| 11 ᠰᠠᠷ᠎ᠠ ᠶᠢᠨ 16 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠭᠦ ᠲᠠᠯ᠎ᠠ ᠪᠠᠷ | ᠲᠤᠭᠤᠰᠢᠯᠠᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤ | ᠮᠡᠳᠡᠭᠦᠯᠦᠯᠲᠡ ᠶᠢ ᠰᠣᠨᠣᠰᠪᠠ ᠃ | ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ ᠂ ᠮᠥᠨ | ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ ᠭᠡᠵᠦ ᠵᠢᠭᠠᠵᠤ ᠭᠠᠷᠭᠠᠪᠠ ᠃ ᠬᠡᠳᠦᠨ ᠰᠠᠷ᠎ᠠ ᠶᠢᠨ ᠲᠤᠷᠰᠢ ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ ᠂ ᠣᠯᠠᠨ ᠤᠳᠠᠭ᠎ᠠ ᠬᠤᠷᠠᠯ ᠬᠤᠷᠠᠯᠳᠤᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ ᠂ | ︽ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠣᠭᠲᠠᠭᠠᠯ ︾ ᠢ ᠨᠡᠶᠢᠲᠡᠯᠡᠵᠦ ᠂ ︽ ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ ︾ ᠬᠠᠷᠠᠯᠲᠠ ᠡᠭᠦᠷᠭᠡ ᠶᠢ ᠳᠤᠷᠠᠳᠴᠤ ᠂ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾ ᠢ | ᠲᠣᠭᠲᠠᠭᠠᠬᠤ ᠶᠢ ᠠᠬᠢᠭᠤᠯᠵᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠳᠡᠪᠬᠢᠲᠡᠢ ᠬᠥᠳᠡᠯᠦᠯᠴᠡᠵᠦ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠰᠡᠳᠬᠢᠴᠡ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ | ᠰᠤᠳᠤᠯᠤᠨ ᠰᠦᠪᠡᠭᠴᠢᠯᠡᠵᠦ ᠂ ᠠᠯᠢ ᠣᠯᠠᠨ ᠠᠵᠢᠯ ᠢ ᠦᠨᠡᠨ ᠪᠣᠳᠠᠲᠠᠢ ᠥᠷᠥ ᠵᠢᠷᠦᠬᠡᠨ ᠠᠴᠠ ᠪᠠᠨ ᠥᠷᠨᠢᠭᠦᠯᠵᠦ ᠂ ᠣᠷᠣᠨ ᠳᠠᠶᠠᠭᠠᠷ ᠤᠨ ᠭᠤᠣᠯ ᠱᠤᠭᠤᠮ ᠢ ᠪᠦᠭᠦ | ᠲᠠᠯ᠎ᠠ ᠪᠠᠷ ᠲᠤᠭᠤᠰᠢᠯᠠᠭᠤᠯᠬᠤ ᠬᠠᠮᠲᠤ ᠶᠢᠨ ᠲᠠᠨᠢᠯᠲᠠ ᠲᠠᠰᠤᠷᠠᠯᠲᠠ ᠦᠭᠡᠢ ᠴᠢᠩᠭᠠᠷᠠᠵᠤ ᠂ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠪᠡ ᠃ | ᠭᠤᠣᠯ ᠰᠢᠵᠢᠮ ᠤᠨ ᠡᠯ᠎ᠡ ᠵᠦᠢᠯ ᠤᠨ ᠠᠵᠢᠯ ᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠬᠤ ᠶᠢᠨ | ᠲᠥᠯᠥᠭᠡ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠯᠣᠨ ᠡᠯ᠎ᠡ ᠠᠶᠢᠮᠠᠭ | ᠬᠤᠲᠠ ᠶᠢᠨ ᠪᠣᠳᠠᠲᠠᠢ ᠰᠡᠳᠬᠢᠮᠵᠢ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠪᠦᠯᠦᠭ ᠬᠤᠪᠢᠶᠠᠨ ᠰᠣᠨᠣᠰᠬᠤ ᠪᠠᠷ ᠲᠣᠭᠲᠠᠵᠤ ᠂ 16 ᠤ ᠦᠳᠡ ᠶᠢᠨ | ᠬᠤᠶᠢᠨᠠᠬᠢ ᠬᠤᠷᠠᠯ ᠪᠣᠯ ᠨᠢᠭᠡᠳᠦᠭᠡᠷ ᠲᠠᠯᠠᠪᠠᠢ ᠬᠠᠷᠢᠭᠤ ᠮᠡᠳᠡᠭᠦᠯᠦᠯᠲᠡ ᠶᠢᠨ ᠬᠤᠷᠠᠯ ᠪᠣᠯᠣᠨ᠎ᠠ ᠃ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠂ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠬᠠᠤᠯᠢ | ᠴᠠᠭᠠᠵᠠ ᠶᠢᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠰᠣᠶᠣᠯ ᠵᠢᠭᠤᠯᠴᠢᠯᠠᠯ ᠤᠨ ᠲᠢᠩᠬᠢᠮ ᠂ | ᠪᠡᠶ᠎ᠡ ᠶᠢᠨ ᠲᠠᠮᠢᠷ ᠤᠨ ᠲᠣᠪᠴᠢᠶ᠎ᠠ ᠂ ᠡᠮᠡᠭᠲᠡᠶᠢᠴᠦᠳ ᠤᠨ ᠬᠤᠯᠪᠤᠭ᠎ᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠬᠠᠷᠢᠭᠤ ᠮᠡᠳᠡᠭᠦᠯᠦᠯᠲᠡ ᠬᠢᠪᠡ ᠃ ᠰᠦᠨ | ᠱᠤᠤ ᠴᠧᠩ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ ᠂ ᠪᠠᠶᠢᠨ ᠪᠠᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠠᠨ ᠲᠠᠢ ᠰᠠᠨᠠᠯ ᠢᠶᠠᠨ ᠰᠣᠯᠢᠯᠴᠠᠵᠤ ᠂ | ᠬᠡᠳᠦᠨ ᠪᠠᠶᠢᠭᠤᠯᠭ᠎ᠠ ᠨᠢᠭᠡᠴᠢ ᠶᠢᠨ ᠬᠢᠨ ᠢ ᠬᠤᠷᠠᠯ ᠤᠨ ᠳᠠᠷᠠᠭ᠎ᠠ ᠳᠠᠭᠢᠨ ᠭᠦᠨᠵᠡᠭᠡᠢ ᠰᠡᠳᠬᠢᠨ ᠪᠣᠳᠣᠯᠬᠢᠯᠠᠵᠤ ᠂ ᠨᠡᠩ ᠨᠠᠷᠢᠯᠢᠭ ᠂ ᠨᠡᠩ ᠪᠣᠳᠠᠲᠠᠢ ᠠᠵᠢᠯ ᠤᠨ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠬᠤ ᠶᠢ ᠱᠠᠭᠠᠷᠳᠠᠪᠠ ᠃ | ᠰᠦᠨ ᠱᠤᠤ ᠴᠧᠩ ᠶᠠᠷᠢᠶᠠᠨ ᠳᠠᠭᠠᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠲᠤᠬᠠᠢ ᠴᠢᠬᠤᠯᠠ ᠥᠭᠦᠯᠡᠯᠲᠡ ᠵᠢᠴᠢ ᠤᠴᠢᠷ ᠰᠢᠯᠲᠠᠭᠠᠨ ᠢ ᠨᠠᠷᠢᠨ ᠬᠢᠨᠠᠮᠠᠭᠠᠢ ᠡᠮᠬᠢᠳᠬᠡᠪᠡ ᠃ ᠲᠡᠷᠡ ᠂ ᠥᠪᠥᠷ ᠮᠣᠩᠭᠤᠯ ᠨᠢ ᠶᠡᠷᠦᠩᠬᠡᠢ ᠱᠦᠵᠢ | ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ ᠮᠥᠨ ᠴᠤ ᠦᠨᠳᠦᠰᠦᠲᠡᠨ ᠤ ᠭᠠᠵᠠᠷ | ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ ︾ ᠭᠡᠬᠦ ᠴᠢᠬᠤᠯᠠ ᠶᠡᠭᠡ ᠨᠤᠲᠠᠯᠠᠯᠲᠠ ᠶᠢ ᠠᠩᠬ᠎ᠠ ᠤᠳᠠᠭ᠎ᠠ ᠳᠤᠷᠠᠳᠤᠭᠰᠠᠨ ᠭᠠᠵᠠᠷ ᠪᠣᠯᠤᠭᠰᠠᠨ ᠤ | ᠬᠤᠪᠢ ᠳᠤ ᠵᠠᠪᠠᠯ ᠡᠨᠡ ᠬᠦ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠲᠦᠷᠦᠭᠦᠨ ᠳᠤᠨᠢ ᠶᠠᠪᠤᠵᠤ ᠂ ᠥᠯᠢᠭᠡᠷ | ᠳᠠᠭᠤᠷᠢᠶᠠᠯ ᠪᠤᠯᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠦᠰᠦᠨ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠠᠷᠢᠯᠢᠭ | ᠣᠶᠢᠯᠠᠭᠠᠵᠤ ᠂ ᠶᠡᠷᠦᠩᠬᠡᠢ ᠱᠦᠵᠢ ᠰᠢ ᠶᠢᠨ ᠫᠢᠩ ᠶᠠᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠢᠩᠭᠢᠵᠦ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠂ ᠶᠠᠭᠤᠨ ᠳᠤ ᠲᠡᠭᠦᠨ ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠣᠯᠣᠨ | ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠭᠡᠬᠦ ᠡᠶᠢᠮᠦᠷᠬᠦᠦ ᠥᠨᠳᠥᠷ ᠲᠦᠪᠰᠢᠨ ᠳᠤ ᠬᠦᠷᠭᠡᠭᠰᠡᠨ ᠢ ᠭᠦᠨᠵᠡᠭᠡᠢ | ᠣᠶᠢᠯᠠᠭᠠᠵᠤ ᠂ ᠲᠡᠷᠡ ᠨᠢ ᠶᠠᠭᠤ ᠪᠤᠯᠬᠤ ᠲᠡᠷᠡ ᠨᠢ ᠶᠠᠭᠠᠬᠢᠭᠠᠳ ᠲᠡᠶᠢᠮᠦ ᠪᠤᠯᠬᠤ ᠶᠢ ᠦᠨᠡᠨ ᠬᠦ ᠮᠡᠳᠡᠵᠦ ᠂ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ | ᠦᠵᠡᠯ ᠤᠬᠠᠮᠰᠠᠷ ᠪᠣᠯᠣᠨ ᠰᠡᠷᠡᠯ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂ ᠤᠯᠤᠰ ᠲᠦᠷᠦ ᠶᠢᠨ | ᠪᠠᠶᠢᠭᠤᠯᠤᠯᠲᠠ ᠂ ᠰᠣᠶᠣᠯ ᠤᠨ ᠪᠠᠶᠢᠭᠤᠯᠤᠯᠲᠠ ᠂ ᠨᠡᠶᠢᠭᠡᠮ ᠤᠨ ᠪᠠᠶᠢᠭᠤᠯᠤᠯᠲᠠ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ | ᠵᠡᠷᠭᠡ ᠲᠠᠢ ᠴᠥᠮ ᠨᠢᠭᠲᠠ ᠤᠶᠠᠯᠳᠤᠭᠤᠯᠵᠤ ᠂ ᠡᠨᠡ ᠭᠤᠣᠯ ᠱᠤᠭᠤᠮ ᠠᠴᠠ ᠥᠴᠥᠬᠡᠨ ᠴᠦ ᠰᠠᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠃ ᠡᠮᠦᠨᠡᠬᠢ | ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ ︽ ᠭᠤᠷᠪᠠᠨ ᠰᠠᠯᠵᠤ ᠴᠢᠳᠠᠬᠤ ᠦᠭᠡᠢ ︾ ᠂ ︽ ᠳᠥᠷᠪᠡ ᠶᠢ ᠬᠠᠮᠲᠤᠳᠬᠠᠬᠤ ︾ ᠂ ︽ ᠲᠠᠪᠤᠨ ᠬᠠᠮᠲᠤ ᠶᠢᠨ | ᠲᠠᠨᠢᠯᠲᠠ ︾ ᠪᠠ ︽ ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ ︾ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠬᠡᠷᠬᠢᠨ ᠨᠡᠩ ᠭᠦᠨᠵᠡᠭᠡᠢ ᠪᠣᠳᠠᠲᠠᠢ | ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠭᠦᠨᠵᠡᠭᠡᠢ ᠰᠡᠳᠬᠢᠨ ᠪᠣᠳᠣᠯᠬᠢᠯᠠᠵᠤ ᠂ ᠰᠡᠳᠬᠢᠮᠵᠢ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭ | ᠤᠨᠤᠪᠴᠢᠲᠠᠢ ᠪᠣᠳᠣᠯᠬᠢᠯᠠᠨ ᠲᠥᠯᠥᠪᠵᠢᠭᠦᠯᠵᠦ ᠂ ᠭᠤᠣᠯ ᠰᠢᠵᠢᠮ ᠢᠶᠠᠨ ᠡᠯ᠎ᠡ ᠵᠦᠢᠯ ᠤᠨ ᠠᠵᠢᠯ ᠤᠨ ᠪᠦᠭᠦ ᠶᠠᠪᠤᠴᠠ ᠡᠯ᠎ᠡ ᠭᠤᠭᠴᠤᠭ᠎ᠠ ᠳᠤ ᠦᠨᠡᠨ ᠪᠣᠳᠠᠲᠠᠢ | ᠨᠠᠶᠢᠳᠠᠪᠤᠷᠢᠵᠢᠭᠤᠯᠬᠤ ᠬᠡᠷᠡᠭᠲᠡᠢ ᠃ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ ᠂ ᠭᠤᠣᠯ ᠰᠢᠵᠢᠮ ᠢ ᠲᠤᠭᠤᠰᠢᠯᠠᠭᠤᠯᠬᠤ | ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠣᠷᠭᠠᠨᠢᠭ ᠢᠶᠠᠷ ᠨᠢᠭᠡᠳᠬᠡᠵᠦ ᠂ ᠭᠤᠣᠯ ᠰᠢᠵᠢᠮ ᠨᠢ ᠭᠤᠣᠯ ᠰᠢᠵᠢᠮ ᠢᠶᠠᠷ ᠢᠶᠠᠨ ᠂ ᠠᠵᠢᠯ ᠨᠢ | ᠠᠵᠢᠯ ᠢᠶᠠᠷ ᠢᠶᠠᠨ ᠪᠠᠶᠢᠬᠤ ︽ ᠬᠤᠶᠠᠷ ᠠᠰᠲᠠᠭᠠᠨ ᠶᠠᠪᠤᠳᠠᠯ ︾ ᠪᠤᠯᠭᠠᠵᠤ ᠪᠤᠯᠬᠤ ᠦᠭᠡᠢ ᠂ ᠨᠡᠩ ᠴᠤ ᠬᠤᠭᠤᠰᠤᠨ ᠤᠷᠢᠶ᠎ᠠ ᠬᠠᠰᠬᠢᠷᠤᠨ ᠭᠡᠯᠪᠡᠷᠢ ᠶᠢᠨ ᠲᠡᠳᠦᠢ | ᠪᠠᠶᠢᠵᠤ ᠪᠤᠯᠬᠤ ᠦᠭᠡᠢ ᠃ ︽ ᠬᠠᠮᠲᠤ ︾ ᠳᠡᠭᠡᠷ᠎ᠡ ᠬᠦᠴᠦ ᠣᠷᠣᠭᠤᠯᠵᠤ ᠂ ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠂ ᠤᠴᠢᠷ ᠶᠠᠪᠤᠳᠠᠯ ᠢ ᠬᠠᠮᠲᠤ ᠪᠠᠷ ᠬᠢᠬᠦ ᠂ ᠬᠦᠴᠢᠷ ᠠᠰᠠᠭᠤᠳᠠᠯ ᠢ | ᠬᠠᠮᠲᠤ ᠪᠠᠷ ᠡᠭᠦᠷᠭᠡᠯᠡᠬᠦ ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠃ ᠤᠮᠠᠷᠠᠲᠤ ᠬᠢᠯᠢ ᠶᠢᠨ | ᠰᠣᠶᠣᠯ ᠤᠨ ᠲᠦᠷᠦᠯ ᠲᠡᠮᠳᠡᠭ ᠢ ᠡᠭᠦᠳᠦᠨ ᠰᠠᠶᠢᠲᠤᠷ ᠠᠰᠢᠭᠯᠠᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠨᠢᠭᠡᠳᠦᠨ ᠵᠣᠷᠢᠭ ᠰᠠᠨᠠᠭ᠎ᠠ ᠪᠠᠨ | ᠬᠠᠮᠲᠤᠳᠬᠠᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠃ ᠬᠤᠯᠪᠣᠭᠳᠠᠯ ᠪᠦᠬᠦᠢ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠪᠣᠭᠤᠮᠲᠠ | ᠰᠠᠬᠢᠬᠤ ᠶᠢ ᠴᠢᠩᠭᠠᠳᠬᠠᠵᠤ ᠂ ᠤᠳᠤᠷᠢᠳᠤᠮᠵᠢ ᠶᠢ ᠪᠦᠷᠢᠯᠳᠦᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠭᠦ ᠲᠠᠯ᠎ᠠ ᠪᠠᠷ | ᠲᠤᠭᠤᠰᠢᠯᠠᠭᠤᠯᠤᠨ ᠪᠠᠬᠢᠵᠢᠭᠦᠯᠬᠦ ᠡᠨᠡ ᠬᠦ ᠭᠤᠣᠯ ᠰᠢᠵᠢᠮ ᠢ ᠪᠠᠶᠢᠩᠭᠤ ᠪᠦᠲᠦᠮᠵᠢᠲᠡᠢ ᠪᠠᠷ ᠠᠳᠬᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ ᠃ | ᠢᠦᠢ ᠯᠢ ᠰᠢᠨ ᠣᠷᠣᠯᠴᠠᠵᠠᠢ ᠃ | | | |