶᠠᠷ ᠲᠠᠯ᠎ᠠ ᠶᠢᠨ ᠳᠤᠷᠠᠳᠤᠭᠰᠠᠨ ᠰᠠᠨᠠᠭᠠᠴᠢᠯᠠᠭ᠎ᠠ ᠨᠢ ᠬᠠᠷᠢᠯᠴᠠᠨ ᠨᠡᠭᠡᠭᠡᠯᠲᠡᠲᠡᠢ ᠪᠠᠶᠢᠪᠠᠯ ᠵᠣᠬᠢᠨ᠎ᠠ ᠂ | ᠪᠠᠰᠠ ᠵᠣᠬᠢᠴᠠᠭᠤᠯᠤᠨ ᠵᠣᠯᠭᠠᠭᠤᠯᠵᠤ ᠂ ᠬᠠᠮᠲᠤᠷᠠᠯ ᠬᠦᠴᠦᠨ ᠢ ᠪᠦᠷᠢᠯᠳᠦᠭᠦᠯᠵᠦ ᠂ ᠳᠡᠯᠡᠬᠡᠢ ᠳ᠋ᠠᠬᠢᠨ ᠳᠤ ᠪᠤᠶᠠᠨ ᠦᠢᠯᠡᠳᠴᠦ ᠪᠣᠯᠣᠨ᠎ᠠ ᠃ | ᠲᠠᠪᠤ ᠳᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠮᠲᠤ ᠪᠠᠷ ᠠᠬᠢᠭᠤᠯᠤᠶ᠎ᠠ ᠃ ᠬᠤᠶᠠᠷ ᠤᠯᠤᠰ ᠤᠨ ᠵᠢᠰᠢᠶᠠᠨ ᠤ ᠨᠢᠰᠬᠡᠯ ᠢ ᠨᠡᠮᠡᠭᠳᠡᠭᠦᠯᠵᠦ ᠂ | ᠵᠢᠭᠤᠯᠴᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ ᠂ ᠣᠷᠣᠨ ᠨᠤᠲᠤᠭ ᠤᠨ ᠶᠠᠪᠤᠯᠴᠠᠭ᠎ᠠ ᠶᠢ ᠥᠷᠭᠡᠳᠬᠡᠵᠦ ᠂ ᠰᠤᠷᠭᠠᠨ ᠬᠥᠮᠦᠵᠢᠯ ᠂ ᠵᠡᠮᠳᠡᠭᠴᠦᠳ ᠤᠨ ᠬᠡᠷᠡᠭ | ᠶᠠᠪᠤᠳᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠷᠰᠢᠯᠠᠵᠤ ᠪᠠᠶᠢᠭ᠎ᠠ ᠨᠠᠵᠠᠭᠠᠢ ᠲᠠᠯ᠎ᠠ ᠶᠢᠨ ᠬᠦᠴᠦᠨ ᠵᠦᠢᠯ ᠢ | ᠪᠠᠭᠠᠰᠬᠠᠵᠤ ᠂ ᠬᠤᠶᠠᠷ ᠤᠯᠤᠰ ᠤᠨ ᠠᠷᠠᠳ ᠲᠦᠮᠡᠨ ᠤ ᠢᠯᠡᠭᠦᠬᠡᠨ ᠶᠠᠪᠤᠯᠴᠠᠵᠤ ᠂ ᠢᠯᠡᠭᠦᠬᠡᠨ ᠣᠯᠣᠯᠴᠠᠬᠤ ᠶᠢ ᠵᠣᠷᠢᠭᠵᠢᠭᠤᠯᠵᠤ ᠂ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠳᠤ ᠰᠠᠭᠤᠷᠢ ᠶᠢ ᠪᠠᠲᠤᠳᠬᠠᠶ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠲᠠᠶᠢᠸᠠᠨ ᠤ ᠠᠰᠠᠭᠤᠳᠠᠯ ᠤᠨ ᠲᠤᠬᠠᠢ ᠵᠠᠷᠴᠢᠮ ᠵᠣᠭᠰᠣᠯᠲᠠ ᠪᠠᠨ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠲᠠᠶᠢᠸᠠᠨ ᠤ ᠠᠰᠠᠭᠤᠳᠠᠯ ᠪᠣᠯ | ᠢᠮᠠᠭᠲᠠ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠳᠤᠮᠳᠠᠬᠢ ᠬᠠᠮᠤᠭ ᠤᠨ ᠴᠢᠬᠤᠯᠠ ᠂ ᠬᠠᠮᠤᠭ ᠤᠨ ᠰᠡᠷᠭᠡᠭ ᠠᠰᠠᠭᠤᠳᠠᠯ ᠪᠣᠯᠣᠨ᠎ᠠ ᠃ ᠪᠠᠯᠢ ᠠᠷᠠᠯ ᠤᠨ | ᠠᠭᠤᠯᠵᠠᠯᠲᠠ ᠶᠢᠨ ᠦᠶ᠎ᠡ ᠶᠢᠨ ᠠᠮᠧᠷᠢᠺᠠ ᠶᠢᠨ ᠬᠤᠯᠪᠣᠭᠳᠠᠯ ᠪᠦᠬᠦᠢ ᠢᠳᠡᠪᠬᠢᠲᠡᠢ ᠣᠪᠣᠷ ᠢ ᠳᠤᠮᠳᠠᠳᠤ ᠤᠯᠤᠰ ᠴᠢᠬᠤᠯᠠᠴᠢᠯᠠᠵᠤ ᠪᠠᠶᠢᠨ᠎ᠠ ᠃ ᠠᠮᠧᠷᠢᠺᠠ ᠶᠢᠨ ᠬᠢᠨ | ︽ ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠶᠢ ᠦᠯᠦ ᠳᠡᠮᠵᠢᠬᠦ ᠣᠪᠣᠷ ᠢᠶᠠᠨ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠂ ᠲᠠᠶᠢᠸᠠᠨ ᠢ ᠵᠡᠪᠰᠡᠭᠯᠡᠬᠦ ᠪᠠᠨ | ᠵᠣᠭᠰᠣᠵᠤ ᠂ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠶᠢ ᠳᠡᠮᠵᠢᠪᠡᠯ ᠵᠣᠬᠢᠨ᠎ᠠ ᠃ ᠳᠤᠮᠳᠠᠳᠤ ᠤᠯᠤᠰ ᠡᠴᠦᠰ ᠲᠡᠭᠡᠨ ᠨᠢᠭᠡᠳᠬᠦ ᠪᠥᠭᠡᠳ ᠵᠠᠶᠢᠯᠠᠰᠢ | ᠦᠭᠡᠢ ᠨᠢᠭᠡᠳᠬᠦ ᠶᠤᠮ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠠᠮᠧᠷᠢᠺᠠ ᠶᠢᠨ ᠬᠢᠨ ᠭᠠᠳᠠᠭᠠᠳᠤ ᠭᠠᠷᠭᠠᠯᠲᠠ ᠶᠢᠨ ᠬᠠᠮᠢᠶᠠᠷᠤᠯᠲᠠ ᠂ ᠪᠡᠯᠡ ᠣᠷᠣᠭᠤᠯᠤᠯᠲᠠ ᠶᠢᠨ ᠬᠢᠨᠠᠨ ᠪᠠᠶᠢᠴᠠᠭᠠᠯᠲᠠ ᠂ ᠭᠠᠭᠴᠠ ᠲᠠᠯ᠎ᠠ ᠶᠢᠨ | ᠵᠠᠯᠬᠠᠭᠠᠯ ᠤᠨ ᠲᠠᠯ᠎ᠠ ᠪᠠᠷ ᠲᠠᠰᠤᠷᠠᠯᠲᠠ ᠦᠭᠡᠢ ᠳᠤᠮᠳᠠᠳᠤ ᠤᠯᠤᠰ ᠲᠤ ᠴᠢᠭᠯᠡᠭᠦᠯᠦᠭᠰᠡᠨ ᠠᠷᠭ᠎ᠠ ᠬᠡᠮᠵᠢᠶ᠎ᠡ ᠠᠪᠴᠤ ᠂ ᠳᠤᠮᠳᠠᠳᠤ ᠤᠯᠤᠰ ᠤᠨ ᠵᠦᠢ ᠶᠣᠰᠣᠨ ᠤ | ᠠᠰᠢᠭ ᠲᠤᠰᠠ ᠶᠢ ᠬᠦᠨᠳᠦ ᠨᠣᠴᠢᠲᠠᠢ ᠬᠤᠬᠢᠷᠠᠭᠤᠯᠵᠤ ᠪᠠᠶᠢᠨ᠎ᠠ ᠃ ᠳᠤᠮᠳᠠᠳᠤ ᠤᠯᠤᠰ ᠤᠨ ᠬᠥᠭᠵᠢᠯᠲᠡ ᠪᠣᠯ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠰᠠᠨ | ᠶᠤᠮ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠯᠪᠠᠳᠠᠨ ᠳᠠᠷᠤᠬᠤ ᠪᠣᠯ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ | ᠬᠤᠷᠢᠭᠯᠠᠵᠤ ᠂ ᠳᠤᠮᠳᠠᠳᠤ ᠤᠯᠤᠰ ᠤᠨ ᠠᠷᠠᠳ ᠲᠦᠮᠡᠨ ᠤ ᠬᠥᠭᠵᠢᠯᠲᠡ ᠶᠢᠨ ᠡᠷᠬᠡ ᠶᠢ ᠪᠤᠯᠢᠶᠠᠭᠰᠠᠨ ᠶᠠᠪᠤᠳᠠᠯ ᠪᠣᠯᠣᠨ᠎ᠠ ᠃ ᠳᠤᠮᠳᠠᠳᠤ ᠤᠯᠤᠰ ᠤᠨ ᠬᠥᠭᠵᠢᠯ | ᠪᠤᠵᠠᠭᠠᠶᠢᠷᠠᠯ ᠨᠢ ᠳᠣᠲᠣᠭᠠᠳᠤ ᠯᠣᠭᠢᠭ ᠲᠠᠢ ᠪᠠᠶᠢᠵᠤ ᠂ ᠭᠠᠳᠠᠭᠠᠳᠤ ᠬᠦᠴᠦᠨ ᠬᠤᠷᠢᠭᠯᠠᠵᠤ ᠳᠡᠶᠢᠯᠭᠦ ᠦᠭᠡᠢ ᠶᠤᠮ ᠃ ᠠᠮᠧᠷᠢᠺᠠ ᠶᠢᠨ ᠬᠢᠨ ᠳᠤᠮᠳᠠᠳᠤ ᠤᠯᠤᠰ ᠤᠨ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠲᠥᠪ ᠴᠢᠩᠭ᠎ᠠ ᠪᠠᠷ ᠬᠠᠨᠳᠤᠵᠤ ᠂ ᠠᠵᠢᠯᠯᠠᠭ᠎ᠠ ᠠᠪᠴᠤ ᠂ ᠭᠠᠭᠴᠠ ᠲᠠᠯ᠎ᠠ ᠶᠢᠨ ᠵᠠᠯᠬᠠᠭᠠᠯ ᠢ ᠬᠦᠴᠦᠨ ᠦᠭᠡᠢ | ᠪᠤᠯᠭᠠᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ ᠂ ᠲᠥᠪ ᠭᠤᠣᠯᠴᠢ ᠂ ᠦᠯᠦ ᠭᠠᠳᠠᠭᠤᠷᠴᠢᠯᠠᠬᠤ ᠣᠷᠴᠢᠨ ᠨᠥᠬᠦᠴᠡᠯ ᠬᠠᠩᠭᠠᠬᠤ ᠶᠢ | ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ | ᠪᠠᠶᠢᠳᠧᠨ ᠰᠢ ᠶᠢᠨ ᠫᠢᠩ ᠤᠨ ᠤᠷᠢᠯᠭ᠎ᠠ ᠪᠠᠷ ᠠᠮᠧᠷᠢᠺᠠ ᠳᠤ ᠬᠦᠷᠴᠦ ᠠᠮᠧᠷᠢᠺᠠ ᠳᠤᠮᠳᠠᠳᠤ ᠶᠢᠨ ᠲᠡᠷᠢᠭᠦᠨ ᠤ ᠠᠭᠤᠯᠵᠠᠯᠲᠠ ᠳᠤ ᠣᠷᠤᠯᠴᠠᠬᠤ ᠶᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ ᠃ ᠪᠠᠶᠢᠳᠧᠨ ᠂ ᠨᠢᠳᠤᠨᠤᠨ ᠪᠢ ᠲᠡᠷᠢᠭᠦᠯᠡᠭᠴᠢ ᠰᠢ ᠶᠢᠨ ᠫᠢᠩ ᠲᠠᠢ ᠪᠠᠯᠢ ᠠᠷᠠᠯ ᠳᠤ ᠴᠢᠬᠤᠯᠠ ᠠᠭᠤᠯᠵᠠᠯᠲᠠ | ᠬᠢᠵᠡᠢ ᠃ ᠰᠠᠨ ᠹᠷᠠᠨᠰᠢᠰᠺᠤ ᠪᠣᠯ ᠳᠤᠮᠳᠠᠳᠤᠴᠤᠳ ᠤᠨ ᠬᠠᠮᠤᠭ ᠤᠨ ᠲᠦᠷᠦᠭᠦᠨ ᠳᠤ ᠠᠮᠧᠷᠢᠺᠠ ᠳᠤ ᠬᠦᠷᠬᠦ ᠭᠠᠵᠠᠷ ᠮᠥᠨ ᠂ ᠠᠮᠧᠷᠢᠺᠠ ᠳᠤᠮᠳᠠᠳᠤ ᠬᠠᠮᠲᠤ ᠪᠠᠷ ︽ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ︾ ᠳᠤ ᠭᠠᠷ ᠤᠨ ᠦᠰᠦᠭ ᠵᠢᠷᠤᠬᠤ ᠳᠤ ᠣᠷᠣᠯᠴᠠᠬᠰᠠᠨ ᠭᠠᠵᠠᠷ ᠮᠥᠨ ᠂ ᠮᠥᠨ ᠴᠤ | ᠠᠮᠧᠷᠢᠺᠠ ᠳᠤᠮᠳᠠᠳᠤ ᠬᠠᠮᠤᠭ ᠤᠨ ᠡᠷᠲᠡ ᠨᠥᠭᠦᠷᠰᠡᠭ ᠬᠤᠳᠠ ᠪᠠᠶᠢᠭᠤᠯᠤᠭᠰᠠᠨ ᠭᠠᠵᠠᠷ ᠮᠥᠨ ᠃ ᠥᠨᠥᠳᠥᠷ ᠪᠢᠳᠡ ᠰᠠᠨ ᠹᠷᠠᠨᠰᠢᠰᠺᠤ ᠳᠤ ᠳᠠᠬᠢᠨᠲᠠ ᠨᠢᠭᠤᠷᠲᠠᠨ | ᠠᠭᠤᠯᠵᠠᠭᠰᠠᠨ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ ᠂ ᠪᠢ ᠪᠠᠯᠢ ᠠᠷᠠᠯ ᠤᠨ ᠠᠭᠤᠯᠵᠠᠯᠲᠠ ᠶᠢᠨ ᠰᠠᠭᠤᠷᠢᠨ ᠳᠡᠭᠡᠷ᠎ᠡ ᠰᠢᠨ᠎ᠡ ᠬᠠᠮᠲᠤ ᠶᠢᠨ | ᠲᠠᠨᠢᠯᠲᠠ ᠪᠠ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠪᠠᠶᠢᠳᠧᠨ ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠮᠥᠨ ᠂ ᠠᠮᠧᠷᠢᠺᠠ | ᠳᠤᠮᠳᠠᠳᠤ ᠶᠢᠨ ᠮᠥᠷᠭᠦᠯᠳᠦᠭᠡᠨ ᠨᠢ ᠵᠠᠶᠢᠯᠠᠰᠢ ᠦᠭᠡᠢ ᠪᠢᠰᠢ ᠂ ᠨᠢᠭᠡᠨ ᠲᠣᠭᠲᠠᠭᠤᠨ ᠪᠠ ᠬᠥᠭᠵᠢᠭᠰᠡᠨ ᠳᠤᠮᠳᠠᠳᠤ ᠤᠯᠤᠰ ᠨᠢ ᠠᠮᠧᠷᠢᠺᠠ ᠪᠣᠯᠣᠨ ᠳᠡᠯᠡᠬᠡᠢ ᠶᠢᠨ | ᠠᠰᠢᠭ ᠲᠤᠰᠠ ᠳᠤ ᠨᠡᠶᠢᠴᠡᠨ᠎ᠡ ᠂ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠨᠢ ᠠᠮᠧᠷᠢᠺᠠ ᠳᠤ ᠠᠰᠢᠭᠲᠠᠢ ᠪᠥᠭᠡᠳ ᠳᠡᠯᠡᠬᠡᠢ ᠳ᠋ᠠᠬᠢᠨ ᠳᠤ ᠴᠤ ᠠᠰᠢᠭᠲᠠᠢ | ᠭᠡᠵᠦ ᠪᠢ ᠢᠮᠠᠭᠲᠠ ᠦᠵᠡᠭᠰᠡᠭᠡᠷ ᠢᠷᠡᠵᠠᠢ ᠃ ᠠᠮᠧᠷᠢᠺᠠ ᠳᠤᠮᠳᠠᠳᠤ ᠶᠢᠨ ᠬᠠᠷᠢᠯᠴᠠᠭ᠎ᠠ ᠲᠣᠭᠲᠠᠭᠤᠨ ᠪᠠᠶᠢᠳᠠᠯ ᠢᠶᠠᠨ ᠪᠠᠲᠤᠯᠠᠵᠤ ᠂ ᠮᠥᠷᠭᠦᠯᠳᠦᠭᠡᠨ ᠢ ᠰᠡᠷᠭᠡᠶᠢᠯᠡᠵᠦ ᠂ | ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠬᠦ ᠶᠢᠨ ᠬᠠᠮᠲᠤ ᠬᠤᠶᠠᠷ ᠲᠠᠯ᠎ᠠ ᠶᠢᠨ ᠠᠰᠢᠭ ᠲᠤᠰᠠ ᠳᠤ ᠨᠡᠶᠢᠴᠡᠬᠦ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠬᠦ ᠨᠢ ᠬᠤᠶᠠᠷ | ᠤᠯᠤᠰ ᠤᠨ ᠲᠤᠰ ᠲᠤᠰ ᠤᠨ ᠪᠠ ᠬᠠᠮᠲᠤ ᠪᠠᠷ ᠲᠤᠯᠭᠠᠷᠠᠵᠤ ᠪᠠᠶᠢᠭ᠎ᠠ ᠠᠰᠠᠭᠤᠳᠠᠯ ᠢ ᠨᠡᠩ ᠰᠠᠶᠢᠲᠤᠷ ᠠᠷᠭᠠᠴᠠᠭᠠᠬᠤ ᠳᠤ ᠠᠰᠢᠭᠲᠠᠢ ᠶᠤᠮ ᠃ ᠪᠢ ᠳᠤᠷᠠᠲᠠᠶ᠎ᠠ ᠪᠠᠯᠢ | ᠠᠷᠠᠯ ᠤᠨ ᠠᠭᠤᠯᠵᠠᠯᠲᠠ ᠳᠤ ᠬᠢᠭᠰᠡᠨ ᠲᠠᠪᠤᠨ ᠠᠮᠠᠯᠠᠯᠲᠠ ᠶᠢ ᠳᠠᠪᠲᠠᠨ ᠢᠯᠡᠷᠬᠡᠶᠢᠯᠡᠶ᠎ᠡ ᠂ ᠲᠤᠬᠠᠶᠢᠯᠠᠪᠠᠯ ᠄ ᠠᠮᠧᠷᠢᠺᠠ ᠰᠢᠨ᠎ᠡ ᠬᠦᠢᠲᠡᠨ ᠲᠠᠶᠢᠨ ᠢ ᠡᠷᠢᠯᠬᠢᠯᠡᠬᠦ ᠦᠭᠡᠢ ᠂ | ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ ᠡᠷᠢᠯᠬᠢᠯᠡᠬᠦ ᠦᠭᠡᠢ ᠂ ᠬᠤᠯᠪᠣᠭᠠᠨ ᠤ ᠬᠠᠷᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ | ᠤᠯᠤᠰ ᠢ ᠡᠰᠡᠷᠭᠦᠴᠡᠬᠦ ᠦᠭᠡᠢ ᠂ ︽ ᠲᠠᠶᠢᠸᠠᠨ ᠤ ᠲᠤᠰᠠᠭᠠᠷ ᠲᠣᠭᠲᠠᠨᠢᠬᠤ ︾ ᠶᠢ ᠳᠡᠮᠵᠢᠬᠦ ᠦᠭᠡᠢ ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠪᠤᠳᠤᠯ | ᠦᠭᠡᠢ ᠃ ᠠᠮᠧᠷᠢᠺᠠ ᠳᠤᠮᠳᠠᠳᠤ ᠶᠢᠨ ᠠᠵᠤ ᠠᠬᠤᠢ ᠬᠠᠷᠢᠯᠴᠠᠨ ᠲᠦᠰᠢᠭᠯᠡᠯᠴᠡᠨᠡ ᠂ ᠠᠮᠧᠷᠢᠺᠠ ᠳᠤᠮᠳᠠᠳᠤ ᠤᠯᠤᠰ ᠤᠨ ᠬᠥᠭᠵᠢᠯᠲᠡ ᠴᠢᠨᠡᠭᠡᠯᠢᠭᠵᠢᠯ ᠢ ᠣᠯᠵᠤ | ᠬᠠᠷᠠᠬᠤ ᠳᠤᠷᠠᠲᠠᠢ ᠂ ᠳᠤᠮᠳᠠᠳᠤ ᠤᠯᠤᠰ ᠤᠨ ᠬᠥᠭᠵᠢᠯᠲᠡ ᠶᠢ ᠳᠠᠷᠤᠯᠲᠠ ᠦᠵᠡᠭᠦᠯᠵᠦ ᠬᠤᠷᠢᠭᠯᠠᠬᠤ ᠶᠢ ᠡᠷᠢᠯᠬᠢᠯᠡᠬᠦ ᠦᠭᠡᠢ ᠂ ᠳᠤᠮᠳᠠᠳᠤ ᠤᠯᠤᠰ ᠲᠠᠢ | ᠬᠠᠷᠢᠯᠴᠠᠭ᠎ᠠ ᠪᠠᠨ ᠲᠠᠰᠤᠯᠬᠤ ᠶᠢ ᠡᠷᠢᠯᠬᠢᠯᠡᠬᠦ ᠦᠭᠡᠢ ᠃ ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ | ᠬᠢᠴᠢᠶᠡᠩᠭᠦ᠋ᠢᠯᠡᠨ ᠵᠢᠷᠤᠮᠯᠠᠵᠤ ᠂ ᠬᠤᠶᠠᠷ ᠲᠠᠯ᠎ᠠ ᠶᠢᠨ ᠡᠯ᠎ᠡ ᠰᠠᠯᠠᠭ᠎ᠠ ᠮᠥᠴᠢᠷ ᠡᠯ᠎ᠡ ᠲᠡᠰ ᠳᠠᠪᠬᠤᠷᠭ᠎ᠠ ᠶᠢᠨ ᠶᠠᠷᠢᠯᠴᠠᠭ᠎ᠠ ᠥᠷᠨᠢᠭᠦᠯᠬᠦ ᠶᠢ ᠪᠠᠶᠠᠷᠯᠠᠨ ᠤᠭᠲᠤᠵᠤ ᠂ | ᠳᠤᠮᠳᠠᠳᠤ ᠤᠯᠤᠰ ᠯᠤᠭ᠎ᠠ ᠨᠡᠭᠡᠭᠡᠯᠲᠡᠲᠤ ᠦᠨᠡᠨᠴᠢ ᠣᠯᠣᠯᠴᠠᠭ᠎ᠠ ᠪᠠᠨ ᠳᠤᠷᠠᠲᠠᠶ᠎ᠠ ᠦᠷᠭᠦᠯᠵᠢᠯᠡᠨ ᠪᠠᠲᠤᠯᠠᠵᠤ ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ ᠂ | ᠠᠳᠡᠭᠦᠷᠡᠯ ᠠᠴᠠ ᠵᠠᠶᠢᠯᠠᠰᠬᠢᠵᠦ ᠂ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠨ᠎ᠡ ᠃ ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ | ᠠᠷᠠᠯᠵᠢᠶᠠᠨ ᠤ ᠬᠠᠷᠢᠯᠴᠠᠭ᠎ᠠ ᠪᠠᠨ ᠦᠷᠭᠦᠯᠵᠢᠯᠡᠨ ᠬᠥᠭᠵᠢᠭᠦᠯᠵᠦ ᠂ ᠠᠭᠤᠷ ᠠᠮᠢᠰᠬᠤᠯ ᠤᠨ ᠬᠤᠪᠢᠷᠠᠯᠲᠠ ᠂ ᠬᠤᠣᠷ ᠴᠠᠭᠠᠵᠠᠯᠠᠬᠤ ᠂ ᠵᠣᠬᠢᠶᠠᠮᠠᠯ ᠤᠶᠤᠨ ᠵᠡᠷᠭᠡ | ᠴᠢᠬᠤᠯᠠ ᠬᠦᠷᠢᠶᠡᠨ ᠳᠤ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ ᠰᠢᠭᠤᠳ ᠬᠦᠷᠬᠦ ᠡᠭᠡᠯᠵᠢ ᠶᠢᠨ ᠨᠢᠰᠬᠡᠯ ᠢᠶᠠᠨ ᠨᠡᠮᠡᠭᠳᠡᠭᠦᠯᠵᠦ ᠂ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠣᠯᠢᠯᠴᠠᠭ᠎ᠠ ᠪᠣᠯᠣᠨ ᠬᠥᠮᠥᠰ ᠤᠨ ᠶᠠᠪᠤᠯᠴᠠᠭ᠎ᠠ ᠪᠠᠨ ᠥᠷᠭᠡᠳᠬᠡᠬᠦ ᠶᠢ ᠣᠯᠵᠤ ᠬᠠᠷᠠᠬᠤ ᠳᠤᠷᠠᠲᠠᠢ ᠭᠡᠵᠦ | ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠤᠨ ᠬᠢᠨ ᠪᠠᠯᠢ ᠠᠷᠠᠯ ᠤᠨ ᠠᠭᠤᠯᠵᠠᠯᠲᠠ ᠬᠢᠭᠰᠡᠨ ᠠᠴᠠ ᠨᠠᠭᠠᠰᠢ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢᠨ ᠵᠢᠯᠤᠭᠤᠳᠬᠤ ᠵᠠᠷᠴᠢᠮ ᠢ ᠶᠠᠷᠢᠯᠴᠠᠨ ᠲᠣᠭᠲᠠᠭᠠᠭᠰᠠᠨ ᠴᠢᠷᠮᠠᠶᠢᠯᠭ᠎ᠠ ᠶᠢ ᠮᠡᠳᠡᠷᠡᠵᠦ ᠂ ᠬᠠᠷᠢᠯᠴᠠᠨ ᠭᠦᠨᠳᠦᠳᠭᠡᠵᠦ ᠂ ᠨᠠᠶᠢᠷᠠᠮᠳᠠᠯ ᠢᠶᠠᠷ ᠵᠡᠷᠭᠡᠴᠡᠨ | ᠣᠷᠣᠰᠢᠵᠤ ᠂ ᠣᠯᠣᠯᠴᠠᠭ᠎ᠠ ᠪᠠᠨ ᠪᠠᠲᠤᠯᠠᠵᠤ ᠂ ᠮᠥᠷᠭᠦᠯᠳᠦᠭᠡᠨ ᠢ ᠰᠡᠷᠭᠡᠶᠢᠯᠡᠵᠦ ᠂ ︽ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ︾ | ᠢ ᠬᠢᠴᠢᠶᠡᠩᠭᠦ᠋ᠢᠯᠡᠨ ᠵᠢᠷᠤᠮᠯᠠᠵᠤ ᠂ ᠬᠠᠮᠲᠤ ᠶᠢᠨ ᠠᠰᠢᠭ ᠲᠤᠰᠠ ᠪᠦᠬᠦᠢ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ ᠂ ᠬᠤᠶᠠᠷ ᠲᠠᠯ᠎ᠠ ᠶᠢᠨ ᠬᠠᠷᠢᠯᠴᠠᠭ᠎ᠠ ᠳᠠᠬᠢ | ᠥᠷᠢᠰᠦᠯᠳᠦᠭᠡᠨ ᠤ ᠡᠯᠧᠮᠧᠨ᠋ᠲ ᠢ ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠨ᠎ᠡ ᠭᠡᠵᠦ ᠴᠢᠬᠤᠯᠠᠴᠢᠯᠠᠪᠠ ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ | ᠪᠦᠯᠭᠦᠮ ᠦᠷᠭᠦᠯᠵᠢᠯᠡᠨ ᠡᠭᠦᠨ ᠤ ᠲᠤᠬᠠᠢ ᠶᠠᠷᠢᠯᠴᠠᠬᠤ ᠶᠢ ᠪᠠᠶᠠᠷᠯᠠᠨ ᠤᠭᠲᠤᠪᠠ ᠃ | ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠡᠯ᠎ᠡ ᠬᠦᠷᠢᠶᠡᠨ ᠳᠠᠬᠢ ᠶᠠᠷᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠪᠠ ᠴᠢᠩᠭᠠᠳᠬᠠᠬᠤ ᠶᠢ | ᠵᠥᠪᠰᠢᠶᠡᠷᠡᠪᠡ ᠂ ᠡᠭᠦᠨ ᠳᠤ ᠄ ᠵᠣᠬᠢᠶᠠᠮᠠᠯ ᠤᠶᠤᠨ ᠤ ᠵᠠᠰᠠᠭ ᠤᠨ ᠣᠷᠳᠣᠨ ᠤ ᠬᠤᠭᠤᠷᠣᠨᠳᠣᠭᠢ ᠶᠠᠷᠢᠯᠴᠠᠭ᠎ᠠ ᠶᠢ ᠪᠠᠶᠢᠭᠤᠯᠤᠨ᠎ᠠ ︔ ᠳᠤᠮᠳᠠᠳᠤ ᠠᠮᠧᠷᠢᠺᠠ ᠶᠢᠨ ᠬᠤᠣᠷ | ᠴᠠᠭᠠᠵᠠᠯᠠᠬᠤ ᠬᠠᠮᠲᠤᠷᠠᠯᠴᠠᠭᠠᠨ ᠤ ᠠᠵᠢᠯᠯᠠᠬᠤ ᠳᠤᠭᠤᠶᠢᠯᠠᠩ ᠢ ᠪᠠᠶᠢᠭᠤᠯᠵᠤ ᠂ ᠬᠤᠣᠷ ᠴᠠᠭᠠᠵᠠᠯᠠᠬᠤ ᠬᠠᠮᠲᠤᠷᠠᠯᠴᠠᠭ᠎ᠠ ᠶᠢ ᠥᠷᠨᠢᠭᠦᠯᠦᠨ᠎ᠡ ︔ ᠡᠷᠬᠡ ᠲᠡᠭᠰᠢ ᠪᠠ | ᠬᠦᠨᠳᠦᠳᠬᠡᠯ ᠤᠨ ᠰᠠᠭᠤᠷᠢᠨ ᠳᠡᠭᠡᠷ᠎ᠡ ᠬᠤᠶᠠᠷ ᠤᠯᠤᠰ ᠤᠨ ᠴᠡᠷᠢᠭ ᠤᠨ ᠳᠡᠭᠡᠳᠦ ᠳᠠᠪᠬᠤᠷᠭ᠎ᠠ ᠶᠢᠨ ᠨᠡᠪᠲᠡᠷᠡᠯᠴᠡᠭᠡ ᠂ ᠳᠤᠮᠳᠠᠳᠤ ᠠᠮᠧᠷᠢᠺᠠ ᠶᠢᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠶᠠᠮᠤᠨ ᠤ ᠠᠵᠢᠯ ᠤᠨ ᠠᠭᠤᠯᠵᠠᠯᠲᠠ ᠂ ᠳᠤᠮᠳᠠᠳᠤ ᠠᠮᠧᠷᠢᠺᠠ ᠶᠢᠨ ᠲᠠᠯᠠᠢ ᠳᠡᠭᠡᠷᠡᠬᠢ ᠴᠡᠷᠢᠭ ᠤᠨ ᠶᠠᠪᠤᠳᠠᠯ ᠤᠨ ᠠᠮᠤᠷ ᠲᠦᠪᠰᠢᠨ ᠤ | ᠵᠥᠪᠳᠡᠯᠴᠡᠭᠡ ᠶᠢᠨ ᠲᠣᠭᠲᠠᠴᠠ ᠶᠢᠨ ᠬᠤᠷᠠᠯ ᠢ ᠰᠡᠷᠭᠦᠭᠡᠵᠦ ᠂ ᠳᠤᠮᠳᠠᠳᠤ ᠠᠮᠧᠷᠢᠺᠠ ᠬᠤᠶᠠᠷ ᠤᠯᠤᠰ ᠤᠨ ᠴᠡᠷᠢᠭ ᠠᠩᠭᠢ ᠶᠢᠨ ᠪᠠᠶᠢᠯᠳᠤᠭᠠᠨ ᠤ ᠲᠣᠭᠤᠷᠢᠭ ᠤᠨ | ᠤᠳᠤᠷᠢᠳᠤᠯᠭ᠎ᠠ ᠶᠢᠨ ᠶᠠᠷᠢᠯᠴᠠᠭ᠎ᠠ ᠥᠷᠨᠢᠭᠦᠯᠦᠨ᠎ᠡ ︔ ᠢᠷᠡᠬᠦ ᠵᠢᠯ ᠤᠨ ᠡᠬᠢᠨ ᠢᠶᠠᠷ ᠵᠢᠰᠢᠶᠠᠨ ᠤ ᠨᠢᠰᠬᠡᠯ ᠢ ᠴᠢᠨᠠᠭᠰᠢᠳᠠ ᠶᠡᠭᠡ ᠬᠡᠮᠵᠢᠶ᠎ᠡ ᠪᠠᠷ ᠨᠡᠮᠡᠭᠳᠡᠭᠦᠯᠬᠦ ᠶᠢ | ᠵᠥᠪᠰᠢᠶᠡᠷᠡᠨ᠎ᠡ ︔ ᠰᠤᠷᠭᠠᠨ ᠬᠥᠮᠦᠵᠢᠯ ᠂ ᠭᠠᠳᠠᠭᠠᠳᠤ ᠳᠤ ᠰᠤᠷᠤᠯᠴᠠᠬᠤ ᠰᠤᠷᠤᠬᠴᠢ ᠂ ᠵᠠᠯᠠᠭᠤᠴᠤᠳ ᠂ ᠰᠣᠶᠣᠯ ᠪᠣᠯᠪᠠᠰᠤᠷᠠᠯ ᠂ ᠪᠡᠶ᠎ᠡ ᠶᠢᠨ ᠲᠠᠮᠢᠷ ᠪᠠ | ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠰᠣᠯᠢᠯᠴᠠᠭ᠎ᠠ ᠶᠢ ᠥᠷᠭᠡᠳᠬᠡᠬᠦ ᠵᠡᠷᠭᠡ ᠶᠢ ᠪᠠᠭᠲᠠᠭᠠᠪᠠ ᠃ | ᠬᠤᠶᠠᠷ ᠤᠯᠤᠰ ᠤᠨ ᠲᠡᠷᠢᠭᠦᠨ ᠣᠳᠣᠬᠠᠨ ᠤ ᠵᠠᠩᠭᠢᠯᠠᠭ᠎ᠠ ᠶᠢᠨ ᠠᠷᠪᠠᠨ ᠵᠢᠯ ᠳᠤ ᠳᠤᠮᠳᠠᠳᠤ ᠠᠮᠧᠷᠢᠺᠠ ᠠᠭᠤᠷ ᠠᠮᠢᠰᠬᠤᠯ ᠤᠨ ᠬᠢᠮᠤᠷᠠᠯ ᠢ ᠠᠷᠭᠠᠴᠠᠭᠠᠬᠤ ᠶᠢ | ᠲᠦᠷᠭᠡᠳᠬᠡᠬᠦ ᠪᠠᠷ ᠴᠢᠷᠮᠠᠶᠢᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ ᠂ ᠬᠤᠶᠠᠷ ᠤᠯᠤᠰ ᠤᠨ ᠠᠭᠤᠷ ᠠᠮᠢᠰᠬᠤᠯ ᠤᠨ ᠣᠨᠴᠠ ᠡᠯᠴᠢ ᠶᠢᠨ ᠣᠶᠢᠷ᠎ᠠ ᠶᠢᠨ | ᠬᠤᠭᠤᠴᠠᠭᠠᠨ ᠳᠤ ᠥᠷᠨᠢᠭᠦᠯᠦᠭᠰᠡᠨ ᠢᠳᠡᠪᠬᠢᠲᠡᠢ ᠶᠠᠷᠢᠯᠴᠠᠭ᠎ᠠ ᠶᠢ ᠪᠠᠶᠠᠷᠯᠠᠨ ᠤᠭᠲᠤᠪᠠ ᠂ ᠡᠭᠦᠨ ᠳᠤ ᠄ 2020 ᠣᠨ ᠤ ᠦᠶ᠎ᠡ ᠶᠢᠨ ᠤᠯᠤᠰ ᠤᠨ ᠳᠣᠲᠣᠭᠠᠳᠤ ᠶᠢᠨ | ᠪᠣᠬᠢᠷᠳᠤᠯ ᠢ ᠪᠠᠭᠠᠰᠬᠠᠬᠤ ᠠᠵᠢᠯᠯᠠᠭ᠎ᠠ ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠳ᠋ᠦᠪᠠᠢ ᠶᠢᠨ ᠶᠡᠭᠡ ᠬᠤᠷᠠᠯ | ︵ COP 28 ︶ ᠤᠨ ᠠᠮᠵᠢᠯᠲᠠ ᠣᠯᠬᠤ ᠶᠢ ᠬᠠᠮᠲᠤ ᠪᠠᠷ ᠠᠬᠢᠭᠤᠯᠵᠤ ᠂ ᠳᠤᠮᠳᠠᠳᠤ ᠠᠮᠧᠷᠢᠺᠠ ᠶᠢᠨ ︽ 21 ᠳ᠋ᠦ᠋ᠭᠡᠷ ᠵᠠᠭᠤᠨ ᠤ ᠬᠤᠷᠢᠭᠠᠳ ᠣᠨ ᠤ ᠠᠭᠤᠷ | ᠠᠮᠢᠰᠬᠤᠯ ᠤᠨ ᠠᠵᠢᠯᠯᠠᠭ᠎ᠠ ᠶᠢ ᠴᠢᠩᠭᠠᠳᠬᠠᠬᠤ ᠠᠵᠢᠯ ᠤᠨ ᠳᠤᠭᠤᠶᠢᠯᠠᠩ ︾ ᠢ ᠡᠬᠢᠯᠡᠭᠦᠯᠬᠦ ᠪᠠᠷ ᠠᠭᠤᠷ ᠠᠮᠢᠰᠬᠤᠯ ᠤᠨ ᠪᠣᠳᠠᠲᠠᠢ ᠠᠵᠢᠯᠯᠠᠭ᠎ᠠ ᠶᠢ ᠲᠦᠷᠭᠡᠳᠬᠡᠬᠦ | ᠵᠡᠷᠭᠡ ᠶᠢ ᠪᠠᠭᠲᠠᠭᠠᠪᠠ ᠃ | ᠬᠡᠯᠡᠯᠴᠡᠭᠡ ᠶᠢᠨ ᠲᠠᠷᠠᠭ᠎ᠠ ᠂ ᠪᠠᠶᠢᠳᠧᠨ ᠰᠢ ᠶᠢᠨ ᠫᠢᠩ ᠢ ᠤᠭᠲᠤᠬᠤ ᠦᠳᠡ ᠶᠢᠨ ᠳᠠᠶᠢᠯᠠᠯᠭ᠎ᠠ ᠬᠢᠪᠡ ᠃ ᠬᠤᠶᠠᠷ ᠤᠯᠤᠰ ᠤᠨ ᠲᠡᠷᠢᠭᠦᠨ ᠬᠠᠮᠲᠤ ᠪᠠᠷ ᠠᠩᠬᠠᠷᠴᠤ | ᠪᠠᠶᠢᠭ᠎ᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ ᠃ | ᠪᠠᠶᠢᠳᠧᠨ ᠪᠠᠰᠠ ᠰᠢ ᠶᠢᠨ ᠫᠢᠩ ᠢ ᠤᠷᠢᠵᠤ ᠹᠸᠢᠢᠯᠤᠷᠢ ᠡᠳ᠋ᠯᠡᠩ ᠳᠤ ᠰᠡᠯᠡᠭᠦᠴᠡᠨ ᠠᠯᠬᠤᠭᠰᠠᠨ ᠪᠥᠭᠡᠳ ᠲᠡᠷᠭᠡᠨ ᠳᠤ ᠭᠠᠷᠬᠤ ᠭᠠᠵᠠᠷ ᠲᠤ ᠰᠢ ᠶᠢᠨ ᠫᠢᠩ ᠢ | ᠪᠡᠶ᠎ᠡ ᠪᠠᠷ ᠢᠶᠠᠨ ᠬᠦᠷᠭᠡᠵᠦ ᠰᠠᠯᠬᠤ ᠶᠣᠰᠣ ᠭᠦᠢᠴᠡᠳᠬᠡᠪᠡ ᠃ | ᠡᠨᠡ ᠤᠳᠠᠭᠠᠨ ᠤ ᠠᠭᠤᠯᠵᠠᠯᠲᠠ ᠨᠢ ᠢᠳᠡᠪᠬᠢᠲᠡᠢ ᠂ ᠪᠦᠭᠦ ᠲᠠᠯ᠎ᠠ ᠶᠢᠨ ᠂ ᠪᠦᠲᠦᠭᠡᠯᠴᠢ ᠴᠢᠨᠠᠷᠲᠠᠢ ᠪᠠᠶᠢᠵᠤ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ | ᠰᠠᠶᠢᠵᠢᠷᠠᠭᠤᠯᠤᠨ ᠬᠥᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ ᠃ ᠰᠠᠨ ᠹᠷᠠᠨᠰᠢᠰᠺᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ | ᠲᠣᠭᠲᠠᠭᠤᠨ ᠪᠠᠶᠢᠯᠭᠠᠬᠤ ᠰᠢᠨ᠎ᠡ ᠡᠭᠢᠯᠡᠯᠲᠡ ᠪᠤᠯᠬᠤ ᠶᠣᠰᠣᠲᠠᠢ ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠤᠨ ᠬᠢᠨ ᠢ ᠪᠠᠯᠢ ᠠᠷᠠᠯ ᠤᠨ | ᠠᠭᠤᠯᠵᠠᠯᠲᠠ ᠶᠢᠨ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠂ ᠲᠤᠰ ᠤᠳᠠᠭ᠎ᠠ ᠶᠢᠨ ᠠᠭᠤᠯᠵᠠᠯᠲᠠ ᠳᠤ ᠲᠣᠬᠢᠷᠠᠯᠴᠠᠭᠰᠠᠨ | ᠰᠢᠨ᠎ᠡ ᠠᠯᠤᠰ ᠤᠨ ᠲᠥᠯᠥᠪ ᠢ ᠴᠠᠭ ᠲᠤᠬᠠᠢ ᠳᠤᠨᠢ ᠳᠠᠭᠠᠵᠤ ᠨᠠᠶᠢᠳᠠᠪᠤᠷᠢᠵᠢᠭᠤᠯᠬᠤ ᠶᠢ ᠳᠠᠭᠠᠭᠠᠯᠭᠠᠪᠠ ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ | ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ ᠃ | ᠼᠠᠢ ᠴᠢ ᠂ ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ | | | |