| 10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠸᠠᠩ | ᠭᠦᠸᠧ ᠴᠢᠤᠸᠠᠨ ᠬᠤᠯᠪᠤᠭᠠᠯᠠᠨ ᠳᠠᠭᠠᠭᠠᠴᠢᠯᠠᠬᠤ ᠴᠡᠭ ᠪᠤᠯᠬᠤ ᠵᠡᠬᠦᠠᠭᠠᠷ ᠵᠤᠤ ᠪᠠᠯᠭᠠᠰᠤᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ | ᠬᠢᠴᠢᠶᠡᠯ ᠤᠨ ᠤᠬᠠᠭᠤᠯᠤᠨ ᠲᠠᠶᠢᠯᠪᠤᠷᠢᠯᠠᠯᠲᠠ ᠬᠢᠵᠤ ᠂ ᠪᠠᠯᠭᠠᠰᠤ ᠲᠣᠰᠬᠤᠨ ᠬᠤᠶᠠᠷ ᠱᠠᠲᠤᠨ ᠤ ᠤᠳᠤᠷᠢᠳᠬᠤ ᠺᠠᠳ᠋ᠷᠴᠤᠳ ᠲᠠᠢ ᠬᠠᠮᠲᠤᠪᠠᠷ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠂ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠲᠣᠭᠤᠷᠢᠨ ᠳᠤ ᠨᠢᠭᠤᠷᠳᠠᠨ ᠰᠠᠨᠠᠯ ᠢᠶᠠᠨ ᠰᠣᠯᠢᠯᠴᠠᠪᠠ᠃ | | | ᠵᠢᠷᠤᠭ ᠄10 ᠰᠠᠷ᠎ᠠ ᠶᠢᠨ 31 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ | ᠳᠠᠷᠤᠭ᠎ᠠ ᠸᠠᠩ ᠭᠦᠸᠧ ᠴᠢᠤᠸᠠᠨ ᠬᠤᠯᠪᠤᠭᠠᠯᠠᠨ ᠳᠠᠭᠠᠭᠠᠴᠢᠯᠠᠬᠤ ᠴᠡᠭ ᠪᠤᠯᠬᠤ ᠵᠡᠭᠦᠨᠭᠠᠷ ᠵᠣᠤ ᠪᠠᠯᠭᠠᠰᠤᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ | ᠰᠡᠳᠦᠪᠲᠦ ᠨᠠᠮ ᠤᠨ ᠬᠢᠴᠢᠶᠡᠯ ᠤᠨ ᠤᠬᠠᠭᠤᠯᠤᠨ ᠲᠠᠶᠢᠯᠪᠤᠷᠢᠯᠠᠯᠲᠠ ᠬᠢᠪᠡ ᠃ ᠶᠤᠸᠠᠢ ᠴᠧᠨ ᠶᠠᠨ ᠰᠡᠭᠦᠳᠡᠷᠯᠡᠪᠡ | ᠸᠠᠩ ᠭᠦᠸᠧ ᠴᠢᠤᠸᠠᠨ ᠬᠡᠯᠡᠬᠦ ᠳᠡᠭᠡᠨ ᠂ ᠤᠯᠤᠰ ᠲᠥᠷᠥ ᠶᠢᠨ ᠵᠣᠭᠰᠣᠴᠠ ᠪᠠᠨ ᠪᠠᠳᠤᠳᠬᠠᠵᠤ ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ | ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ ᠂ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ᠂ ᠳᠣᠲᠣᠭᠠᠳᠤ ᠯᠣᠭᠢᠭ ᠂ ᠦᠨᠳᠦᠰᠦᠨ | ᠡᠭᠦᠷᠭᠡ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ ᠂ ᠨᠢᠭᠡᠳᠦᠯᠲᠡᠢ ᠦᠵᠡᠯ ᠰᠠᠨᠠᠭ᠎ᠠ᠂ ᠡᠷᠡᠰ ᠪᠠᠲᠤ ᠵᠣᠷᠢᠭ ᠰᠠᠨᠠᠭ᠎ᠠ᠂ ᠵᠣᠬᠢᠴᠠᠩᠭᠤᠢ | ᠠᠵᠢᠯᠯᠠᠭ᠎ᠠ᠂ ᠬᠦᠴᠦᠷᠬᠡᠭ ᠶᠡᠭᠡ ᠲᠠᠶᠢᠴᠢᠨ ᠬᠦᠴᠦᠨ ᠢ ᠢᠮᠠᠭᠲᠠ ᠪᠠᠲᠤᠯᠠᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ | ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠃ | ᠬᠥᠭᠵᠢᠯᠲᠡ ᠶᠢᠨ ᠪᠠᠶᠢᠳᠠᠯ ᠢ ᠲᠣᠳᠣᠷᠬᠠᠢ ᠲᠠᠨᠢᠵᠤ ᠂ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠣᠨᠣᠪᠴᠢᠲᠠᠢ ᠡᠵᠡᠮᠳᠡᠵᠦ ᠂ | ᠴᠢᠨᠠᠷ ᠰᠠᠶᠢᠲᠠᠢ ᠬᠥᠭᠵᠢᠯᠲᠡ᠂ ᠥᠨᠳᠥᠷ ᠦᠨ᠎ᠡ ᠦᠷᠳᠡᠭ ᠲᠠᠢ ᠠᠮᠢ ᠠᠬᠤᠢ ᠂ ᠥᠨᠳᠥᠷ ᠴᠢᠨᠠᠷᠵᠢᠯ ᠲᠠᠢ ᠠᠮᠢᠳᠤᠷᠠᠯ ᠂ ᠥᠨᠳᠥᠷ ᠦᠷ᠎ᠡ ᠪᠦᠲᠦᠮᠵᠢ ᠲᠠᠢ | ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠂ ᠠᠭᠤᠷᠬᠠᠢ ᠶᠢᠨ ᠣᠷᠣᠨ ᠤ | ᠣᠷᠴᠢᠨ ᠲᠣᠭᠤᠷᠢᠨ ᠤ ᠴᠢᠨᠠᠷᠵᠢᠯ ᠢ ᠳᠡᠭᠡᠭᠰᠢᠯᠡᠭᠦᠯᠬᠦ ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠃ | ᠪᠣᠳᠠᠲᠠᠢ ᠠᠵᠢᠯᠯᠠᠵᠤ ᠦᠷ᠎ᠡ ᠠᠰᠢᠭ ᠢᠶᠠᠨ ᠨᠡᠮᠡᠭᠳᠡᠭᠦᠯᠵᠤ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠶᠢ ᠪᠠᠷᠢᠮᠳᠠᠯᠠᠨ ᠂ ᠦᠵᠡᠯ ᠰᠠᠨᠠᠭ᠎ᠠ ᠪᠠᠨ | ᠴᠢᠯᠦᠭᠡᠯᠡᠬᠦ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠂ ᠪᠣᠭᠤᠮᠲᠠ ᠰᠢᠪᠲᠤᠯᠬᠤ ᠴᠢᠳᠠᠪᠤᠷᠢ ᠶᠢᠨ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠂ | ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢᠨ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠂ ᠬᠠᠮᠵᠢᠯᠴᠠᠬᠤ ᠬᠠᠮᠲᠤᠷᠠᠯ ᠬᠦᠴᠦᠨ ᠤ ᠲᠠᠯ᠎ᠠ ᠪᠠᠷ ᠰᠢᠨ᠎ᠡ | ᠳᠡᠭᠡᠭᠰᠢᠯᠡᠯᠲᠡ ᠲᠠᠢ ᠪᠠᠶᠢᠬᠤ ᠶᠢ ᠪᠡᠶᠡᠯᠡᠭᠦᠯᠵᠦ ᠂ ᠪᠦᠬᠦ ᠲᠠᠯ᠎ᠠ ᠠᠴᠠ ᠲᠥᠯᠥᠪᠵᠢᠭᠦᠯᠤᠨ ᠂ ᠤᠯᠠᠨ ᠲᠦᠮᠡᠨ ᠤ ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠵᠤ ᠂ | ᠪᠠᠴᠢᠮ ᠬᠦᠴᠢᠷᠲᠡᠢ ᠠᠶᠤᠯᠲᠠᠢ ᠠᠰᠠᠭᠤᠳᠠᠯ ᠤᠨ ᠳᠤᠮᠳᠠ ᠠᠴᠠ ᠬᠦᠴᠢᠷ ᠠᠰᠠᠭᠤᠳᠠᠯ ᠢ ᠰᠢᠢᠳᠪᠦᠷᠢᠯᠡᠵᠦ ᠂ ᠳᠠᠪᠠᠭᠤᠯᠢᠭ ᠤᠨ ᠳᠤᠮᠳᠠ ᠬᠦᠴᠦᠯᠡᠨ ᠴᠢᠷᠮᠠᠶᠢᠵᠤ ᠂ | ᠥᠷᠢᠰᠦᠯᠳᠦᠭᠡᠨ ᠤ ᠳᠤᠮᠳᠠ ᠠᠵᠠ ᠲᠣᠬᠢᠶᠠᠯ ᠢ ᠠᠳᠬᠤᠵᠤ ᠂ ᠠᠵᠢᠯ ᠬᠢᠵᠦ ᠴᠢᠳᠠᠬᠤ ᠡᠭᠦᠷᠭᠡᠯᠡᠯ ᠂ ᠠᠵᠢᠯ ᠬᠢᠵᠦ ᠴᠢᠳᠠᠬᠤ ᠴᠢᠳᠠᠪᠤᠷᠢ᠂ ᠠᠵᠢᠯ ᠬᠢᠵᠦ ᠪᠦᠲᠦᠭᠡᠬᠦ | ᠴᠢᠳᠠᠪᠤᠷᠢ ᠲᠠᠢ ᠰᠢᠨ᠎ᠡ ᠴᠠᠭ ᠦᠶ᠎ᠡ ᠶᠢᠨ ᠪᠣᠳᠠᠲᠠᠢ ᠠᠵᠢᠯᠯᠠᠭᠴᠢ᠂ ᠴᠢᠷᠮᠠᠶᠢᠨ ᠲᠡᠮᠡᠴᠡᠭᠴᠢ ᠪᠤᠯᠵᠤ ᠂ ᠭᠤᠣᠯ ᠰᠡᠳᠦᠪᠲᠦ ᠬᠥᠮᠦᠵᠢᠯ ᠤᠨ ᠠᠵᠢᠯ ᠤᠨ ᠯᠠᠪᠳᠠᠭᠤᠨ | ᠪᠠᠲᠤᠲᠠᠢ ᠦᠷ᠎ᠡ ᠪᠦᠲᠦᠭᠡᠯ ᠣᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠪᠠ᠃ | ᠵᠡᠭᠦᠨᠭᠠᠷ ᠵᠤᠤ ᠪᠠᠯᠭᠠᠰᠤ ᠶᠢᠨ ᠪᠦᠬᠦ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠨᠠᠷ᠂ ᠬᠤᠰᠢᠭᠤ᠂ ᠪᠠᠯᠭᠠᠰᠤ ᠬᠤᠶᠠᠷ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠠᠷᠢᠮ ᠲᠥᠯᠥᠭᠡᠯᠡᠭᠴᠢ᠂ ᠲᠣᠰᠬᠤᠨ ᠤ︽ᠬᠤᠶᠠᠷ ᠵᠥᠪᠯᠡᠯ︾ ᠤᠨ ᠬᠠᠷᠢᠭᠤᠴᠠᠯᠭᠠᠲᠠᠨ ᠨᠦᠬᠦᠳ ᠭᠤᠣᠯ ᠰᠡᠳᠦᠪᠲᠦ | ᠨᠠᠮ ᠤᠨ ᠬᠢᠴᠢᠶᠡᠯ ᠤᠨ ᠤᠬᠠᠭᠤᠯᠤᠨ ᠲᠠᠶᠢᠯᠪᠤᠷᠢᠯᠠᠯᠲᠠ ᠳᠤ ᠣᠷᠣᠯᠴᠠᠪᠠ᠃ | | | |