| ᠪᠠᠶᠠᠨᠨᠠᠭᠤᠷ ᠬᠤᠳᠠ ᠶᠢᠨ ᠭᠠᠭᠴᠠᠮᠣᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠭᠰᠠᠨ ᠢᠶᠠᠷ ᠂ 10 ᠳ᠋ᠤᠭᠠᠷ ᠰᠠᠷ᠎ᠠ ᠶᠢᠨ 30 ᠤ ᠡᠳᠦᠷ | ᠪᠣᠯᠲᠠᠯ᠎ᠠ ᠂ ᠲᠤᠬᠠᠶᠢᠯᠠᠪᠠᠯ ᠡᠨᠡ ᠵᠢᠯ ᠤᠨ 241 ᠳ᠋ᠦ᠋ᠭᠡᠷ ᠪᠣᠭᠤᠮᠲᠠ ᠪᠠᠷ ᠥᠩᠭᠡᠷᠡᠬᠦ ᠬᠦᠴᠦᠨ ᠲᠠᠢ ᠡᠳᠦᠷ ᠪᠣᠯᠲᠠᠯ᠎ᠠ ᠂ ᠭᠠᠭᠴᠠᠮᠣᠳᠤ ᠪᠣᠭᠤᠮᠲᠠ ᠪᠠᠷ | ᠥᠩᠭᠡᠷᠡᠭᠦᠯᠦᠭᠰᠡᠨ ᠪᠠᠷᠠᠭᠠᠨ ᠤ ᠬᠡᠮᠵᠢᠶ᠎ᠡ 3004.07 ᠲᠦᠮᠡᠨ ᠲᠣᠨ ᠢ ᠳᠠᠪᠠᠵᠤ ᠂ ᠠᠳᠠᠯᠢ ᠬᠤᠭᠤᠴᠠᠭᠠᠨ ᠤ ᠬᠢ ᠠᠴᠠ 124.96% ᠪᠠᠷ ᠨᠡᠮᠡᠭᠳᠡᠵᠡᠢ ᠃ | ᠡᠭᠦᠨ ᠳᠤ ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 2891.33 ᠲᠦᠮᠡᠨ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 131.53% ᠪᠠᠷ | ᠨᠡᠮᠡᠭᠳᠡᠵᠡᠢ ︔ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠨᠤᠨᠳᠠᠭ 71.34 ᠲᠦᠮᠡᠨ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 11. | 47% ᠪᠠᠷ ᠨᠡᠮᠡᠭᠳᠡᠪᠡ ︔ ᠭᠠᠳᠠᠭᠠᠳᠤ ᠳᠤ ᠭᠠᠷᠭᠠᠭᠰᠠᠨ ᠪᠠᠷᠠᠭ᠎ᠠ 41.4 ᠲᠦᠮᠡᠨ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 83.62% ᠢᠶᠠᠷ | ᠨᠡᠮᠡᠭᠳᠡᠵᠦ ᠂ ᠭᠠᠭᠴᠠᠮᠣᠳᠤ ᠪᠣᠭᠤᠮᠲᠠ ᠪᠠᠷ ᠥᠩᠭᠡᠷᠡᠭᠦᠯᠦᠭᠰᠡᠨ ᠲᠡᠦᠬᠡᠨ ᠰᠢᠨ᠎ᠡ ᠲᠡᠮᠳᠡᠭᠯᠡᠯ ᠢ ᠡᠭᠦᠳᠴᠡᠢ ᠃ | ᠭᠠᠭᠴᠠᠮᠣᠳᠤ ᠪᠣᠭᠤᠮᠲᠠ ᠶᠢ ᠨᠡᠭᠡᠭᠡᠭᠰᠡᠨ 31 ᠵᠢᠯ ᠤᠨ ᠲᠤᠷᠰᠢ ᠂ ︽ ᠪᠦᠰᠡ ᠪᠠ ᠵᠠᠮ ︾ ᠤᠨ ᠶᠡᠭᠡ ᠪᠠᠶᠢᠷᠢᠰᠢᠯ ᠢ ᠬᠠᠮᠲᠤ ᠪᠠᠷ ᠪᠦᠲᠦᠭᠡᠨ ᠪᠠᠶᠢᠭᠤᠯᠬᠤ ᠳᠤ | ᠢᠳᠡᠪᠬᠢᠲᠡᠢ ᠪᠠᠷ ᠠᠭᠤᠰᠤᠯᠴᠠᠵᠤ ᠂ ᠰᠠᠭᠤᠷᠢ ᠪᠡᠯᠡᠳᠬᠡᠮᠵᠢ ᠶᠢᠨ ᠬᠤᠯᠪᠣᠯᠳᠤᠨ ᠨᠡᠪᠲᠡᠷᠡᠯᠴᠡᠬᠦ ᠂ ᠪᠣᠭᠤᠮᠲᠠ ᠪᠠᠷ ᠥᠩᠭᠡᠷᠡᠭᠦᠯᠬᠦ ᠬᠠᠮᠲᠤᠷᠠᠯᠴᠠᠭ᠎ᠠ ᠂ ᠲᠠᠪᠴᠠᠩ ᠤᠨ | ᠬᠠᠮᠲᠤᠷᠠᠯᠴᠠᠭᠰᠠᠨ ᠪᠦᠲᠦᠭᠡᠨ ᠪᠠᠶᠢᠭᠤᠯᠤᠯᠲᠠ ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠰᠢᠨ᠎ᠡ ᠵᠠᠮ ᠢ ᠨᠡᠭᠡᠭᠡᠬᠦ ᠵᠡᠷᠭᠡ ᠬᠦᠷᠢᠶᠡᠨ ᠳᠤ | ᠲᠠᠰᠤᠷᠠᠯᠲᠠ ᠦᠭᠡᠢ ᠬᠦᠴᠦᠯᠡᠵᠦ ᠂ AGV ᠬᠢᠯᠢ ᠠᠯᠤᠰᠯᠠᠭᠰᠠᠨ ᠲᠡᠭᠡᠭᠡᠪᠦᠷᠢ ᠶᠢᠨ ᠵᠠᠭᠪᠤᠷ ᠨᠢ ᠪᠣᠭᠤᠮᠲᠠ ᠶᠢᠨ ᠣᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢ ᠪᠠᠶᠢᠭᠤᠯᠬᠤ ᠳᠤ ᠵᠠᠮ ᠬᠠᠩᠭᠠᠵᠤ ᠂ ᠪᠣᠭᠤᠮᠲᠠ ᠪᠠᠷ ᠥᠩᠭᠡᠷᠡᠭᠦᠯᠬᠦ ᠴᠢᠳᠠᠪᠤᠷᠢ ᠶᠢ ᠲᠦᠢᠯ ᠤᠨ ᠶᠡᠭᠡ ᠪᠠᠷ ᠨᠡᠮᠡᠭᠳᠡᠭᠦᠯᠦᠨ ᠂ ᠭᠠᠭᠴᠠᠮᠣᠳᠤ | ᠪᠣᠭᠤᠮᠲᠠ ᠶᠢᠨ ᠵᠢᠯ ᠤᠨ ᠪᠠᠷᠠᠭ᠎ᠠ ᠶᠢᠨ ᠬᠡᠮᠵᠢᠶ᠎ᠡ ᠲᠦᠮᠡᠨ ᠲᠣᠨ ᠬᠦᠷᠬᠦ ᠦᠭᠡᠢ ᠪᠠᠶᠢᠭᠰᠠᠨ ᠠᠴᠠ ᠪᠥᠬᠦ ᠤᠯᠤᠰ ᠤᠨ ᠪᠠᠷᠠᠭ᠎ᠠ ᠶᠢᠨ ᠬᠡᠮᠵᠢᠶ᠎ᠡ ᠪᠠᠷ ᠬᠠᠮᠤᠭ ᠤᠨ ᠶᠡᠭᠡ | ᠵᠠᠰᠠᠮᠠᠯ ᠵᠠᠮ ᠤᠨ ᠪᠣᠭᠤᠮᠲᠠ ᠪᠣᠯᠬᠤ ᠳᠤ ᠬᠦᠴᠦᠨ ᠨᠡᠮᠡᠷᠢᠯᠡᠪᠡ ᠃ | ︽ ᠣᠶᠢᠷ᠎ᠠ ᠶᠢᠨ ᠵᠢᠯ ᠤᠳ ᠠᠴᠠ ᠨᠠᠭᠠᠰᠢ ᠂ ︿ ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠭᠦᠯᠬᠦ ﹀ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠣᠯᠭᠤᠭᠰᠠᠨ ᠨᠢ ᠭᠠᠭᠴᠠᠮᠳᠤ ᠪᠣᠭᠤᠮᠲᠠ ᠶᠢᠨ ︿ ᠲᠠᠪᠤᠨ ᠶᠡᠭᠡ ᠡᠭᠦᠷᠭᠡ ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠪᠠᠶᠠᠨᠨᠠᠭᠤᠷ ᠬᠤᠲᠠ ᠶᠢᠨ ︿ ᠲᠠᠪᠤᠨ | ᠥᠨᠳᠥᠷ ᠲᠠᠪᠤᠨ ᠲᠣᠭᠤᠷᠢᠭ ﹀ ᠤᠨ ᠬᠠᠷᠠᠯᠲᠠ ᠶᠢᠨ ᠴᠢᠬᠤᠯᠠ ᠭᠠᠷᠳᠠᠴᠠ ᠮᠥᠨ ᠃ ︾ ᠭᠠᠭᠴᠠᠮᠣᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ ᠲᠢᠶᠠᠨ ᠬᠦᠶ ᠬᠤ᠋ ᠲᠠᠨᠢᠯᠴᠠᠭᠤᠯᠬᠤ ᠳᠤ ᠪᠠᠨ ᠂ ︽ ᠳᠠᠷᠠᠭ᠎ᠠ ᠪᠠᠷ ᠭᠠᠭᠴᠠᠮᠣᠳᠤ ᠪᠣᠭᠤᠮᠲᠠ ︿ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ | ᠬᠤᠷᠢᠶᠠᠨ ᠤ ᠰᠠᠨᠠᠯ ﹀ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠠᠭᠴᠠᠮᠣᠳᠤ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠡᠮᠦᠨᠡᠬᠢ | ᠬᠤᠭᠤᠴᠠᠭᠠᠨ ᠤ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ︿ ᠣᠶᠤᠨᠲᠤ ᠪᠣᠭᠤᠮᠲᠠ ﹀ ︿ ᠲᠣᠭᠠᠴᠢᠯᠠᠭᠰᠠᠨ ᠤᠯᠤᠰ ᠤᠨ ᠡᠭᠦᠳᠡ ﹀ ᠶᠢᠨ | ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠪᠣᠭᠤᠮᠲᠠ ᠪᠠᠷ ᠥᠩᠭᠡᠷᠡᠭᠦᠯᠬᠦ ᠪᠠᠲᠤᠯᠠᠭ᠎ᠠ ᠶᠢᠨ ᠴᠢᠳᠠᠪᠤᠷᠢ ᠶᠢ | ᠨᠡᠮᠡᠭᠳᠡᠭᠦᠯᠵᠦ ᠂ ᠤᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ᠂ ᠬᠢᠯᠢ ᠪᠠ ᠳᠣᠲᠣᠷ ᠭᠠᠵᠠᠷ ᠬᠠᠷᠢᠯᠴᠠᠨ ᠬᠥᠳᠡᠯᠦᠯᠴᠡᠬᠦ ᠂ ᠬᠤᠳᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠣᠨᠣᠪᠴᠢᠲᠠᠢ ᠬᠦᠴᠦᠯᠡᠵᠦ ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ | ᠪᠠᠶᠢᠭᠤᠯᠬᠤ ᠳᠤ ᠬᠦᠴᠦ ᠪᠠᠨ ᠡᠷᠭᠦᠨ᠎ᠡ ︾ ᠭᠡᠵᠦ ᠬᠡᠯᠡᠪᠡ ᠃ | | | |