| 11 ᠰᠠᠷ᠎ᠠ ᠶᠢᠨ 15 ᠤ ᠡᠳᠦᠷ ᠂ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠰᠢᠶᠠᠨ ᠭᠠᠵᠠᠷ ᠤᠨ ᠲᠠᠰ ᠠᠴᠠ ᠳᠡᠭᠡᠭᠰᠢᠬᠢ | ᠤᠳᠤᠷᠢᠳᠬᠤ ᠨᠥᠬᠦᠳ ᠦᠨᠠᠩᠬᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠤᠯᠢᠯᠴᠠᠭᠠᠨ ᠤ ᠬᠤᠷᠠᠯ ᠢ ᠡᠷᠬᠢᠯᠡᠪᠡ ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠠᠢ ᠃ ᠸᠠᠩ ᠭᠦᠸᠧ ᠴᠢᠤᠸᠠᠨ ᠂ ᠯᠦ ᠵᠠᠨ ᠴᠢᠩ ᠂ ᠵᠢᠶᠠ ᠭᠤᠸᠠᠩ ᠬᠤᠸᠠ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠰᠢᠶᠠᠨ ᠤ | ᠱᠠᠲᠤᠨ ᠤ ᠤᠳᠤᠷᠢᠳᠬᠤ ᠨᠥᠬᠦᠳ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠰᠢᠶᠠᠨ ᠤ ᠱᠠᠲᠤᠨ ᠤ ᠤᠳᠤᠷᠢᠳᠬᠤ ᠨᠥᠬᠦᠳ ᠵᠢᠴᠢ | ᠬᠤᠰᠢᠭᠤᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠭᠦᠨ ᠨᠢᠭᠡᠴᠢ ᠶᠢᠨ ᠭᠤᠣᠯ | ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ ᠃ | | ᠵᠢᠷᠤᠭ ᠄ 11 ᠰᠠᠷ᠎ᠠ ᠶᠢᠨ 15 ᠤ ᠡᠳᠦᠷ ᠂ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠰᠢᠶᠠᠨ ᠭᠠᠵᠠᠷ ᠤᠨ ᠲᠠᠰ ᠠᠴᠠ | ᠳᠡᠭᠡᠭᠰᠢᠬᠢ ᠤᠳᠤᠷᠢᠳᠬᠤ ᠨᠥᠬᠦᠳ ᠤᠨ ᠠᠩᠬᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠢ ᠡᠷᠬᠢᠯᠡᠪᠡ ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠠᠢ ᠃ | ᠾᠧ ᠽᠢ ᠯᠦᠩ ᠰᠡᠭᠦᠳᠡᠷᠯᠡᠪᠡ | ᠬᠤᠷᠠᠯ ᠳᠡᠭᠡᠷ᠎ᠡ ᠂ ᠯᠦ ᠵᠠᠨ ᠴᠢᠩ ᠂ ᠵᠢᠶᠠ ᠭᠤᠸᠠᠩ ᠬᠤᠸᠠ ᠂ ᠯᠢ ᠶᠣᠣ ᠵᠢᠶᠦ᠋ᠨ ᠂ ᠦ᠋ ᠰᠢᠦᠢ ᠳ᠋ᠦᠩ ᠂ ᠸᠠᠩ ᠮᠢᠨ ᠂ ᠶᠠᠨ ᠹᠧᠢ ᠂ ᠭᠤᠸ ᠷᠦᠨ ᠬᠤᠸᠠ ᠂ | ᠭᠦᠸᠧ ᠶᠦᠩ ᠯᠢᠨ ᠵᠡᠷᠭᠡ ᠬᠡᠳᠦᠨ ᠨᠥᠬᠦᠳ ︽ ᠵᠥᠪ ᠣᠨᠣᠪᠴᠢᠲᠠᠶ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠣᠶ ᠪᠣᠯᠭᠠᠨ ᠦᠢᠯᠡᠳᠦᠯᠭᠡᠵᠢᠭᠦᠯᠵᠦ ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠷᠠᠳ ᠤᠨ ᠠᠮᠢᠳᠤᠷᠠᠯ ᠢ ᠨᠠᠩ ᠰᠠᠶᠢᠲᠤᠷ ᠰᠠᠶᠢᠵᠢᠷᠠᠭᠤᠯᠤᠨ ᠪᠠᠲᠤᠯᠠᠬᠤ ︾ ᠶᠢᠨ ᠲᠣᠭᠤᠷᠢᠨ ᠳᠤ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠢ ᠰᠣᠯᠢᠯᠴᠠᠬᠤ ᠦᠭᠡ ᠶᠠᠷᠢᠪᠠ ᠃ | ᠰᠤ᠋ ᠰᠢᠨ ᠶᠠ ᠬᠤᠷᠠᠯ ᠳᠤ ᠣᠷᠣᠯᠴᠠᠭᠰᠠᠨ ᠨᠥᠬᠦᠳ ᠤᠨ ᠶᠠᠷᠢᠬᠰᠠᠨ ᠦᠭᠡ ᠶᠢ ᠦᠨᠡᠯᠡᠵᠦ ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠤᠰ | ᠤᠳᠠᠭ᠎ᠠ ᠶᠢᠨ ᠲᠤᠷᠰᠢᠯᠭ᠎ᠠ ᠰᠣᠯᠢᠯᠴᠠᠬᠤ ᠪᠠᠷ ᠨᠠᠷᠢᠨ ᠬᠢᠨᠠᠮᠠᠭᠠᠢ ᠲᠣᠯᠢ ᠪᠣᠯᠭᠠᠵᠤ ᠂ ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢᠯᠠᠨ ᠂ ᠨᠢᠭᠡ ᠪᠦᠯᠦᠭ ᠳᠡᠯᠭᠡᠷᠡᠭᠦᠯᠦᠨ | ᠬᠡᠷᠡᠭᠯᠡᠵᠦ ᠪᠣᠯᠬᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠵᠦ ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠪᠠᠷ ᠭᠤᠣᠯ ᠰᠡᠳᠦᠪᠲᠦ | ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠲᠡᠷᠡ ᠬᠡᠯᠡᠬᠦ ᠳᠡᠭᠡᠨ᠂ ᠪᠠᠶᠢᠴᠠᠭᠠᠨ ᠰᠤᠳᠤᠯᠤᠯᠲᠠ ᠬᠢᠬᠦ ᠶᠢ | ᠠᠵᠢᠯ ᠤᠨ ᠳᠠᠳᠬᠠᠯ ᠪᠣᠯᠭᠠᠵᠤ ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠪᠦᠭᠦ ᠬᠤᠰᠢᠭᠤᠨ ᠤ | ᠬᠠᠮᠤᠭ ᠤᠨ ᠪᠠᠴᠢᠮ ᠂ ᠬᠠᠮᠤᠭ ᠤᠨ ᠲᠣᠪᠣᠶᠢᠮ᠎ᠠ ᠠᠰᠠᠭᠤᠳᠠᠯ ᠪᠠ ᠵᠥᠷᠢᠴᠡᠯ ᠤᠨ ᠲᠣᠭᠤᠷᠢᠨ ᠳᠤ ᠂ ᠭᠠᠷᠴᠤ ᠶᠠᠪᠤᠨ ᠂ ᠦᠨᠳᠦᠰᠦᠨ ᠱᠠᠲᠤᠨ ᠳᠤ ᠬᠦᠷᠴᠦ ᠂ ᠬᠡᠷᠡᠭ | ᠪᠣᠳᠠᠰ ᠤᠨ ᠦᠨᠡᠨ ᠪᠠᠶᠢᠳᠠᠯ ᠪᠠ ᠪᠦᠭᠦ ᠪᠠᠶᠢᠳᠠᠯ ᠢ ᠲᠣᠳᠣᠷᠬᠠᠢ ᠣᠶᠢᠯᠠᠭᠠᠵᠤ ᠂ ᠠᠰᠠᠭᠤᠳᠠᠯ ᠤᠨ ᠮᠥᠨ ᠴᠢᠨᠠᠷ ᠪᠠ ᠵᠢᠮ᠎ᠡ ᠶᠣᠰᠣ ᠶᠢ ᠲᠣᠳᠣᠷᠬᠠᠢ ᠣᠶᠢᠯᠠᠭᠠᠨ ᠂ | ᠡᠯ᠎ᠡ ᠲᠦᠷᠦᠯ ᠤᠨ ᠠᠵᠢᠯ ᠤᠨ ᠪᠠᠶᠢᠴᠠᠭᠠᠯᠲᠠ ᠶᠢᠨ ᠳᠤᠮᠳᠠ ᠭᠦᠨᠵᠡᠭᠡᠶᠢᠷᠡᠵᠦ ᠂ ᠪᠠᠶᠢᠴᠠᠭᠠᠨ ᠰᠤᠳᠤᠯᠤᠯᠳᠠ ᠶᠢᠨ ᠳᠤᠮᠳᠠ ᠦᠷ᠎ᠡ ᠪᠦᠲᠦᠮᠵᠢ ᠣᠯᠬᠤ ᠶᠢ ᠦᠨᠡᠨ ᠬᠦ | ᠠᠬᠢᠭᠤᠯᠬᠤ ᠬᠡᠷᠡᠭᠲᠡᠢ ᠃ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠠᠵᠢᠯ ᠤᠨ ᠠᠷᠭ᠎ᠠ ᠬᠡᠮᠵᠢᠶ᠎ᠡ ᠪᠣᠯᠭᠠᠵᠤ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ ᠂ ᠠᠰᠠᠭᠤᠳᠠᠯ ᠤᠨ | ᠲᠣᠳᠣᠷᠬᠠᠢ ᠬᠠᠭᠤᠳᠠᠰᠤ ᠂ ᠠᠷᠭᠠᠴᠠᠭᠠᠬᠤ ᠪᠣᠳᠣᠯᠭ᠎ᠠ ᠶᠢᠨ ᠲᠣᠳᠣᠷᠬᠠᠢ ᠬᠠᠭᠤᠳᠠᠰᠤ ᠂ ᠦᠷ᠎ᠡ ᠪᠦᠲᠦᠭᠡᠯ ᠤᠨ ᠲᠣᠳᠣᠷᠬᠠᠢ ᠬᠠᠭᠤᠳᠠᠰᠤ ᠶᠢ ᠭᠠᠷᠭᠠᠵᠤ | ᠲᠡᠭᠦᠯᠳᠡᠷᠵᠢᠭᠦᠯᠤᠨ ᠂ ᠬᠠᠷᠢᠭᠤᠴᠠᠯᠭᠠᠶᠢᠨ ᠤᠳᠤᠷᠢᠳᠤᠯᠭ᠎ᠠ ᠂ ᠬᠠᠷᠢᠭᠤᠴᠠᠯᠭ᠎ᠠ ᠶᠢᠨ ᠨᠢᠭᠡᠴᠢ ᠂ ᠠᠵᠢᠯ ᠤᠨ ᠠᠷᠭ᠎ᠠ ᠬᠡᠮᠵᠢᠶ᠎ᠡ ᠪᠠ ᠬᠠᠯᠠᠨ ᠰᠠᠶᠢᠵᠢᠷᠠᠭᠤᠯᠬᠤ ᠴᠠᠭ | ᠬᠤᠭᠤᠴᠠᠭ᠎ᠠ ᠶᠢ ᠨᠢᠭᠡᠳ ᠨᠢᠭᠡ ᠪᠠᠷ ᠲᠣᠳᠣᠷᠬᠠᠶᠢᠯᠠᠵᠤ ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠤᠨ ᠪᠣᠳᠠᠲᠤ ᠪᠠᠶᠢᠳᠠᠯ ᠪᠣᠯᠭᠠᠨ | ᠬᠤᠪᠢᠷᠠᠭᠤᠯᠵᠤ ᠂ ᠲᠡᠷᠡ ᠶᠣᠰᠣᠭᠠᠷ ᠨᠢ ᠤᠷᠤᠨᠵᠢᠭᠤᠯᠤᠨ ᠨᠠᠶᠢᠳᠠᠪᠤᠷᠢᠵᠢᠭᠤᠯᠬᠤ ᠭᠡᠷᠡᠭᠳᠡᠢ ᠃ | ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠶᠢ ᠠᠵᠢᠯ ᠤᠨ ᠬᠠᠷᠠᠯᠲᠠ ᠪᠣᠯᠭᠠᠵᠤ ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠢ᠃ | ᠣᠶᠢᠯᠠᠭᠠᠭᠳᠠᠬᠤᠨ ᠤ ᠰᠡᠳᠬᠢᠴᠡ ᠂ ᠠᠵᠢᠯ ᠤᠨ ᠲᠣᠭᠲᠠᠴᠠ ᠂ ᠠᠷᠭ᠎ᠠ ᠬᠡᠯᠪᠡᠷᠢ ᠶᠢᠨ ᠲᠠᠯ᠎ᠠ ᠠᠴᠠ ᠤᠴᠢᠵᠤ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ | ᠠᠰᠠᠭᠤᠳᠠᠯ ᠢ ᠰᠢᠯᠢᠳᠡᠭᠵᠢᠭᠦᠯᠦᠨ ᠰᠢᠢᠳᠪᠦᠷᠢᠯᠡᠬᠦ ᠶᠢ ᠴᠢᠬᠤᠯᠠᠴᠢᠯᠠᠵᠤ ᠂ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ ᠤᠷᠢᠳᠠᠴᠢ ᠴᠢᠨᠠᠷᠲᠠᠢ ᠂ ᠰᠢᠨ᠎ᠡ ᠶᠢ | ᠡᠭᠦᠳᠬᠦ ᠴᠢᠨᠠᠷᠲᠠᠢ ᠠᠷᠭ᠎ᠠ ᠬᠢᠳᠡᠯ ᠢ ᠪᠣᠳᠠᠲᠠᠢ ᠠᠵᠢᠯ ᠤᠨ ᠳᠤᠮᠳᠠ ᠪᠠᠨ ᠵᠣᠷᠢᠭᠲᠠᠢ ᠪᠠᠷ ᠬᠡᠷᠡᠭᠯᠡᠵᠦ ᠂ ᠨᠡᠶᠢᠲᠡᠯᠢᠭ ᠠᠷᠭ᠎ᠠ ᠂ ᠲᠡᠷᠢᠭᠦᠨ ᠤ ᠲᠤᠷᠰᠢᠯᠭ᠎ᠠ ᠶᠢ ᠳ᠋ᠦᠩᠨᠡᠨ | ᠳᠡᠯᠭᠡᠷᠡᠭᠦᠯᠬᠦ ᠶᠢ ᠰᠠᠶᠢᠲᠤᠷ ᠬᠢᠵᠦ ᠂ ︽ ᠭᠠᠭᠴᠠ ᠮᠤᠳᠤᠨ ᠤ ᠦᠵᠡᠮᠵᠢ ︾ ᠶᠢ ᠦᠨᠡᠨ ᠬᠦ ︽ ᠬᠠᠪᠤᠷ ᠤᠨ ᠦᠵᠡᠮᠵᠢ ︾ ᠪᠣᠯᠭᠠᠨ ᠬᠤᠪᠢᠷᠠᠭᠤᠯᠵᠤ ᠂ ᠪᠥᠬᠦ | ᠬᠤᠰᠢᠭᠤᠨ ᠤ ᠪᠦᠬᠦᠯᠢ ᠴᠣᠭᠴᠠ ᠶᠢᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠭᠡᠷᠡᠭᠳᠡᠢ ᠭᠡᠪᠡ ᠃ | | | |