| 11 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ | ᠰᠢᠯᠢᠳᠡᠭ ᠤᠯᠠᠮᠵᠢᠯᠠᠯ ᠢ ᠰᠤᠷᠤᠯᠴᠠᠨ ᠦᠢᠯᠡᠳᠦᠯᠭᠡᠵᠢᠭᠦᠯᠵᠦ ᠂ ᠵᠡᠭᠦᠨᠭᠠᠷ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠲᠤᠬᠠᠢ ᠶᠢᠨ | ᠲᠠᠯᠠᠪᠠᠢ ᠶᠢᠨ ᠠᠯᠪᠠᠯᠠᠬᠤ ᠬᠤᠷᠠᠯ ᠬᠤᠷᠠᠯᠳᠤᠭᠤᠯᠵᠤ ᠂ ᠲᠣᠪᠣᠶᠢᠮ᠎ᠠ ᠠᠰᠠᠭᠤᠳᠠᠯ ᠢ ᠨᠢᠭᠤᠷᠲᠠᠨ ᠰᠢᠢᠳᠪᠦᠷᠢᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ | ᠯᠢ ᠬᠤᠷᠠᠯ ᠢ ᠡᠷᠭᠢᠯᠡᠭᠰᠡᠨ ᠤ ᠬᠠᠮᠲᠤ ᠶᠠᠷᠢᠶ᠎ᠠ ᠲᠠᠯᠪᠢᠵᠠᠢ᠃ ᠬᠤᠲᠠ᠂ ᠬᠤᠰᠢᠭᠤ ᠂ ᠰᠢᠶᠠᠩ ᠪᠠᠯᠭᠠᠰᠤ ᠶᠢᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠨᠥᠬᠦᠳ | ᠣᠷᠣᠯᠴᠠᠵᠠᠢ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠤᠮᠫᠠᠨᠢ ᠂ ᠬᠠᠨ ᠰᠢᠶᠠ ᠰᠢᠨ᠎ᠡ ᠡᠨᠧᠷᠭᠢ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠰᠢᠩ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠂ ᠭᠦᠸᠧ | ᠵᠢᠢ ᠬᠤᠸᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠳᠤ ᠬᠦᠷᠴᠦ ᠂ ᠲᠤᠬᠠᠢ ᠶᠢᠨ ᠲᠠᠯᠠᠪᠠᠢ ᠳᠤ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ | ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦ᠋ ᠰᠢᠨ | ᠶᠠ ᠠᠴᠠ ᠵᠡᠭᠦᠨᠭᠠᠷ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠯᠪᠣᠭᠳᠠᠯ ᠪᠦᠬᠦᠢ ᠬᠦᠷᠢᠶ᠎ᠡ ᠴᠠᠷᠠᠭᠠᠨ ᠳᠠᠬᠢ ᠬᠤᠲᠠ ᠶᠢᠨ ᠲᠠᠰ ᠤᠨ | ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠤᠴᠢᠷ ᠶᠠᠪᠤᠳᠠᠯ ᠢ ᠳᠤᠷᠠᠳᠴᠤ ᠂ ᠨᠠᠷᠠᠰᠤᠨ ᠪᠠᠯᠭᠠᠰᠤ ᠂ ᠵᠡᠭᠦᠨᠭᠠᠷ ᠵᠣᠣ ᠪᠠᠯᠭᠠᠰᠤ ᠂ ᠯᠦᠩ ᠺᠧᠦ ᠪᠠᠯᠭᠠᠰᠤ ᠂ ᠸᠧᠢ ᠵᠢᠶᠠ | ᠮᠣᠣ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠪᠣᠳᠠᠲᠠᠢ ᠬᠦᠰᠡᠯ ᠱᠠᠭᠠᠷᠳᠠᠯᠭ᠎ᠠ ᠪᠠᠨ ᠳᠤᠷᠠᠳᠴᠤ ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠦ᠋ ᠼᠦᠢ ᠹᠠᠩ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠬᠠᠷᠢᠭᠤᠯᠲᠠ ᠥᠭᠴᠡᠢ᠃ | ᠯᠢ ᠯᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ᠪᠣᠯ ᠶᠡᠷᠦᠩᠬᠡᠢ ᠱᠦᠵᠢ ᠰᠢ ᠶᠢᠨ ᠫᠢᠩ ᠤᠨ ᠹᠦᠵᠢᠶᠠᠨ ᠤ ᠨᠢᠩᠳᠧ ᠳᠤ ᠠᠵᠢᠯᠯᠠᠵᠤ | ᠪᠠᠶᠢᠬᠤ ᠳᠠᠭᠠᠨ ᠶᠡᠭᠡ ᠪᠠᠷ ᠰᠠᠨᠠᠭᠠᠴᠢᠯᠠᠵᠤ ᠪᠡᠶ᠎ᠡ ᠪᠠᠷ ᠢᠶᠠᠨ ᠬᠡᠷᠡᠭᠵᠢᠭᠦᠯᠵᠦ ᠪᠠᠶᠢᠭᠠᠳ ᠪᠦᠷᠢᠯᠳᠦᠭᠦᠯᠦᠭᠰᠡᠨ ᠠᠵᠢᠯ ᠤᠨ ᠠᠷᠭ᠎ᠠ ᠪᠣᠯᠣᠨ ᠠᠵᠢᠯ ᠤᠨ ᠳᠦᠷᠢᠮ | ᠪᠣᠯᠣᠨ᠎ᠠ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠦᠨᠳᠦᠰᠦᠨ ᠱᠠᠭᠠᠷᠳᠠᠯᠭ᠎ᠠ᠂ ᠬᠠᠷᠠᠯᠲᠠ ᠴᠢᠭᠯᠡᠯ ᠂ | ᠠᠷᠭ᠎ᠠ ᠵᠠᠮ ᠢ ᠣᠨᠣᠪᠴᠢᠲᠠᠶ ᠡᠵᠡᠮᠰᠢᠵᠦ ᠂ ᠰᠤᠷᠤᠯᠴᠠᠨ ᠦᠢᠯᠡᠳᠦᠯᠭᠡᠵᠢᠭᠦᠯᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ | ᠬᠡᠷᠡᠭᠲᠡᠢ᠃ ᠦᠨᠳᠦᠰᠦᠨ ᠱᠠᠲᠤᠨ ᠳᠤ ᠦᠨᠡᠨ ᠬᠦ ᠪᠠᠭᠤᠵᠤ ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ᠠᠵᠢᠯᠯᠠᠭ᠎ᠠ ᠶᠢ ᠥᠷᠨᠢᠭᠦᠯᠬᠦ ᠶᠢ ᠭᠤᠣᠯ | ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠤᠨ᠂ ᠬᠤᠶᠢᠰᠢᠳᠠ ᠶᠢᠨ ᠡᠯ᠎ᠡ ᠲᠦᠷᠦᠯ ᠤᠨ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ | ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠦᠨᠳᠦᠰᠦᠨ ᠱᠠᠲᠤᠨ ᠤ ᠲᠤᠰᠬᠠᠭᠰᠠᠨ ᠠᠰᠠᠭᠤᠳᠠᠯ ᠢ ᠵᠦᠢᠯ ᠳᠠᠷᠠᠭᠠᠯᠠᠨ ᠰᠢᠢᠳᠪᠦᠷᠢᠯᠡᠵᠦ ᠂ ᠴᠢᠬᠤᠯᠠ | ᠶᠡᠭᠡ ᠬᠡᠷᠡᠭ ᠶᠠᠪᠤᠳᠠᠯ ᠢ ᠲᠡᠰ ᠳᠡᠪᠰᠢᠭᠦᠯᠦᠨ ᠱᠠᠯᠠᠪᠳᠠᠭᠤᠯᠤᠨ ᠰᠢᠢᠳᠪᠦᠷᠢᠯᠡᠭᠦᠯᠵᠦ ᠂ ᠬᠦᠴᠦᠯᠡᠨ ᠵᠣᠬᠢᠴᠠᠭᠤᠯᠵᠤ ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠠᠷᠰᠢ | ᠰᠠᠭᠠᠳ ᠢ ᠠᠷᠢᠯᠭᠠᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠦᠨᠡᠨ ᠬᠦ ᠠᠳᠬᠤᠵᠤ ᠂ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠨ᠂ ᠠᠰᠠᠭᠤᠳᠠᠯ ᠳᠤ | ᠴᠢᠭᠯᠡᠭᠦᠯᠵᠦ᠂ ᠠᠰᠠᠭᠤᠳᠠᠯ ᠢ ᠠᠩᠬᠠᠷᠤᠨ ᠵᠠᠰᠠᠵᠤ ᠂ ᠠᠵᠢᠯ ᠢᠶᠠᠨ ᠨᠠᠷᠢᠨ ᠪᠣᠳᠠᠲᠠᠢ ᠠᠳᠬᠤᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ | ᠦᠨᠡᠨ ᠬᠦ ᠴᠢᠬᠤᠯᠠᠴᠢᠯᠠᠵᠤ ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠂ ᠲᠤᠬᠠᠢ ᠶᠢᠨ ᠲᠠᠯᠠᠪᠠᠢ ᠳᠤ ᠠᠯᠪᠠᠯᠠᠬᠤ ᠶᠢ | ᠪᠠᠶᠢᠩᠭᠤᠵᠢᠭᠤᠯᠤᠨ ᠥᠷᠨᠢᠭᠦᠯᠵᠦ ᠂ ᠨᠢᠭᠡᠳᠦᠭᠡᠷ ᠹᠷᠣᠨᠲ ᠲᠤ ᠬᠠᠮᠤᠭ ᠤᠨ ᠲᠤᠯᠭᠠᠮ᠂ ᠬᠠᠮᠤᠭ ᠤᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ ᠂ ᠠᠰᠠᠭᠤᠳᠠᠯ ᠢ | ᠰᠢᠢᠳᠪᠦᠷᠢᠯᠡᠭᠰᠡᠨ ᠦᠷ᠎ᠡ ᠪᠦᠲᠦᠮᠵᠢ ᠪᠠᠷ ᠡᠯ᠎ᠡ ᠲᠦᠷᠦᠯ ᠤᠨ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠢ᠃ ᠵᠡᠭᠦᠨᠭᠠᠷ ᠬᠤᠰᠢᠭᠤᠨ ᠤ | ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠂ | ᠮᠠᠨ ᠤ ᠬᠤᠳᠠ ᠶᠢᠨ︽ᠰᠢᠨ᠎ᠡ ᠠᠶᠠᠨ ᠳᠤ ᠤᠷᠤᠭᠰᠢᠯᠠᠵᠤ ᠂ ᠡᠮᠦᠨᠡᠡ᠊ᠩᠨᠡᠭᠡᠨ ᠳᠤ ᠣᠷᠣᠬᠤ︾ᠬᠠᠷᠠᠯᠲᠠ ᠶᠢ ᠲᠣᠭᠲᠠᠭᠠᠵᠤ ᠂ ᠡᠯ᠎ᠡ ᠲᠦᠷᠦᠯ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ ᠂ ᠪᠦᠭᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠪᠡ᠃ | | |